ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ
ᠨᠡᠶᠢᠲᠡᠯᠡᠭᠰᠡᠨ ᠴᠠᠭ᠄
2023/3/20
    3 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠢᠶᠠ ᠶᠤᠸᠠᠢ ᠹᠧᠩ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢ ᠶᠢᠨ ᠫᠢᠩ ᠨᠥᠬᠦᠷ ᠪᠦᠷᠢᠨ ᠪᠢᠯᠧᠲ ᠢᠶᠠᠷ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠭᠰᠠᠨ ᠨᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠠᠮᠲᠤ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠭᠦᠢᠴᠡᠳ ᠲᠤᠰᠬᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ ᠶᠢ ᠲᠤᠶᠢᠯ ᠤᠨ ᠶᠡᠭᠡ ᠪᠠᠷ ᠵᠣᠷᠢᠭᠵᠢᠭᠤᠯᠪᠠ᠃    ᠬᠤᠷᠠᠯ ᠠᠴᠠ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ  ᠤ ᠴᠢᠬᠤᠯᠠ ᠶᠠᠷᠢᠶᠠᠨ  ᠤ ᠵᠣᠷᠢᠭ ᠰᠠᠨᠠᠭ᠎ᠠ ᠪᠣᠯᠣᠨ ᠪᠦᠬᠦ ᠤᠯᠤᠰ  ᠤᠨ ᠬᠤᠶᠠᠷ ᠬᠤᠷᠠᠯ  ᠤᠨ ᠪᠠᠶᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ︽ᠬᠤᠶᠠᠷ  ᠢ ᠲᠣᠭᠲᠠᠭᠠᠬᠤ︾︾ ᠶᠢ ᠡᠷᠡᠰ ᠬᠦᠷᠢᠶᠡᠯᠡᠵᠦ᠂ ︽ᠬᠤᠶᠠᠷ  ᠢ ᠬᠠᠮᠠᠭᠠᠯᠠᠬᠤ︾︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ  ᠢ ᠴᠢᠩᠭ᠎ᠠ ᠲᠠᠭᠠᠵᠤ ᠰᠢᠨ᠎ᠡ ᠲᠡᠦᠬᠡ ᠶᠢᠨ ᠠᠭᠤᠤ ᠦᠢᠯᠡᠰ  ᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾  ᠳᠤ ᠪᠦᠲᠦᠭᠡᠯᠴᠢ ᠪᠠᠷ ᠠᠭᠤᠰᠤᠯᠴᠠᠨ ᠦᠢᠯᠡᠴᠢᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠣᠬᠢᠷᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号