ᠶᠡᠷᠦᠩᠬᠡᠢ ᠱᠦᠵᠢ ᠶᠢ ᠳᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠭ᠊
ᠨᠡᠶᠢᠲᠡᠯᠡᠭᠰᠡᠨ ᠴᠠᠭ᠄
2023/3/20
    ᠪᠦᠬᠦ ᠤᠯᠤᠰ ᠤᠨ ᠬᠤᠶᠠᠷ ᠬᠤᠷᠠᠯ ᠲᠡᠭᠦᠰᠬᠦ ᠲᠠᠢ ᠵᠡᠷᠭᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠠᠷᠤᠢ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠪᠥᠬᠦ ᠣᠷᠣᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ᠂ ᠰᠤᠷᠤᠯᠴᠠᠵᠤ ᠤᠬᠠᠭᠤᠯᠤᠨ ᠲᠤᠤᠱᠯᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃    ᠦᠪᠡᠳᠡᠭᠰᠢ ᠶᠡᠭᠡ ᠴᠠᠭ ᠦᠶ᠎ᠡ ᠳᠤ ᠦᠪᠡᠳᠡᠭᠰᠢ ᠶᠡᠭᠡ ᠬᠤᠷᠠᠯ ᠬᠤᠷᠠᠯᠳᠤᠵᠤ᠂ ᠦᠪᠡᠳᠡᠭᠰᠢ ᠶᠡᠭᠡ ᠬᠤᠷᠠᠯ ᠳᠤ ᠠᠤᠭ᠎ᠠ ᠲᠥᠰᠥᠪ ᠢ ᠵᠢᠷᠤᠭᠯᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ ᠤ ᠳᠠᠷᠠᠭᠠᠬᠢ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠪᠣᠯᠤᠭᠰᠠᠨ ᠤ ᠬᠤᠪᠢ ᠳᠤ᠂ ᠬᠤᠷᠠᠯ ᠤᠨ ᠦᠷ᠎ᠡ ᠪᠦᠲᠦᠭᠡᠯ ᠡᠯᠪᠡᠭ ᠪᠠᠶᠠᠯᠢᠭ ᠪᠠᠶᠢᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ᠂ ᠠᠯᠤᠰ ᠬᠡᠳᠦ ᠶᠢᠨ ᠨᠥᠯᠥᠭᠡ ᠲᠠᠢ ᠶᠤᠮ᠃ ᠰᠢᠨ᠎ᠡ ᠨᠢᠭᠡ ᠬᠤᠭᠤᠴᠠᠭᠠᠨ ᠤ ᠲᠦᠷᠦ ᠶᠢᠨ ᠪᠠᠶᠢᠭᠤᠯᠤᠮᠵᠢ ᠪᠣᠯᠣᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠥᠰ ᠢ ᠰᠣᠩᠭᠤᠨ ᠭᠠᠷᠭᠠᠭᠰᠠᠨ ᠪᠠ ᠲᠤᠰᠢᠶᠠᠯ ᠳᠤ ᠲᠣᠮᠢᠯᠠᠬᠤ ᠪᠠᠷ ᠲᠣᠭᠲᠠᠭᠠᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠰᠠᠭᠤᠷᠢ ᠪᠣᠯᠣᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠠᠢ᠃ ᠢᠯᠠᠩᠭᠤᠶ᠎ᠠ ᠰᠢ ᠶᠢᠨ ᠫᠢᠩ ᠨᠥᠬᠦᠷ ᠪᠦᠷᠢᠨ ᠪᠢᠯᠧᠲ ᠢᠶᠠᠷ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠭᠰᠠᠨ ᠨᠢ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ᠂ ᠬᠠᠮᠲᠤ ᠶᠢᠨ ᠬᠦᠰᠡᠯ ᠡᠷᠡᠮᠡᠯᠵᠡᠯ᠂ ᠬᠠᠮᠲᠤ ᠶᠢᠨ ᠬᠦᠰᠡᠯ ᠢ ᠭᠦᠢᠴᠡᠳ ᠲᠤᠰᠬᠠᠵᠤ᠂ ᠲᠦᠭ ᠲᠦᠮᠡᠨ ᠠᠷᠠᠳ ᠲᠦᠮᠡᠨ ᠤ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠣᠮᠤᠭ ᠵᠣᠷᠢᠭ ᠪᠠ ᠲᠡᠮᠡᠴᠡᠯ ᠤᠨ ᠵᠣᠷᠢᠭ ᠢ ᠲᠤᠶᠢᠯ ᠤᠨ ᠶᠡᠭᠡ ᠪᠠᠷ ᠬᠥᠭᠵᠢᠭᠡᠪᠡ᠃    ᠲᠦᠮᠡᠨ ᠠᠭᠤᠯᠠ ᠠᠤᠭ᠎ᠠ ᠰᠦᠷᠯᠢᠭ ᠪᠣᠯᠪᠠᠰᠤ ᠯᠠᠪᠲᠠᠢ ᠭᠤᠣᠯ ᠤᠷᠬᠢᠯ ᠲᠠᠢ ᠪᠣᠯᠣᠮᠤᠢ︔ ᠣᠩᠭᠤᠴᠠᠨ ᠤ ᠬᠦᠨᠳᠦ ᠨᠢ ᠮᠢᠩᠭᠠᠨ ᠵᠢᠩ ᠳᠤ ᠬᠦᠷᠴᠦ᠂ ᠨᠢᠭᠡ ᠬᠥᠮᠥᠨ ᠤ ᠵᠠᠯᠠᠭᠤᠷ ᠢ ᠠᠳᠬᠤᠨ᠎ᠠ᠃ ᠰᠢᠨ᠎ᠡ ᠴᠠᠭ ᠦᠶ᠎ᠡ ᠠᠴᠠ ᠨᠠᠰᠢᠬᠢ ᠡᠨᠡ 10 ᠵᠢᠯ ᠢ ᠡᠷᠭᠢᠴᠡᠭᠦᠯᠪᠡᠯ᠂ ᠨᠠᠮ ᠪᠣᠯᠣᠨ ᠤᠯᠤᠰ ᠤᠨ ᠠᠵᠢᠯ ᠦᠢᠯᠡᠰ ᠳᠡᠯᠡᠬᠡᠢ ᠳᠤ ᠬᠤᠪᠣᠷ᠂ ᠲᠡᠦᠬᠡᠨ ᠳᠤ ᠬᠤᠪᠣᠷᠬᠠᠨ ᠲᠣᠬᠢᠶᠠᠯᠳᠤᠬᠤ ᠠᠶᠤᠯ ᠲᠦᠭᠰᠢᠭᠦᠷᠢ ᠥᠷᠢᠰᠦᠯᠳᠦᠭᠡᠨ ᠤ ᠳᠤᠮᠳᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ ᠴᠢᠳᠠᠭᠰᠠᠨ ᠤ ᠬᠠᠮᠤᠭ ᠤᠨ ᠦᠨᠳᠦᠰᠦᠨ ᠰᠢᠯᠲᠠᠭᠠᠨ ᠨᠢ ᠳᠠᠷᠤᠢ ᠰᠢ ᠶᠢᠨ ᠫᠢᠩ ᠶᠡᠷᠦᠩᠬᠡᠢ ᠱᠦᠵᠢ ᠶᠢᠨ ᠵᠢᠯᠣᠭᠤᠳᠤᠮᠵᠢ ᠲᠠᠢ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠲᠠᠢ ᠪᠠᠶᠢᠭᠰᠠᠨ ᠳᠤ ᠪᠤᠢ᠃ ᠰᠢ ᠶᠢᠨ ᠫᠢᠩ ᠶᠡᠷᠦᠩᠬᠡᠢ ᠱᠦᠵᠢ ᠨᠠᠮ ᠤᠨ ᠭᠤᠣᠯᠯᠠᠭᠴᠢ᠂ ᠠᠷᠠᠳ ᠲᠦᠮᠡᠨ ᠤ ᠤᠳᠤᠷᠢᠳᠤᠭᠴᠢ᠂ ᠴᠡᠷᠢᠭ ᠠᠩᠬᠢ ᠶᠢᠨ ᠲᠦᠩᠱᠤᠸᠠᠢ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠵᠠᠮᠴᠢᠯᠠᠭᠴᠢ᠂ ᠲᠦᠭ ᠲᠦᠮᠡᠨ ᠠᠷᠠᠳ ᠲᠦᠮᠡᠨ ᠤ ᠲᠦᠰᠢᠭ ᠲᠤᠯᠭᠠᠭᠤᠷᠢ ᠪᠣᠯᠬᠤ ᠪᠠᠨ ᠭᠤᠲᠤᠭᠠᠭᠰᠠᠨ ᠦᠭᠡᠢ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ ᠪᠦᠬᠦ ᠣᠷᠣᠨ ᠢᠶᠠᠷ ᠢᠶᠠᠨ ᠵᠠᠪᠠᠯ ᠤᠯᠤᠰ ᠲᠥᠷᠥ ᠶᠢᠨ᠂ ᠪᠠᠶᠢᠯᠳᠤᠬᠤ ᠪᠣᠳᠣᠯᠭ᠎ᠠ ᠶᠢᠨ᠂ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠢᠮᠠᠭᠲᠠ ᠬᠠᠮᠤᠭ ᠤᠨ ᠶᠡᠭᠡ ᠤᠯᠤᠰ ᠲᠦᠷᠦ᠂ ᠬᠠᠮᠤᠭ ᠤᠨ ᠶᠡᠭᠡ ᠶᠡᠭᠡ ᠲᠠᠯ᠎ᠠ᠂ ᠬᠠᠮᠤᠭ ᠤᠨ ᠦᠨᠳᠦᠰᠦᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠪᠦᠯᠬᠦᠮᠳᠡᠬᠦ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ  ᠢ ᠴᠢᠩᠭ᠎ᠠ ᠲᠠᠭᠠᠵᠤ ᠰᠢᠨ᠎ᠡ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠨ᠎ᠡ᠃    ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠭᠦᠰᠬᠦ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠰᠦᠷ ᠵᠢᠪᠬᠤᠭ᠎ᠠ ᠲᠠᠢ ᠪᠥᠭᠡᠳ ᠨᠦᠰᠡᠷ ᠬᠦᠨᠳᠦ ᠪᠠᠶᠢᠵᠤ᠂ ᠬᠡᠩᠭᠡᠷᠭᠡ ᠳᠡᠯᠡᠳᠦᠨ ᠠᠶᠠᠯᠠᠬᠤ ᠪᠠᠷ ᠰᠢᠪᠠᠳᠠᠵᠤ᠂ ᠪᠢᠳᠡᠨ  ᠢ ᠳᠤᠮᠳᠠᠳᠤ  ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ  ᠶᠢ ᠪᠡᠶᠡᠯᠡᠭᠦᠯᠬᠦ ᠳᠤ ᠨᠡᠩ ᠢᠲᠡᠭᠡᠯ ᠲᠡᠭᠦᠯᠳᠡᠷ ᠪᠣᠯᠭᠠᠵᠠᠢ᠃ ᠪᠦᠬᠦ ᠣᠷᠣᠨ ᠤ ᠡᠯ᠎ᠡ ᠱᠠᠲᠤ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ  ᠤ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠰᠡᠳᠬᠢᠯ ᠨᠢᠭᠡᠳᠦᠨ ᠪᠣᠳᠣᠯᠬᠢᠯᠠᠵᠤ᠂ ᠤᠶᠤᠨ ᠤᠬᠠᠭᠠᠨ ᠨᠢᠭᠡᠳᠦᠨ ᠰᠦᠪᠡᠭᠴᠢᠯᠡᠵᠦ᠂ ᠬᠦᠴᠦᠨ ᠴᠢᠳᠠᠯ ᠢᠶᠠᠨ ᠨᠢᠭᠡᠳᠬᠡᠨ ᠠᠵᠢᠯᠯᠠᠵᠤ᠂ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠵᠢᠯ ᠤᠨ ᠳᠤᠮᠳᠠ ᠦᠨᠡᠨᠬᠦ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠲᠤᠷᠤᠨ᠎ᠠ ᠶᠢᠨ ᠰᠠᠯᠬᠢᠨ ᠤ ᠨᠢᠳᠦ ᠳᠦᠭᠦᠷᠡᠩ ᠬᠠᠪᠤᠷ᠂ ᠲᠦᠮᠡᠨ ᠭᠠᠵᠠᠷ ᠤᠨ ᠠᠶᠠᠨ ᠳᠤ ᠡᠷᠡᠯᠬᠡᠭᠯᠡᠨ ᠤᠷᠤᠭᠰᠢᠯᠠᠬᠤ ᠶᠢ ᠬᠦᠰᠡᠮᠦᠢ᠃ ᠪᠦᠬᠦ ᠤᠯᠤᠰ ᠤᠨ ᠬᠤᠶᠠᠷ ᠬᠤᠷᠠᠯ ᠠᠴᠠ ᠤᠷᠤᠭᠰᠢᠯᠠᠯᠲᠠ ᠶᠢᠨ ᠰᠢᠨ᠎ᠡ ᠪᠦᠷᠢᠶ᠎ᠡ ᠶᠢ ᠬᠠᠩᠭᠢᠨᠠᠭᠤᠯᠵᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠷᠢᠬᠠᠨ ᠬᠠᠪᠤᠷ ᠤᠨ ᠲᠤᠶᠠᠭ᠎ᠠ ᠶᠢ ᠤᠭᠲᠤᠨ᠂ ᠬᠡᠬᠦᠳᠡᠭ ᠳᠦᠭᠦᠷᠡᠩ ᠢᠯᠠᠯᠲᠠ ᠣᠯᠬᠤ ᠢᠲᠡᠭᠡᠯ ᠵᠣᠷᠢᠭ ᠢ ᠡᠪᠦᠷᠯᠡᠵᠦ᠂ ᠰᠢᠨ᠎ᠡ ᠬᠠᠷᠠᠯᠲᠠ ᠲᠡᠰᠢ ᠤᠷᠤᠭᠰᠢᠯᠠᠵᠤ᠂ ᠡᠷᠡᠯᠬᠡᠭᠯᠡᠨ ᠲᠡᠮᠡᠴᠡᠵᠡᠭᠡᠶ᠎ᠡ᠃  
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号