ᠰᠢᠨᠬᠤᠸᠠ ᠬᠤᠷᠢᠶᠠᠨ ᠤ ︽ᠰᠢᠨᠬᠤᠸᠠ ᠡᠳᠦᠷ ᠪᠦᠷᠢ ᠶᠢᠨ ᠴᠠᠬᠢᠯᠭᠠᠨ ᠮᠡᠳᠡᠭᠡ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠤᠨ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠶ᠎ᠠ︾ ᠭᠡᠬᠦ ᠨᠡᠷ᠎ᠡ ᠬᠠᠲᠠᠭᠰᠠᠨ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/3/27
      3 ᠳ᠋ᠤᠭᠠᠷ ᠰᠠᠷ᠎ᠠ ᠶᠢᠨ 23 ᠤ ᠡᠳᠦᠷ᠂ ᠰᠢᠨᠬᠤᠸᠠ ᠬᠤᠷᠢᠶ᠎ᠠ ᠶᠢᠨ ︽ᠰᠢᠨᠬᠤᠸᠠ ᠡᠳᠦᠷ ᠪᠦᠷᠢ ᠶᠢᠨ ᠴᠠᠬᠢᠯᠭᠠᠨ ᠮᠡᠳᠡᠭᠡ︾ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠣᠸ ᠴᠧᠩ ᠤᠨ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠶ᠎ᠠ︾ ᠭᠡᠬᠦ ᠨᠡᠷ᠎ᠡ ᠬᠠᠲᠠᠭᠰᠠᠨ ᠵᠣᠬᠢᠶᠠᠯ ᠢ ᠨᠡᠶᠢᠲᠡᠯᠡᠪᠡ᠃ ᠪᠦᠬᠦ ᠠᠭᠤᠯᠭ᠎ᠠ ᠨᠢ ᠳᠣᠣᠷᠠᠬᠢ ᠮᠡᠲᠦ᠄     ᠬᠤᠶᠠᠷ ᠶᠡᠭᠡ ᠶᠠᠪᠤᠳᠠᠯ ᠢᠶᠠᠷ ᠭᠠᠷᠳᠠᠴᠠ ᠪᠣᠯᠭᠠᠨ᠎ᠠ     ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠᠰᠦᠨ ᠱᠤᠤ ᠴᠧᠩ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ      ᠥᠪᠥᠷ ᠮᠣᠩᠭᠤᠯ ᠳᠤ ᠠᠪᠴᠤ ᠬᠡᠯᠡᠪᠡᠯ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠦᠴᠦᠯᠡᠬᠦ ᠴᠡᠭ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ ᠲᠠᠯᠪᠢᠬᠤ ᠬᠡᠷᠡᠭᠲᠡᠢ᠃     ᠨᠢᠭᠡ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠤᠯᠤᠰ ᠤᠨ ᠬᠥᠭᠵᠢᠯᠲᠡ ᠶᠢᠨ ᠪᠥᠬᠦ ᠲᠠᠯ᠎ᠠ ᠠᠴᠠ ᠡᠭᠦᠰᠴᠦ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤᠮᠳᠠᠬᠢ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠮᠥᠨ᠃ ᠡᠳᠡᠭᠡᠷ ᠡᠭᠦᠷᠭᠡ ᠶᠢ ᠰᠠᠢᠲᠤᠷ ᠪᠡᠶᠡᠯᠡᠭᠦᠯᠦᠯ᠎ᠡ᠃ ᠥᠪᠥᠷ ᠮᠣᠩᠭᠤᠯ ᠤᠯᠤᠰ ᠤᠨ ᠶᠡᠭᠡ ᠲᠠᠯ᠎ᠠ ᠳᠤ ᠦᠢᠯᠡᠴᠢᠯᠡᠬᠦ ᠪᠠ ᠲᠡᠭᠦᠨ ᠢ ᠪᠠᠲᠤᠯᠠᠬᠤ ᠲᠠᠯ᠎ᠠ ᠪᠠᠷ ᠨᠡᠩ ᠶᠡᠭᠡ ᠬᠠᠷᠢᠭᠤᠴᠠᠯᠭ᠎ᠠ ᠡᠭᠦᠷᠭᠡᠯᠡᠵᠦ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠬᠦ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠨᠡᠩ ᠶᠡᠭᠡ ᠦᠢᠯᠡᠳᠦᠯ ᠦᠵᠡᠭᠦᠯᠵᠦ ᠴᠢᠳᠠᠭᠰᠠᠨ ᠢᠶᠠᠷ ᠪᠦᠬᠦ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠴᠤ ᠪᠠᠲᠤ ᠪᠠᠬᠢ ᠲᠤᠯᠭᠠᠭᠤᠷᠢᠯᠠᠯ ᠲᠠᠢ ᠪᠣᠯᠤᠭᠰᠠᠨ ᠪᠠᠶᠢᠨ᠎ᠠ᠃     ᠨᠢᠳᠤᠨᠤᠨ ᠠᠴᠠ ᠨᠠᠰᠢ᠂ ᠪᠢᠳᠡ ᠲᠠᠪᠤᠨ ᠬᠡᠷᠡᠭᠵᠢᠭᠦᠯᠬᠦ ᠲᠥᠰᠥᠯ ᠪᠠ ᠣᠨ ᠤ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠲᠣᠭᠲᠠᠭᠠᠵᠤ᠂ ᠠᠵᠢᠯ ᠤᠨ ᠵᠣᠬᠢᠴᠠᠭᠤᠯᠭ᠎ᠠ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠂ ᠬᠢᠨᠠᠨ ᠰᠢᠯᠭᠠᠵᠤ ᠦᠨᠡᠯᠡᠬᠦ ᠠᠷᠭ᠎ᠠ ᠶᠢ ᠨᠡᠶᠢᠲᠡᠯᠡᠵᠦ᠂ ︽ᠲᠠᠪᠤᠨ ᠶᠡᠭᠡ ᠡᠭᠦᠷᠭᠡ︾ ᠶᠢ ᠠᠩᠬᠠᠷᠤᠯ ᠢᠶᠠᠨ ᠲᠥᠪᠯᠡᠷᠡᠭᠦᠯᠦᠨ ᠠᠳᠬᠤᠬᠤ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠠᠷᠠᠳᠴᠢᠯᠠᠭᠰᠠᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠶᠢᠨ ᠬᠠᠮᠲᠤ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠤᠯᠴᠠᠬᠤ ᠳᠠᠭᠠᠨ ᠴᠢᠬᠤᠯᠠ ᠶᠠᠷᠢᠶ᠎ᠠ ᠲᠠᠯᠪᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠲᠦᠷᠪᠡᠨ ᠡᠷᠬᠡᠪᠰᠢ︾ ᠪᠣᠯᠣᠨ︽ᠵᠠᠪᠠᠯ ᠶᠠᠪᠤᠬᠤ ᠵᠠᠮ︾ ︽ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ︾ ︽ᠵᠠᠶᠢᠯᠠᠰᠢ ᠦᠭᠡᠢ ᠱᠠᠭᠠᠷᠳᠠᠯᠭ᠎ᠠ︾ ︽ᠡᠴᠦᠰ ᠤᠨ ᠵᠣᠷᠢᠯᠭ᠎ᠠ︾ ᠵᠡᠷᠭᠡ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠨ᠎ᠠ᠃ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ  ᠶᠢ ᠪᠠᠲᠤ ᠡᠵᠡᠮᠰᠢᠵᠦ᠂ ᠰᠤᠳᠤᠯᠭᠠᠨ ᠲᠠᠢ ᠤᠶᠠᠯᠳᠤᠭᠤᠯᠤᠨ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠤᠨ ᠠᠷᠪᠢᠯᠠᠯᠲᠠ ᠶᠢ ᠴᠢᠩᠭᠠᠳᠬᠠᠵᠤ᠂ ᠬᠡᠷᠡᠭᠯᠡᠭᠡ᠂ ᠪᠠᠷᠠᠭᠠᠨ ᠤ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠵᠦ᠂ ᠰᠢᠨ᠎ᠡ ᠡᠨᠧᠷᠭᠢ ᠶᠢᠨ ᠠᠵᠤ ᠦᠢᠯᠡᠰ᠂ ᠬᠤᠪᠣᠷ ᠰᠢᠷᠣᠢ ᠪᠣᠯᠣᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠮᠠᠯ ᠠᠵᠤ ᠠᠬᠤᠢ ᠲᠠᠷᠢᠶᠠᠯᠠᠩ ᠵᠡᠷᠭᠡ ᠶᠢᠨ ᠳᠤᠲᠠᠭᠤᠳᠠᠯ ᠢ ᠤᠷᠲᠤᠳᠬᠠᠵᠤ᠂ ᠠᠮᠤᠷ ᠲᠦᠪᠰᠢᠨ ᠢᠶᠠᠷ ᠬᠥᠭᠵᠢᠬᠦ ᠲᠦᠪᠰᠢᠨ ᠢ ᠳᠡᠭᠡᠭᠰᠢᠯᠡᠭᠦᠯᠵᠦ᠂︽ᠲᠠᠪᠤᠨ ᠶᠡᠭᠡ ᠡᠭᠦᠷᠭᠡ︾ᠵᠢᠯ ᠪᠦᠷᠢ ᠰᠢᠨ᠎ᠡ ᠠᠬᠢᠴᠠ ᠲᠠᠢ ᠰᠢᠨ᠎ᠡ ᠦᠷ᠎ᠡ ᠪᠦᠲᠦᠮᠵᠢ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ︽ᠲᠠᠪᠤᠨ ᠶᠡᠭᠡ ᠡᠭᠦᠷᠭᠡ︾ ᠶᠢᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠡᠯᠪᠡᠷᠢ ᠪᠠᠷ ᠬᠤᠯᠪᠣᠭᠳᠠᠯ ᠪᠦᠬᠦᠢ ᠠᠵᠢᠯ ᠢ ᠲᠣᠭᠲᠠᠪᠤᠷᠢᠵᠢᠭᠤᠯᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠨ᠎ᠠ᠃ ᠮᠠᠨ ᠤ ᠬᠠᠷᠠᠯᠲᠠ ᠪᠣᠯ᠂ 2025 ᠣᠨ ᠪᠣᠯᠬᠤ ᠳᠤ᠂ ᠪᠥᠬᠦ ᠣᠷᠣᠨ ᠤ ᠠᠮᠢ ᠠᠬᠤᠢ ᠶᠢᠨ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠬᠡ ᠤᠯᠤᠰ ᠤᠨ ︽ᠤᠮᠠᠷᠠᠲᠤ ᠶᠢᠨ ᠶᠡᠭᠡ ᠡᠭᠦᠳᠡ︾᠂ ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ︾ ᠢ ᠨᠠᠩ ᠪᠠᠲᠤ ᠪᠠᠬᠢ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1.35 ᠳ᠋ᠦᠩᠰᠢᠭᠤᠷ ᠺᠢᠯᠣᠸᠠᠲ ᠢ ᠳᠠᠪᠠᠭᠤᠯᠤᠨ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠢ 1 ᠲᠦᠮᠡᠨ ᠳ᠋ᠦᠩᠰᠢᠭᠤᠷ ᠲᠥᠭᠦᠷᠢᠭ ᠢ ᠳᠠᠪᠠᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠢ ᠳᠠᠪᠠᠭᠤᠯᠤᠨ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 2000 ᠲᠦᠮᠡᠨ ᠲᠣᠨ ᠳᠤ ᠬᠦᠷᠦᠭᠦᠯᠵᠦ᠂ ᠰᠦ᠋ ᠮᠢᠬ᠎ᠠ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ᠂ ᠭᠠᠳᠠᠭᠠᠳᠤ ᠬᠤᠶᠢᠰᠢᠳᠠ ᠶᠢᠨ ᠬᠡᠳᠦᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠᠷ ᠳᠠᠮᠵᠢᠭᠤᠯᠤᠨ᠂ ᠥᠪᠥᠷ ᠮᠣᠩᠭᠤᠯ ᠤᠨ ᠶᠡᠭᠡ ᠲᠠᠯ᠎ᠠ ᠶᠢ ᠪᠠᠲᠤᠯᠠᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠ ᠲᠣᠰ ᠪᠡᠶ᠎ᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠎ᠡ᠃     ᠨᠦᠭᠦᠭᠡ ᠨᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠡᠨᠡ ᠪᠣᠯ ᠪᠢᠳᠡᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠳᠤᠷᠠᠳᠤᠨ ᠭᠠᠷᠭᠠᠭᠰᠠᠨ ᠨᠢᠭᠡᠨ ᠰᠢᠨ᠎ᠡ ᠬᠠᠷᠠᠯᠲᠠ ᠮᠥᠨ᠃ ᠶᠡᠷᠦᠩᠬᠡᠢ ᠳᠤᠨᠢ ᠪᠣᠳᠣᠯᠬᠢᠯᠠᠪᠠᠯ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠳᠤᠷᠠᠳᠤᠭᠰᠠᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾︽ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠬᠤ︾ ︽ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ ᠬᠥᠭᠵᠢᠭᠦᠯᠵᠦ᠂ ᠬᠢᠯᠢ ᠬᠢᠵᠠᠭᠠᠷ ᠢ ᠲᠣᠭᠲᠠᠭᠤᠨ ᠪᠠᠶᠢᠯᠭᠠᠵᠤ ᠡᠭᠦᠷᠢᠳᠡ ᠪᠠᠲᠤᠵᠢᠭᠤᠯᠬᠤ︾ ᠵᠡᠷᠭᠡ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠷᠢᠴᠠᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠭᠤᠯᠤᠭᠳᠠᠬᠤᠨ ᠪᠠ ᠠᠭᠤᠯᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠥᠷᠭᠡᠳᠬᠡᠵᠦ᠂ ᠭᠤᠣᠯᠳᠠᠯᠭ᠎ᠠ ᠶᠢ ᠲᠣᠪᠤᠶᠢᠯᠭᠠᠨ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠭᠠᠷᠳᠠᠴᠠ ᠶᠢ ᠪᠣᠳᠠᠲᠠᠶᠢᠵᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠵᠢᠷᠦᠬᠡ ᠪᠠᠨ ᠨᠠᠮ ᠳᠠᠭᠠᠨ ᠬᠠᠨᠳᠤᠭᠤᠯᠵᠤ᠂ ᠰᠡᠳᠬᠢᠯ ᠵᠢᠷᠦᠬᠡ ᠪᠠᠨ ᠨᠠᠮ ᠤᠨ ᠲᠥᠪ ᠬᠤᠷᠢᠶ᠎ᠠ ᠳᠠᠭᠠᠨ ᠬᠠᠨᠳᠤᠭᠤᠯᠵᠤ ᠪᠠᠶᠢᠭ᠎ᠠ ᠬᠤᠪᠢᠰᠬᠠᠯ ᠤᠨ ᠤᠳᠤᠮᠰᠢᠯ ᠢ ᠰᠠᠶᠢᠲᠤᠷ ᠵᠠᠯᠭᠠᠮᠵᠢᠯᠠᠵᠤ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠪᠣᠯᠣᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠶᠣᠰᠣ ᠶᠢ ᠲᠠᠨᠢᠬᠤ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠶᠢ ᠬᠦᠰᠡᠬᠦ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠢ ᠪᠠᠳᠠᠷᠠᠭᠤᠯᠤᠨ ᠳᠡᠯᠭᠡᠷᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠲᠣᠭᠤᠷᠢᠨ ᠳᠤ ᠨᠢᠭᠲᠠᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ︽ᠵᠢᠱᠢᠶᠡᠴᠢ︾ ᠶᠢ ᠡᠯ᠎ᠡ ᠬᠦᠷᠢᠶ᠎ᠡ ᠡᠯ᠎ᠡ ᠲᠠᠯ᠎ᠠ ᠳᠤ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃     ᠪᠣᠳᠠᠲᠠᠢ ᠪᠠᠷ ᠬᠡᠯᠡᠪᠡᠯ᠂ ᠪᠦᠬᠦ ᠣᠷᠣᠨ ᠢᠶᠠᠷ ᠢᠶᠠᠨ ᠨᠠᠮ ᠤᠨ ᠠᠴᠢ ᠲᠤᠰᠠ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ  ᠢ ᠲᠠᠭᠠᠵᠦ ᠰᠢᠨ᠎ᠡ ᠠᠶᠠᠨ  ᠳᠤ ᠭᠠᠪᠰᠢᠭᠠᠶᠢᠯᠠᠨ ᠣᠷᠣᠬᠤ ᠶᠢ ᠬᠥᠮᠥᠵᠢᠭᠦᠯᠦᠨ ᠬᠥᠲᠥᠯᠥᠨ ᠳᠠᠭᠠᠭᠤᠯᠤᠨ᠎ᠠ᠃ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠡᠮᠦᠨ᠎ᠡ ᠨᠢ ᠶᠠᠪᠤᠵᠤ᠂ ᠰᠦᠷᠯᠢᠭ ᠰᠠᠶᠢᠬᠠᠨ ᠪᠠ ᠰᠠᠶᠢᠨ ᠰᠠᠶᠢᠬᠠᠨ᠂ ᠢᠲᠡᠭᠡᠮᠵᠢᠲᠡᠢ ᠳᠣᠲᠣᠨᠣ ᠬᠠᠶᠢᠷᠠᠲᠠᠢ ᠥᠪᠥᠷ ᠮᠣᠩᠭᠤᠯ ᠤᠨ ᠳᠦᠷᠢ ᠲᠥᠷᠬᠦ ᠶᠢ ᠱᠤᠭᠤᠬᠤ ᠪᠠᠷ ᠬᠦᠴᠦᠯᠡᠨ ᠴᠢᠷᠮᠠᠶᠢᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ᠂ ᠥᠨᠳᠥᠷ ᠦᠷ᠎ᠡ ᠪᠦᠲᠦᠮᠵᠢᠲᠡᠢ ᠵᠠᠰᠠᠯᠲᠠ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ︽ᠵᠣᠪᠠᠭᠤᠷᠢ ᠵᠦᠳᠡᠭᠦᠷᠢ ᠶᠢ ᠳᠠᠭᠠᠭᠠᠬᠤ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠬᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠪᠣᠳᠠᠲᠠᠢ ᠭᠠᠪᠢᠶ᠎ᠠ ᠵᠢᠳᠬᠦᠯ ᠦᠵᠡᠭᠦᠯᠬᠦ ᠬᠡᠷᠡᠭᠲᠡᠢ᠃ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠣᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠤᠶᠠᠷ ᠲᠠᠯ᠎ᠠ ᠪᠠᠷ ᠬᠦᠴᠦᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠨᠡᠬᠦ ᠠᠯᠳᠠᠨ ᠦᠰᠦᠭᠲᠦ ᠫᠠᠶᠢᠰᠠ ᠶᠢ ᠨᠡᠩ ᠭᠢᠯᠠᠶᠢᠲᠠᠯ᠎ᠠ ᠠᠷᠴᠢᠵᠤ᠂ ᠴᠣ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠨᠡᠩ ᠥᠨᠳᠥᠷ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢᠶᠠᠷ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠮᠠᠷᠠᠲᠤ ᠬᠢᠯᠢ ᠶᠢᠨ ᠡᠬᠡ ᠭᠠᠵᠠᠷ ᠲᠤ ᠠᠭᠤᠤ ᠶᠡᠭᠡ ᠡᠬᠡ ᠤᠯᠤᠰ ᠢᠶᠠᠨ ᠬᠠᠮᠲᠤᠪᠠᠷ ᠪᠦᠲᠦᠭᠡᠨ ᠪᠠᠶᠢᠭᠤᠯᠬᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤᠪᠠᠷ ᠴᠣᠭᠴᠠᠯᠠᠬᠤ ᠬᠦᠴᠦᠷᠬᠡᠭ ᠶᠡᠭᠡ ᠪᠠᠶᠢᠳᠠᠯ ᠢ ᠪᠤᠢ ᠪᠣᠯᠭᠠᠵᠤ᠂ ᠣᠷᠣᠨ ᠪᠦᠰᠡ ᠶᠢᠨ ᠭᠡᠷᠡᠯ ᠭᠢᠯᠪᠠᠭ᠎ᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠡᠷᠡᠯ ᠭᠢᠯᠪᠠᠭ᠎ᠠ ᠪᠠᠨ ᠨᠡᠮᠡᠷᠢᠯᠡᠨ᠎ᠡ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号