ᠲᠠᠯ᠎ᠠ ᠨᠤᠲᠤᠭ ᠤᠨ ᠦᠨᠦᠷ ᠠᠮᠲᠠ ᠨᠡᠩ ᠣᠶᠢᠷ᠎ᠠ
ᠨᠡᠶᠢᠲᠡᠯᠡᠭᠰᠡᠨ ᠴᠠᠭ᠄
2023/3/27
      ᠬᠠᠪᠤᠷ ᠤᠨ ᠠᠭᠤᠷ ᠠᠮᠢᠰᠬᠤᠯ ᠢᠶᠠᠷ ᠪᠢᠯᠬᠠᠮ᠎ᠠ 3 ᠰᠠᠷ᠎ᠠ ᠳᠤ᠂ ᠪᠦᠬᠦ ᠤᠯᠤᠰ ᠤᠨ ᠬᠤᠶᠠᠷ ᠬᠤᠷᠠᠯ ᠰᠠᠶ᠋ᠢᠬᠠᠨ ᠲᠡᠭᠦᠰᠴᠦ᠂ ᠪᠦᠬᠦ ᠤᠯᠤᠰ ᠢᠶᠠᠷ ᠢᠶᠠᠨ ᠠᠵᠠ ᠲᠣᠬᠢᠶᠠᠯ ᠢ ᠠᠮᠵᠢᠨ ᠬᠥᠭᠵᠢᠯᠲᠡ ᠶᠢ ᠶᠡᠬᠡᠪᠡᠷ ᠠᠳᠬᠤᠵᠤ᠂ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠲᠠᠰᠢᠷᠠᠮ ᠢᠶᠠᠷ᠂ ︽ᠨᠣᠭᠤᠭᠠᠨ ᠪᠦᠲᠦᠭᠡᠭᠳᠡᠬᠦᠨ ᠴᠦᠩᠴᠢᠩ ᠠᠴᠠ ᠭᠠᠷᠬᠤ ᠳᠤ ᠪᠣᠯᠵᠤᠭ᠎ᠠ ᠲᠠᠢ︾ ᠪᠡᠭᠡᠵᠢᠩ ᠥᠪᠥᠷ ᠮᠣᠩᠭᠤᠯ ᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠲᠠᠨᠢᠯᠴᠠᠭᠤᠯᠬᠤ ᠬᠤᠷᠠᠯ ᠵᠢᠴᠢ ᠬᠠᠪᠰᠤᠷᠤᠨ ᠲᠡᠳᠬᠦᠬᠦ ᠪᠦᠲᠦᠭᠡᠭᠳᠡᠬᠦᠨ ᠤ ︽ᠲᠠᠪᠤ ᠶᠢ ᠣᠷᠣᠭᠤᠯᠬᠤ︾ ᠰᠢᠷᠢᠰ ᠠᠵᠢᠯᠯᠠᠭ᠎ᠠ ᠴᠦᠩᠴᠢᠩ ᠳᠤ ᠶᠠᠪᠤᠭᠳᠠᠪᠠ᠃ ᠡᠨᠡ ᠪᠣᠯ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠬᠦ ᠤᠯᠤᠰ ᠤᠨ ᠵᠠᠬ᠎ᠠ ᠳᠡᠯᠭᠡᠭᠦᠷ ᠢ ᠨᠡᠭᠡᠭᠡᠭᠰᠡᠨ ᠪᠠᠰᠠ ᠨᠢᠭᠡ ᠤᠳᠠᠭᠠᠨ ᠤ ᠲᠤᠷᠰᠢᠯᠲᠠ ᠮᠥᠨ᠂ ᠪᠡᠭᠡᠵᠢᠩ ᠥᠪᠥᠷ ᠮᠣᠩᠭᠤᠯ ᠴᠦᠩᠴᠢᠩ ᠭᠤᠷᠪᠠᠨ ᠭᠠᠵᠠᠷ ᠤᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠰᠢᠨ᠎ᠡ ᠬᠠᠭᠤᠳᠠᠰᠤ ᠶᠢ ᠨᠡᠭᠡᠭᠡᠭᠰᠡᠨ ᠨᠢᠭᠡ ᠤᠳᠠᠭᠠᠨ ᠤ ᠴᠢᠷᠮᠠᠶᠢᠯᠭ᠎ᠠ ᠮᠥᠨ᠃     3 ᠡᠳᠦᠷ ᠲᠤ᠂ ᠪᠡᠭᠡᠵᠢᠩ ᠥᠪᠥᠷ ᠮᠣᠩᠭᠤᠯ ᠴᠦᠩᠴᠢᠩ 3 ᠭᠠᠵᠠᠷ ᠤᠨ 557 ᠠᠵᠤ ᠠᠬᠤᠶᠢᠯᠠᠯ ᠤᠨ 2000 ᠭᠠᠷᠤᠢ ᠵᠦᠢᠯ ᠤᠨ ᠪᠣᠬᠢᠷᠳᠤᠯ ᠦᠭᠡᠢ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠬᠡᠪᠴᠢᠶ᠎ᠡ ᠪᠠᠷ ᠯᠤᠲᠤ ᠶᠡᠭᠡ᠂ ᠦᠨᠡᠨᠴᠢ ᠰᠡᠳᠬᠢᠯ ᠢᠶᠠᠷ ᠳᠦᠭᠦᠷᠡᠩ ᠪᠠᠶᠢᠨ᠎ᠠ᠃ ᠴᠦᠩᠴᠢᠩ ᠤᠨ ᠤᠯᠠᠨ ᠤᠯᠤᠰ ᠤᠨ ᠦᠵᠡᠰᠬᠦᠯᠡᠩ ᠤᠨ ᠲᠥᠪ ᠤᠨ 8000 ᠭᠠᠷᠤᠢ ᠲᠡᠭᠰᠢ ᠳᠥᠷᠪᠡᠯᠵᠢᠨ ᠮᠥ᠋ᠲᠷ ᠤᠨ ᠦᠵᠡᠭᠦᠯᠦᠯᠭᠡ ᠶᠢᠨ ᠲᠣᠭᠤᠷᠢᠭ ᠲᠤ᠂ ᠬᠥᠮᠥᠰ ᠤᠨ ᠲᠣᠯᠣᠭᠠᠢ ᠶᠢ ᠬᠥᠳᠡᠯᠭᠡᠵᠦ᠂ ᠠᠩᠬᠢᠯᠤᠮ᠎ᠠ ᠰᠠᠶᠢᠬᠠᠨ ᠦᠨᠦᠷ ᠬᠠᠩᠬᠤᠯᠵᠤ᠂ ᠦᠵᠡᠰᠬᠦᠯᠡᠩ ᠳᠤ ᠣᠷᠣᠯᠴᠠᠭᠰᠠᠨ ᠦᠢᠯᠡᠳᠪᠦᠷᠢ ᠬᠤᠳᠠᠯᠳᠤᠭᠠᠨ ᠤ ᠬᠢᠨ ᠴᠦᠩᠴᠢᠩ ᠤᠨ ᠬᠤᠳᠠ ᠶᠢᠨ ᠠᠷᠠᠳ ᠲᠤ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠨᠴᠠᠯᠢᠭ ᠤᠨ ᠳᠠᠪᠠᠭᠤᠯᠢᠭ ᠢ ᠲᠠᠨᠢᠯᠴᠠᠭᠤᠯᠤᠭᠰᠠᠨ ᠢᠶᠠᠷ ᠪᠠᠷᠠᠬᠤ ᠦᠭᠡᠢ ᠪᠠᠰᠠ ᠰᠢᠷᠠᠬᠤ ᠵᠢᠶᠠᠰᠠ ᠪᠣᠰᠬᠠᠵᠤ᠂ ᠬᠠᠯᠠᠭᠤᠨ ᠲᠣᠭᠤᠭ᠎ᠠ ᠨᠣᠴᠣᠭᠠᠵᠤ᠂ ᠲᠤᠬᠠᠢ ᠶᠢᠨ ᠲᠠᠯᠠᠪᠠᠢ ᠳᠤ ᠲᠠᠯ᠎ᠠ ᠨᠤᠲᠤᠭ ᠤᠨ ᠠᠮᠲᠠᠲᠤ ᠢᠳᠡᠭᠡᠨ ᠢ ᠬᠤᠭᠤᠯᠠ ᠪᠠᠵᠠᠭᠠᠪᠠ᠃ ᠦᠬᠡᠷ ᠬᠤᠨᠢᠨ ᠤ ᠮᠢᠬ᠎ᠠ ᠶᠢᠨ ᠠᠩᠬᠢᠯᠤᠮ᠎ᠠ ᠦᠨᠦᠷ᠂ ᠴᠠᠭᠠᠨ ᠢᠳᠡᠭᠡᠨ ᠤ ᠥᠳᠬᠡᠨ ᠦᠨᠦᠷ᠂ ᠴᠢᠴᠠᠷᠭᠠᠨ᠎ᠠ ᠶᠢᠨ ᠰᠢᠭᠦᠰᠦ ᠶᠢᠨ ᠬᠥᠬᠡ ᠵᠢᠮᠢᠰᠭᠡᠨ᠎ᠡ ᠶᠢᠨ ᠰᠢᠭᠦᠰᠦ ᠶᠢᠨ ᠠᠮᠲᠠᠲᠠᠢ᠂ ᠦᠵᠦᠮ ᠤᠨ ᠠᠷᠢᠬᠢ ᠶᠢᠨ ᠥᠳᠬᠡᠨ ᠵᠤᠵᠠᠭᠠᠨ ᠨᠢ ᠬᠤᠯᠢᠯᠳᠤᠭᠠᠳ ᠥᠪᠥᠷ ᠮᠣᠩᠭᠤᠯ ᠤᠨ ᠥᠪᠡᠷᠮᠢᠴᠡ ᠣᠨᠴᠠᠯᠢᠭ ᠲᠠᠢ ᠦᠨᠦᠷ ᠠᠮᠲᠠ ᠲᠠᠢ ᠪᠣᠯᠪᠠ᠃ ᠬᠥᠮᠥᠰ ᠠᠮᠲᠠᠲᠤ ᠢᠳᠡᠭᠡᠨ ᠤ ᠡᠮᠦᠨ᠎ᠡ ᠴᠤᠪᠤᠷᠠᠯᠳᠤᠨ᠂ ᠦᠵᠡᠭᠦᠯᠦᠯᠭᠡ ᠶᠢᠨ ᠡᠳ᠋ ᠤᠨ ᠡᠮᠦᠨ᠎ᠡ ᠵᠣᠭᠰᠣᠨ᠎ᠠ᠃ ︽ᠤᠤᠯ ᠦᠨᠦᠷ ᠠᠮᠲᠠ  ᠲᠠᠢ ᠥᠪᠥᠷ ᠮᠣᠩᠭᠤᠯ ᠤᠨ ᠪᠣᠬᠢᠷᠳᠤᠯ ᠦᠭᠡᠢ ᠣᠷᠭᠠᠨᠢᠭ ᠦᠬᠡᠷ ᠬᠤᠨᠢᠨ ᠮᠢᠬ᠎ᠠ᠂ ᠴᠢᠴᠠᠷᠭᠠᠨ᠎ᠠ  ᠶᠢᠨ ᠰᠢᠭᠦᠰᠦ ᠲᠠᠢ ᠤᠮᠳᠠᠭᠠᠨ  ᠢ ᠮᠠᠨ ᠤ ᠴᠦᠩᠴᠢᠩ ᠤᠨ ᠬᠠᠯᠠᠭᠤᠨ ᠲᠣᠭᠤᠭ᠎ᠠ ᠲᠠᠢ ᠲᠠᠭᠠᠷᠠᠭᠤᠯᠤᠭᠰᠠᠨ ᠨᠢ ᠯᠠᠪᠲᠠᠢ ︾ ᠢᠳᠡᠭᠡᠨ ᠤᠮᠳᠠᠭᠠᠨ ᠤ ᠦᠢᠯᠡᠰ ᠡᠷᠬᠢᠯᠡᠵᠦ ᠪᠠᠶᠢᠭ᠎ᠠ ᠴᠦᠩᠴᠢᠩ ᠤᠨ ᠬᠤᠳᠠ ᠶᠢᠨ ᠠᠷᠠᠳ ᠰᠢᠦᠢ ᠽᠦ ᠪᠢᠨ ᠨᠢᠭᠡᠨᠲᠡ ᠥᠪᠥᠷ ᠮᠣᠩᠭᠤᠯ ᠤᠨ ᠨᠢᠭᠡᠨ ᠠᠵᠤ ᠠᠬᠤᠶᠢᠯᠠᠯ ᠲᠠᠢ ᠬᠠᠮᠲᠤᠷᠠᠯᠴᠠᠬᠤ ᠰᠠᠨᠠᠭ᠎ᠠ ᠲᠠᠢ ᠪᠣᠯᠵᠠᠢ᠃     ︽ᠴᠦᠩᠴᠢᠩ ᠪᠣᠯ ᠳᠤᠮᠳᠠᠳᠤ ᠤᠯᠤᠰ ᠤᠨ ᠠᠮᠲᠠᠲᠤ ᠢᠳᠡᠭᠡᠨ ᠤ ᠬᠤᠲᠠ ᠮᠥᠨ᠂ ᠴᠦᠩᠴᠢᠩ ᠤᠨ ᠬᠠᠯᠠᠭᠤᠨ ᠲᠣᠭᠤᠭ᠎ᠠ ᠳᠡᠯᠡᠬᠡᠢ ᠳᠤ ᠠᠯᠳᠠᠷᠰᠢᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠦᠬᠡᠷ ᠤᠨ ᠮᠢᠬ᠎ᠠ᠂ ᠬᠤᠨᠢᠨ ᠮᠢᠬ᠎ᠠ᠂ ᠲᠥᠮᠥᠰᠥ ᠶᠢᠨ ᠹᠤᠨᠲ᠋ᠢᠶᠤᠤᠷ ᠪᠣᠯ ᠬᠠᠯᠠᠭᠤᠨ ᠲᠣᠭᠤᠭᠠᠨ ᠤ ᠴᠢᠬᠤᠯᠠ ᠲᠦᠭᠦᠬᠡᠢ ᠮᠠᠲ᠋ᠧᠷᠢᠶᠠᠯ ᠪᠣᠯᠣᠨ᠎ᠠ᠂ ᠥᠪᠥᠷ ᠮᠣᠩᠭᠤᠯ ᠤᠨ ᠣᠷᠭᠠᠨᠢᠭ ᠪᠣᠬᠢᠷᠳᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠴᠦᠩᠴᠢᠩ ᠳᠤ ᠣᠷᠣᠭᠤᠯᠪᠠᠯ᠂ ᠴᠦᠩᠴᠢᠩ ᠤᠨ ᠬᠤᠳᠠ ᠶᠢᠨ ᠠᠷᠠᠳ ᠤᠨ ᠬᠤᠭᠤᠯᠠᠨ ᠰᠢᠷᠡᠭᠡ ᠶᠢ ᠪᠠᠶᠠᠯᠢᠭᠵᠢᠭᠤᠯᠵᠤ᠂ ᠴᠦᠩᠴᠢᠩ ᠤᠨ ᠬᠤᠳᠠ ᠶᠢᠨ ᠠᠷᠠᠳ ᠲᠤ ᠥᠪᠥᠷ ᠮᠣᠩᠭᠤᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠬᠦ ᠪᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠤᠶᠠᠷ ᠲᠠᠯ᠎ᠠ ᠶᠢᠨ ᠰᠣᠯᠢᠯᠴᠠᠭ᠎ᠠ ᠶᠢ ᠠᠬᠢᠭᠤᠯᠬᠤ ᠳᠤ ᠵᠢᠱᠢᠶ᠎ᠡ ᠦᠵᠡᠭᠦᠯᠬᠦ ᠪᠣᠯᠣᠨ᠎ᠠ︾ᠭᠡᠵᠦ ᠬᠡᠯᠡᠪᠡ᠃ ᠭᠡᠵᠦ ᠴᠦᠩᠴᠢᠩ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠳ᠋ᠡ ᠴᠦᠨ ᠬᠡᠯᠡᠪᠡ᠃ᠲᠤᠬᠠᠢ ᠶᠢᠨ ᠲᠠᠯᠠᠪᠠᠢ ᠳᠤ ᠠᠮᠲᠠᠲᠤ ᠢᠳᠡᠭᠡᠨ ᠪᠠᠶᠢᠬᠤ ᠪᠠᠷ ᠪᠠᠷᠠᠬᠤ ᠦᠭᠡᠢ᠂ ᠠᠯᠠᠱᠠ ᠠᠴᠠ ᠢᠷᠡᠭᠰᠡᠨ ᠲᠡᠮᠡᠭᠡᠨ ᠤ ᠰᠢᠷᠢᠰ ᠪᠦᠲᠦᠭᠡᠭᠳᠡᠬᠦᠨ᠂ ᠴᠠᠭᠠᠨ ᠭᠤᠶᠣᠣ ᠰᠢᠷᠢᠰ ᠠᠷᠠᠰᠤ ᠬᠠᠮᠠᠭᠠᠯᠠᠬᠤ ᠡᠳ᠋ ᠪᠣᠯᠣᠨ ᠡᠷᠡᠭᠦᠯᠵᠢᠯ ᠤᠨ ᠡᠳ᠋ ᠴᠦ ᠤᠯᠠᠨ ᠤ ᠲᠠᠭᠠᠰᠢᠶᠠᠯ ᠢ ᠣᠯᠵᠤ ᠪᠤᠢ᠃ ᠡᠬᠢᠯᠡᠯᠲᠡ ᠶᠢᠨ ᠡᠳᠦᠷ ᠤᠨ ᠦᠳᠡ ᠶᠢᠨ ᠡᠮᠦᠨᠡᠬᠢ 2 ᠴᠠᠭ ᠭᠠᠷᠤᠢ ᠶᠢᠨ ᠬᠤᠭᠤᠴᠠᠭᠠᠨ ᠳᠤ᠂ ᠠᠯᠠᠱᠠ ᠶᠢᠨ ᠦᠵᠡᠭᠦᠯᠦᠯᠭᠡ ᠶᠢᠨ ᠲᠣᠭᠤᠷᠢᠭ ᠤᠨ ᠪᠣᠷᠤᠯᠠᠭᠤᠯᠭ᠎ᠠ ᠶᠢᠨ ᠬᠡᠮᠵᠢᠶ᠎ᠡ 100 ᠭᠠᠷᠤᠢ ᠲᠦᠮᠡᠨ ᠲᠥᠭᠦᠷᠢᠭ ᠲᠤ ᠬᠦᠷᠴᠦ᠂ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠭᠰᠠᠨ ᠵᠣᠭᠤᠰ ᠤᠨ ᠲᠤᠭ᠎ᠠ 6.2 ᠳ᠋ᠦᠩᠰᠢᠭᠤᠷ ᠲᠥᠭᠦᠷᠢᠭ ᠲᠤ ᠬᠦᠷᠴᠡᠢ᠃ ︽ᠲᠦᠭᠦᠬᠡᠢ ᠮᠠᠲ᠋ᠧᠷᠢᠶᠠᠯ ᠢ ᠬᠤᠳᠠᠯᠳᠤᠬᠤ ᠠᠴᠠ ᠰᠤᠳᠤᠯᠤᠨ ᠨᠡᠭᠡᠭᠡᠭᠰᠡᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠭᠳᠡᠬᠦᠨ ᠢ ᠬᠤᠳᠠᠯᠳᠤᠬᠤ ᠬᠦᠷᠲᠡᠯ᠎ᠡ᠂ ᠠᠯᠠᠱᠠ ᠶᠢᠨ ᠬᠢᠨ ᠴᠢᠬᠤᠯᠠ ᠨᠢᠭᠡ ᠠᠯᠬᠤᠮ ᠢ ᠠᠯᠬᠤᠪᠠ᠂ ᠡᠨᠡ ᠤᠳᠠᠭ᠎ᠠ ᠶᠢᠨ ᠠᠵᠢᠯᠯᠠᠭ᠎ᠠ ᠨᠢ ᠠᠯᠠᠱᠠ ᠶᠢᠨ ᠡᠯᠡᠰᠦᠨ ᠴᠦᠯ ᠠᠴᠠ ᠭᠠᠷᠴᠤ᠂ ᠪᠦᠬᠦ ᠤᠯᠤᠰ ᠤᠨ ᠬᠡᠪᠴᠢᠶᠡᠨ ᠳᠤ ᠣᠷᠣᠬᠤ ᠳᠤ ᠮᠠᠰᠢ ᠰᠠᠶᠢᠨ ᠲᠠᠪᠴᠠᠩ ᠢ ᠪᠠᠶᠢᠭᠤᠯᠵᠤ ᠥᠭᠴᠡᠢ︾᠃ ᠭᠡᠵᠦ ᠠᠯᠠᠱᠠ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠭᠦᠸᠧ ᠭᠤᠸᠠᠩ ᠰᠢᠶᠦ᠋ᠩ ᠬᠡᠯᠡᠪᠡ᠃     3 ᠡᠳᠦᠷ ᠤᠨ ᠳᠣᠲᠣᠷ᠎ᠠ ᠭᠡᠷ᠎ᠡ ᠲᠣᠭᠲᠠᠭᠰᠠᠨ ᠵᠣᠭᠤᠰ ᠤᠨ ᠲᠤᠭ᠎ᠠ 128 ᠳ᠋ᠦᠩᠰᠢᠭᠤᠷ ᠲᠥᠭᠦᠷᠢᠭ ᠲᠤ ᠬᠦᠷᠴᠦ᠂ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠡᠯᠪᠡᠭ ᠳᠡᠯᠪᠡᠭ ᠦᠷ᠎ᠡ ᠪᠦᠲᠦᠭᠡᠯ ᠣᠯᠵᠠᠢ᠃ ᠭᠡᠷ᠎ᠡ ᠲᠣᠭᠲᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠥᠷᠥᠯ ᠵᠦᠢᠯ ᠡᠯᠪᠡᠭ ᠪᠠᠶᠠᠯᠢᠭ ᠪᠠᠶᠢᠵᠤ᠂ ᠭᠡᠷ᠎ᠡ ᠲᠣᠭᠲᠠᠭᠰᠠᠨ ᠡᠲᠡᠭᠡᠳ ᠲᠤ ᠪᠡᠭᠡᠵᠢᠩ ᠤᠨ ᠠᠩᠬᠠᠳᠠᠭᠴᠢ ᠲᠠᠷᠢᠶᠠᠯᠠᠩ᠂ ᠰᠢᠨ ᠹᠠ ᠳ᠋ᠢ᠂ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ᠂ ᠴᠦᠩᠴᠢᠩ ᠤᠨ ᠬᠠᠯᠠᠭᠤᠨ ᠲᠣᠭᠤᠭ᠎ᠠ ᠶᠢᠨ ᠨᠡᠶᠢᠭᠡᠮᠯᠢᠭ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠬᠡᠲᠦ ᠳᠡᠯᠭᠡᠭᠦᠷ ᠪᠠ ᠵᠣᠬᠢᠶᠠᠨ ᠪᠠᠶᠢᠭᠤᠯᠤᠯᠲᠠ ᠣᠯᠠᠨ ᠪᠠᠶᠢᠨ᠎ᠠ᠃ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠡᠳᠦᠷ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠪᠡᠭᠡᠵᠢᠩ ᠤᠨ ᠰᠣᠩᠭᠤᠬᠤ ᠪᠦᠯᠦᠭᠯᠡᠯ ᠨᠢᠭᠡᠪᠦᠷᠢ ᠬᠤᠳᠠᠯᠳᠤᠨ ᠠᠪᠬᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 7 ᠳ᠋ᠦᠩᠰᠢᠭᠤᠷ ᠲᠥᠭᠦᠷᠢᠭ ᠲᠤ ᠬᠦᠷᠴᠡᠢ᠃ ︽ᠨᠢᠳᠤᠨᠤᠨ ᠬᠢᠵᠢᠭ ᠤᠨ ᠪᠠᠶᠢᠳᠠᠯ ᠭᠠᠷᠤᠭᠰᠠᠨ ᠪᠠᠶᠢᠳᠠᠯ ᠳᠤ ᠪᠢᠳᠡ ᠨᠢᠭᠡᠨᠲᠡ 7 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠵᠤ᠂ ᠡᠨᠡ ᠵᠢᠯ 10 ᠳ᠋ᠦᠩᠰᠢᠭᠤᠷ ᠲᠥᠭᠦᠷᠢᠭ  ᠢ ᠳᠠᠪᠠᠭ᠋ᠤ ᠪᠣᠯᠣᠮᠵᠢ  ᠲᠠᠢ ᠪᠠᠶᠢᠨ᠎ᠠ᠂ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠪᠢᠳᠡᠨ  ᠢ ᠴᠦᠩᠴᠢᠩ ᠤᠨ ᠵᠠᠬ᠎ᠠ ᠳᠡᠯᠭᠡᠭᠦᠷ ᠲᠤ ᠣᠷᠣᠭᠤᠯᠵᠤ᠂ ᠨᠡᠩ ᠥᠨᠳᠥᠷ ᠪᠣᠷᠤᠯᠠᠭᠤᠯᠭ᠎ᠠ  ᠶᠢᠨ ᠨᠣᠷᠮ᠎ᠠ  ᠶᠢ ᠪᠡᠶᠡᠯᠡᠭᠦᠯᠵᠦ ᠴᠢᠳᠠᠬᠤ ᠶᠤᠮ︾ ᠭᠡᠵᠦ ᠬᠡᠰᠢᠭᠲᠡᠨ ᠬᠤᠰᠢᠭᠤᠨ ᠤ ᠳᠠᠷᠤᠭ᠎ᠠ ᠬᠠᠷᠢᠶᠠᠴᠠᠢ ᠶᠢᠨ ᠰᠤᠷᠭᠠᠭᠤᠯᠢ ᠳᠤ ᠢᠲᠡᠭᠡᠯ ᠳᠦᠭᠦᠷᠡᠩ ᠪᠠᠶᠢᠯ᠎ᠠ᠃     ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠮᠵᠢᠶ᠎ᠡ ᠨᠢ ᠮᠠᠯᠴᠢᠨ ᠲᠠᠷᠢᠶᠠᠴᠢᠨ ᠤ ᠣᠷᠣᠯᠭ᠎ᠠ ᠲᠠᠢ ᠰᠢᠭᠤᠳ ᠬᠤᠯᠪᠣᠭᠳᠠᠵᠤ ᠪᠠᠶᠢᠳᠠᠭ᠂ ᠲᠣᠰ ᠤᠳᠠᠭᠠᠨ ᠤ ᠬᠡᠷᠡᠭᠯᠡᠭᠡᠨ ᠤ ᠬᠠᠪᠰᠤᠷᠤᠨ ᠲᠡᠳᠬᠦᠬᠦ ᠠᠵᠢᠯᠯᠠᠭ᠎ᠠ ᠪᠠᠷ ᠳᠡᠮᠵᠢᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠠᠰᠢᠭᠲᠠᠢ ᠶᠤᠮ᠃ ᠡᠭᠦᠨ ᠤ ᠬᠠᠮᠲᠤ ᠪᠢᠳᠡ ᠡᠨᠡ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠩ ᠤᠯᠠᠨ ᠴᠦᠩᠴᠢᠩ ᠬᠤᠳᠠ ᠶᠢᠨ ᠠᠷᠠᠳ ᠲᠤ ᠥᠪᠥᠷ ᠮᠣᠩᠭᠤᠯ ᠤᠨ ᠪᠦᠲᠦᠭᠡᠭᠳᠡᠬᠦᠨ ᠢ ᠮᠡᠳᠡᠷᠡᠭᠦᠯᠵᠦ᠂ ᠥᠪᠥᠷ ᠮᠣᠩᠭᠤᠯ ᠤᠨ ᠲᠦᠷᠦᠯ ᠲᠡᠮᠳᠡᠭ ᠢ ᠲᠠᠨᠢᠭᠤᠯᠵᠤ᠂ ᠥᠪᠥᠷ ᠮᠣᠩᠭᠤᠯ ᠤᠨ ᠶᠠᠰᠤ ᠴᠢᠨᠠᠷ ᠢ ᠲᠠᠨᠢᠭᠤᠯᠵᠤ᠂ ᠥᠪᠥᠷ ᠮᠣᠩᠭᠤᠯ ᠤᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠠᠢ ᠱᠠᠨ ᠬᠡᠯᠡᠪᠡ᠃     ︽ᠲᠠᠯ᠎ᠠ ᠨᠤᠲᠤᠭ ᠬᠤᠯᠠ ᠪᠢᠰᠢ᠂ ᠦᠨᠦᠷ ᠠᠮᠲᠠ ᠨᠢ ᠨᠡᠩ ᠣᠶᠢᠷ᠎ᠠ︾᠃ ᠣᠯᠠᠨ ᠵᠢᠯ ᠤᠨ ᠲᠤᠷᠰᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠳᠡᠮᠵᠢᠨ᠂ ᠥᠪᠥᠷ ᠮᠣᠩᠭᠤᠯ ᠤᠨ ᠦᠯᠡᠮᠵᠢ ᠣᠯᠠᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠨᠡᠶᠢᠰᠯᠡᠯ ᠤᠨ ᠬᠤᠲᠠ ᠶᠢᠨ ᠠᠷᠠᠳ ᠤᠨ ᠬᠤᠭᠤᠯᠠᠨ ᠰᠢᠷᠡᠭᠡᠨ ᠳᠤ ᠭᠠᠷᠴᠠᠢ᠃ ᠲᠣᠰ ᠤᠳᠠᠭᠠᠨ ᠤ ᠠᠵᠢᠯᠯᠠᠭ᠎ᠠ ᠪᠣᠯ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠪᠠᠷ ᠢᠶᠠᠨ ᠠᠩᠬ᠎ᠠ ᠤᠳᠠᠭ᠎ᠠ ᠬᠠᠮᠵᠢᠯᠴᠠᠬᠤ ᠭᠠᠵᠠᠷ ᠣᠷᠣᠨ  ᠠᠴᠠ ᠭᠠᠷᠴᠤ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ ᠳᠤ ᠠᠳᠠᠯᠢᠬᠠᠨ ᠣᠷᠣᠯᠴᠠᠭᠰᠠᠨ ᠴᠦᠩᠴᠢᠩ ᠬᠤᠲᠠ ᠳᠤ ᠶᠠᠪᠤᠭᠳᠠᠭᠰᠠᠨ ᠨᠢᠭᠡ ᠤᠳᠠᠭᠠᠨ ᠤ ᠬᠡᠷᠡᠭᠯᠡᠭᠡᠨ ᠤ ᠬᠠᠪᠰᠤᠷᠤᠨ ᠲᠡᠳᠬᠦᠬᠦ ᠭᠤᠣᠯ ᠰᠡᠳᠦᠪᠲᠦ ᠠᠵᠢᠯᠯᠠᠭ᠎ᠠ ᠮᠥᠨ᠂ ᠡᠨᠡ ᠨᠢ ᠥᠪᠥᠷ ᠮᠣᠩᠭᠤᠯ ᠤᠨ ᠪᠥᠬᠦ ᠤᠯᠤᠰ ᠲᠤ ᠬᠠᠨᠳᠤᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠲᠣᠮᠣ ᠵᠠᠬ᠎ᠠ ᠳᠡᠯᠭᠡᠭᠦᠷ᠂ ᠲᠣᠮᠣ ᠵᠠᠮ ᠢ ᠪᠠᠶᠢᠭᠤᠯᠬᠤ᠂ ︿ᠪᠡᠭᠡᠵᠢᠩ ᠥᠪᠥᠷ ᠮᠣᠩᠭᠤᠯ ᠴᠦᠩᠴᠢᠩ﹀ ᠤᠨ ᠬᠡᠷᠡᠭᠯᠡᠭᠡᠨ ᠤ ᠬᠠᠮᠵᠢᠯᠴᠠᠭ᠎ᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ︾ ᠭᠡᠵᠡᠢ᠃ ᠭᠡᠵᠦ ᠪᠡᠭᠡᠵᠢᠩ ᠬᠤᠳᠠ ᠶᠢᠨ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠸᠠᠩ ᠵᠤᠤ ᠯᠦᠩ ᠬᠡᠯᠡᠪᠡ᠃     ᠠᠭᠤᠯᠠ ᠳᠠᠯᠠᠢ ᠠᠯᠤᠰ ᠢ ᠵᠣᠷᠢᠬᠤ ᠦᠭᠡᠢ᠂ ᠭᠠᠷ ᠬᠤᠯᠪᠣᠯᠴᠠᠨ ᠬᠥᠭᠵᠢᠯ ᠮᠠᠨᠳᠤᠯ ᠢ ᠠᠬᠢᠭᠤᠯᠤᠶ᠎ᠠ᠃ ᠭᠤᠷᠪᠠᠨ ᠭᠠᠵᠠᠷ ᠤᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号