ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭ᠍ᠰᠠᠨ ᠨᠢ — ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠬᠤ᠎ᠶ᠋ᠢ ᠪᠠᠷᠢᠮᠲᠠᠯᠠᠵᠤ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ ᠳᠠᠰᠤᠷᠠᠯᠳᠠ ᠦᠭᠡᠢ ᠱᠢᠨ᠎ᠡ ᠰᠢᠪᠳᠤᠯᠤᠯᠳᠠ᠎ᠲᠠᠶ ᠪᠣᠯᠬᠤ᠎ᠶ᠋ᠢ ᠠᠬᠢᠭᠤᠯᠬᠤ ᠬᠡᠷᠡᠭ᠌ᠲᠡᠢ
ᠨᠡᠶ᠋ᠢᠲᠡᠯᠡᠭᠰᠡᠨ ᠴᠠᠭ᠄ 2026-02-02

      ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠡᠣᠯᠣᠰ ᠳᠦᠷᠦ᠎ᠶᠢᠨ ᠲᠣᠪᠴᠢᠶ᠎ᠠ 1 ᠰᠠᠷ᠎ᠠ᠎ᠶ᠋ᠢᠨ 30 ᠎ᠤ᠋ ᠦᠳᠡ᠎ᠶ᠋ᠢᠨ ᠬᠣᠢᠨ᠎ᠠ ᠪᠠᠷᠠᠯᠠᠯᠳᠤ ᠪᠠᠢᠷᠢᠰᠢᠭᠤᠯᠤᠯᠳᠠ ᠪᠠ ᠢᠷᠡᠭᠡᠳᠦᠶ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌ ᠲᠤᠬᠠᠶ ᠬᠣᠷᠢᠨ ᠳᠥᠷᠪᠡᠳᠦᠭᠡᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠰᠤᠷᠤᠯᠴᠠᠯᠭ᠎ᠠ᠎ᠶ᠋ᠢ ᠡᠷᠬᠢᠯᠡᠬᠦ᠌᠎ᠳᠡᠭᠡᠨ᠂ ᠱᠢᠨ᠎ᠡ ᠨᠢᠭᠡ ᠡᠭᠡᠯᠵᠢ᠎ᠶᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ ᠲᠦᠷᠭᠡᠰᠴᠦ᠍᠂ ᠬᠣᠱᠢᠭᠤᠷᠠᠯ ᠮᠡᠷᠭᠡᠵᠢᠯ ᠳᠠᠰᠤᠷᠠᠯᠳᠠ ᠦᠭᠡᠢ ᠴᠣᠯᠭᠣᠷᠠᠨ ᠭᠠᠷᠴᠤ᠌᠂ ᠢᠷᠡᠭᠡᠳᠦᠢ᠎ᠶ᠋ᠢᠨ ᠠᠵᠤ ᠦᠢᠯᠡᠰ᠎ᠦᠨ ᠲᠦᠷᠭᠡᠨ ᠬᠥᠭ᠌ᠵᠢᠨ ᠮᠠᠨᠳᠤᠬᠤ᠎ᠶ᠋ᠢ ᠬᠦᠳᠦᠯᠦᠨ ᠳᠠᠭᠠᠭᠤᠯᠵᠤ ᠲᠤᠯᠭᠠᠭᠤᠷᠢᠯᠠᠵᠤ ᠪᠠᠢᠨ᠎ᠠ᠃ ᠬᠦᠴᠦᠷᠬᠡᠭ ᠤᠯᠤᠰ᠎ᠤᠨ ᠪᠦᠳᠦᠬᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠎ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠡᠴᠡ᠂ ᠪᠤᠰᠤᠳᠴᠢ ᠨᠥᠬᠥᠴᠡᠯ᠎ᠳᠡᠭᠡᠨ ᠰᠠᠭᠤᠷᠢᠯᠠᠵᠤ᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠵᠤ᠂ ᠱᠠᠳᠤᠯᠢᠭ ᠮᠠᠶᠢᠭ᠎ᠢᠶᠡᠷ ᠪᠣᠢᠵᠢᠭᠤᠯᠬᠤ᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ ᠳᠠᠰᠤᠷᠠᠯᠳᠠ ᠦᠬᠡᠢ ᠱᠢᠨ᠎ᠡ ᠲᠠᠪᠠᠯᠳᠠ᠎ᠲᠠᠶ ᠪᠣᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

      ᠳᠤᠮᠳᠠᠳᠤ ᠤᠯᠤᠰ᠎ᠤᠨ ᠮᠡᠳᠡᠭᠡ ᠵᠠᠩᠭᠢ ᠴᠢᠮᠡᠭᠡ ᠬᠣᠯᠪᠣᠭᠠᠨ᠎ᠤ ᠰᠤᠳᠤᠯᠭᠠᠨ᠎ᠤ ᠬᠦᠷᠢᠶᠡᠯᠡᠩ᠎ᠦᠨ ᠢᠦᠢ ᠱᠢᠶᠤᠤ ᠬᠤᠢ ᠨᠥᠬᠥᠷ ᠡᠨᠡ ᠠᠰᠠᠭᠤᠳᠠᠯ᠎ᠤᠨ ᠲᠤᠬᠠᠢ ᠲᠠᠢᠯᠤᠮᠵᠢ ᠬᠢᠵᠦ᠍᠂ ᠠᠵᠢᠯ᠎ᠤᠨ ᠰᠠᠨᠠᠭᠤᠯᠭ᠎ᠠ ᠳᠤᠷᠠᠳᠴᠠᠢ᠃ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠨᠥᠬᠥᠳ ᠲᠠᠢᠯᠤᠮᠵᠢ᠎ᠶᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠶᠠᠷᠢᠯᠴᠠᠪᠠ᠃

      ᠰᠢ᠎ᠵᠢᠨ᠎ᠫᠢᠩ ᠲᠠᠢᠯᠤᠮᠵᠢ ᠪᠠ ᠶᠠᠷᠢᠯᠴᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠠᠵᠤ ᠦᠢᠯᠡᠰ᠎ᠦᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠬᠦ᠌᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠎ᠢ ᠬᠥᠭ᠌ᠵᠢᠭᠦᠯᠬᠦ᠌᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠎ᠶᠢ ᠳᠡᠭᠡᠭ᠌ᠰᠢᠯᠡᠭᠦᠯᠬᠦ᠌᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠪᠣᠯᠤᠨ ᠨᠡᠢᠭᠡᠮ᠎ᠦᠨ ᠪᠦᠬᠦ᠌ ᠲᠠᠯ᠎ᠠ᠎ᠶ᠋ᠢᠨ ᠲᠠᠪᠱᠢᠯᠳᠠ᠎ᠶ᠋ᠢ ᠠᠬᠢᠭᠤᠯᠬᠤ᠎ᠳᠤ ᠴᠥᠮ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠤᠢ᠍ᠢᠷ᠎ᠠ᠎ᠶ᠋ᠢᠨ ᠵᠢᠯ᠎ᠡᠴᠡ᠂ ᠨᠠᠮ᠎ᠤᠨ ᠲᠥᠪ ᠬᠤᠷᠢᠶ᠎ᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠦᠵᠡᠬᠦᠯᠬᠦ᠎ᠶ᠋ᠢ ᠴᠢᠩᠭᠠᠳᠭᠠᠨ᠂ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠰᠠᠢ᠌ᠨ ᠰᠠᠢᠬᠠᠨ ᠪᠠᠢᠳᠠᠯ ᠢᠯᠡᠷᠡᠬᠦ᠌᠎ᠶ᠋ᠢ ᠠᠬᠢᠭᠤᠯᠵᠠᠢ ᠭᠡᠵᠦ ᠵᠢᠭᠠᠵᠤ ᠭᠠᠷᠭᠠᠪᠠ᠃

      ᠰᠢ᠎ᠵᠢᠨ᠎ᠫᠢᠩ᠂ ᠢᠷᠡᠭᠡᠳᠦᠢ᠎ᠶ᠋ᠢᠨ ᠠᠵᠤ ᠦᠢᠯᠡᠰ ᠪᠠᠷᠠᠯᠠᠯᠳᠤ ᠴᠢᠨᠠᠷ᠂ ᠪᠠᠢᠯᠳᠤᠬᠤ ᠪᠤᠳᠤᠯᠭ᠎ᠠ᠎ᠶ᠋ᠢᠨ ᠴᠢᠨᠠᠷ᠂ ᠲᠤᠨᠭᠰᠤᠯᠤᠯᠳᠠ᠎ᠶ᠋ᠢᠨ ᠴᠢᠨᠠᠷ ᠵᠡᠷᠭᠡ ᠣᠨᠴᠠᠯᠢᠭ᠎ᠲᠠᠶ ᠪᠠᠢᠵᠤ᠂ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠪᠦᠬᠦ᠌ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠬᠦ᠌᠎ᠶᠢ ᠱᠠᠭᠠᠷᠳᠠᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠣᠣᠯ ᠱᠢᠪᠲᠤᠯᠬᠤ ᠴᠢᠭ᠌ᠯᠡᠯ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠮᠡᠷᠭᠡᠵᠢᠯ᠎ᠦᠨ ᠵᠠᠮ ᠱᠤᠭᠤᠮ᠎ᠢ ᠱᠢᠨᠵᠢᠯᠡᠬᠦ᠌ ᠤᠬᠠᠭᠠᠨᠴᠢ᠎ᠪᠠᠷ ᠨᠤᠲᠠᠯᠠᠵᠤ᠂ ᠬᠣᠱᠢᠭᠤᠷᠠᠯ ᠮᠡᠷᠭᠡᠵᠢᠯ᠎ᠦᠨ ᠪᠠᠢᠯᠳᠤᠬᠤ ᠪᠤᠳᠤᠯᠭ᠎ᠠ᠎ᠶ᠋ᠢᠨ ᠤᠷᠢᠳᠴᠢᠯᠠᠨ ᠮᠠᠭᠠᠳᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠂ ᠮᠡᠷᠭᠡᠵᠢᠯ᠎ᠦᠨ ᠪᠣᠯᠪᠠᠰᠤᠷᠠᠩᠭᠤᠢ ᠬᠡᠮᠵᠢᠶ᠎ᠡ᠂ ᠡᠯᠧᠮᠧᠨ᠋ᠲ᠎ᠦᠨ ᠲᠤᠯᠭᠠᠭᠤᠷᠢᠯᠠᠬᠤ ᠨᠥᠬᠥᠴᠡᠯ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠰᠣᠯᠪᠢᠴᠠᠭᠤᠯᠤᠨ ᠬᠥᠭ᠌ᠵᠢᠭᠦᠯᠬᠦ᠌ ᠬᠡᠷᠡᠭ᠌ᠲᠡᠢ᠃ ᠠᠵᠤ ᠦᠢᠯᠡᠰ᠎ᠦᠨ ᠬᠠᠮᠵᠢᠯᠴᠠᠭ᠎ᠠ᠎ᠶᠢ ᠴᠢᠩᠭᠠᠳᠭᠠᠵᠤ᠂ ᠢᠷᠡᠭᠡᠳᠦᠢ᠎ᠶ᠋ᠢᠨ ᠠᠵᠤ ᠦᠢᠯᠡᠰ ᠪᠣᠯᠤᠨ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ᠎ᠦᠨ ᠬᠠᠷᠢᠯᠴᠠᠨ ᠨᠥᠬᠥᠪᠥᠷᠢᠯᠡᠵᠤ ᠬᠠᠷᠢᠯᠴᠠᠨ ᠠᠰᠢᠬ ᠬᠦᠷᠳᠡᠬᠦ᠎ᠶᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

      ᠰᠢ᠎ᠵᠢᠨ᠎ᠫᠢᠩ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠢᠪᠳᠤᠯᠤᠯᠳᠠ᠎ᠶ᠋ᠢᠨ ᠬᠡᠮᠵᠢᠶ᠎ᠡ ᠨᠢ ᠮᠠᠰᠢ ᠶᠡᠬᠡ ᠬᠡᠮᠵᠢᠶᠡᠨ ᠳᠡᠭᠡᠷ᠎ᠡ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠤᠷᠳᠤᠴᠠ᠂ ᠥᠷᠭᠡᠴᠡ᠂ ᠭᠦᠨᠴᠡ᠎ᠶ᠋ᠢ ᠲᠣᠭ᠍ᠲᠠᠭᠠᠨ᠎ᠠ᠃ ᠱᠢᠨ᠎ᠡ ᠬᠡᠯᠪᠡᠷᠢ᠎ᠶᠢᠨ ᠤᠯᠤᠰ ᠳᠠᠶᠠᠭᠠᠷ᠎ᠤᠨ ᠪᠠᠢᠭᠤᠯᠤᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ 《ᠠᠵᠤ ᠦᠢᠯᠡᠰ ᠰᠡᠳᠦᠪ ᠭᠠᠷᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠰᠡᠳᠦᠪ᠎ᠢ ᠬᠠᠷᠢᠭᠤᠯᠬᠤ》᠎ᠶᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠡᠷᠴᠢᠮ᠎ᠢᠶᠡᠨ ᠴᠢᠩᠭᠠᠷᠠᠭᠤᠯᠵᠤ᠂ ᠰᠠᠭᠤᠷᠢ ᠰᠤᠳᠤᠯᠭᠠᠨ᠎ᠤ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠪᠠᠷᠠᠯᠠᠯᠳᠤ ᠴᠢᠨᠠᠷᠲᠠᠢ᠂ ᠱᠢᠰᠲ᠋ᠧᠮᠵᠢᠭ᠌ᠰᠡᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

      ᠰᠢ᠎ᠵᠢᠨ᠎ᠫᠢᠩ᠂ ᠮᠠᠰᠢ ᠤᠯᠠᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ ᠨᠢ ᠠᠵᠤ ᠠᠬᠤᠢᠯᠠᠯ᠎ᠤᠨ ᠠᠯᠬᠤᠮ ᠠᠯᠬᠤᠮ᠎ᠢᠶᠠᠷ ᠰᠢᠪᠳᠤᠯᠵᠤ  ᠳᠠᠢᠴᠢᠯᠠᠬᠤ᠎ᠳᠤ ᠲᠦᠱᠢᠭ᠌ᠯᠡᠨ᠎ᠡ᠃ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠭᠣᠣᠯᠯᠠᠬᠤ ᠮᠡᠷᠭᠡᠵᠢᠯ᠎ᠢᠶᠡᠷ ᠣᠷᠣᠢᠯᠠᠭ᠍ᠰᠠᠨ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠷ ᠴᠢᠩᠭ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠭᠠᠭᠤᠯᠤᠬ᠍ᠴᠢ ᠠᠵᠤ ᠠᠬᠤᠢᠯᠠᠯ ᠪᠣᠯᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠶᠡᠬᠡ᠎ᠪᠡᠷ ᠪᠣᠢᠵᠢᠭᠤᠯᠵᠤ᠂ ᠠᠵᠤ ᠦᠢᠯᠡᠰ᠎ᠦᠨ ᠬᠣᠱᠢᠭᠤᠷᠠᠯ ᠪᠠ ᠳᠡᠭᠡᠳᠦ ᠲᠡᠰ᠎ᠤᠨ ᠬᠦᠷᠢᠶ᠎ᠡ ᠴᠠᠷᠠᠭ᠎ᠠ ᠲᠡᠢᠰᠢ ᠤᠷᠤᠭ᠍ᠰᠢᠯᠠᠬᠤ᠎ᠶ᠋ᠢ ᠬᠦᠲᠦᠯᠦᠨ ᠳᠠᠭᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

      ᠰᠢ᠎ᠵᠢᠨ᠎ᠫᠢᠩ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠬᠤ ᠦᠶᠡᠯᠡᠯ᠎ᠦᠨ ᠬᠤᠭᠤᠴᠠᠭ᠎ᠠ ᠤᠷᠳᠤ᠂ ᠵᠠᠬ᠎ᠠ ᠳᠡᠯᠭᠡᠭᠦᠷ᠎ᠦᠨ ᠠᠶᠤᠯ ᠲᠦᠭ᠌ᠰᠢᠭᠦᠷᠢ ᠶᠡᠬᠡ᠂ ᠲᠦᠷᠦ᠍᠎ᠶ᠋ᠢᠨ ᠪᠤᠳᠤᠯᠭ᠎ᠠ᠎ᠶ᠋ᠢᠨ ᠲᠠᠯ᠎ᠠ᠎ᠪᠠᠷ ᠲᠡᠮᠵᠢᠵᠤ᠂ ᠵᠠᠰᠠᠭ᠎ᠤᠨ ᠣᠷᠳᠣᠨ ᠰᠠᠢᠲᠤᠷ ᠦᠢᠯᠡᠴᠢᠯᠡᠬᠦ᠌ ᠬᠡᠷᠡᠭ᠌ᠲᠡᠢ᠃ ᠡᠳ᠋᠎ᠦᠨ ᠵᠠᠰᠠᠭ ᠭᠠᠢᠯᠢ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠥᠨ ᠭᠦᠢᠯᠭᠡᠭᠡ᠎ᠶᠢ ᠶᠡᠬᠡ᠎ᠪᠡᠷ ᠬᠥᠭ᠌ᠵᠢᠭᠦᠯᠵᠦ᠍᠂ ᠴᠢᠳᠠᠪᠤᠷᠢᠲᠠᠨ᠎ᠢ ᠬᠥᠮᠦᠵᠢᠭᠦᠯᠬᠦ᠌᠂ ᠣᠷᠣᠭᠤᠯᠤᠨ ᠠᠪᠴᠢᠷᠠᠬᠤ᠂ ᠬᠡᠷᠡᠭ᠌ᠯᠡᠬᠦ᠌ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠵᠦ᠍᠂ ᠨᠡᠢᠭᠡᠮ ᠳᠠᠶᠠᠭᠠᠷ᠎ᠲᠤ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ ᠬᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

      ᠰᠢ᠎ᠵᠢᠨ᠎ᠫᠢᠩ᠂ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠣᠯᠪᠣᠭ᠍ᠳᠠᠬᠤ ᠬᠡᠪᠴᠢᠶ᠎ᠡ ᠥᠷᠭᠡᠨ᠂ ᠡᠷᠬᠡᠪᠰᠢ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌ ᠬᠡᠷᠡᠭ᠌ᠲᠡᠢ᠃ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠱᠢᠨᠵᠢᠯᠡᠬᠦ᠌ ᠤᠬᠠᠭᠠᠨᠴᠢ ᠪᠦᠲᠦᠮᠵᠢᠲᠡᠢ ᠬᠢᠨᠠᠯᠲᠠ ᠬᠠᠮᠢᠶᠠᠷᠤᠯᠲᠠ᠎ᠶ᠋ᠢᠨ ᠬᠡᠯᠪᠡᠷᠢ᠎ᠶ᠋ᠢ ᠰᠦᠪᠡᠭ᠌ᠴᠢᠯᠡᠵᠦ᠍᠂ ᠬᠣᠯᠪᠣᠭ᠍ᠳᠠᠯ ᠪᠦᠬᠦᠢ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠍᠂ 《ᠠᠮᠢᠳᠤᠯᠢᠭ ᠪᠤᠯᠭᠠᠬᠤ》 ᠪᠥᠭᠡᠳ 《ᠰᠠᠢᠲᠤᠷ ᠬᠠᠮᠢᠶᠠᠷᠬᠤ》᠎ᠶᠢ ᠪᠠᠲᠤᠯᠠᠬᠤ ᠬᠡᠷᠡᠭ᠌ᠲᠡᠢ᠃ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠡᠯ᠎ᠡ ᠲᠠᠯ᠎ᠠ᠎ᠶ᠋ᠢᠨ ᠪᠠᠷᠢᠮᠵᠢᠶ᠎ᠠ᠎ᠶ᠋ᠢ ᠬᠠᠮᠲᠤ᠎ᠪᠠᠷ ᠪᠠᠢᠭᠤᠯᠬᠤ᠂ ᠲᠦᠷᠢᠮ᠎ᠢ ᠬᠠᠮᠲᠤ᠎ᠪᠠᠷ ᠵᠥᠪᠳᠡᠯᠴᠡᠬᠦ᠌᠂ ᠠᠵᠤ ᠦᠢᠯᠡᠰ᠎ᠢ ᠬᠠᠮᠲᠤ᠎ᠪᠠᠷ ᠠᠬᠢᠭᠤᠯᠬᠤ᠎ᠶ᠋ᠢ ᠢᠳᠡᠪᠬᠢᠲᠡᠢ ᠠᠬᠢᠭᠤᠯᠬᠤ ᠬᠡᠷᠡᠭᠳᠡᠢ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠣᠱᠢᠭᠤᠷᠠᠯ ᠮᠡᠳᠡᠯᠭᠡ᠎ᠶ᠋ᠢᠨ ᠰᠤᠷᠤᠯᠴᠠᠯᠭ᠎ᠠ᠎ᠪᠠᠨ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠮᠡᠳᠡᠬᠦ᠌᠂ ᠠᠵᠤ ᠦᠢᠯᠡᠰ᠎ᠢ ᠣᠢᠯᠠᠭᠠᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠴᠢᠳᠠᠮᠠᠭᠠᠢ ᠪᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃

      ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 1 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ

ᠢᠷᠡᠯᠲᠡ᠄       