10 ᠳ᠋ᠤᠭ᠋ᠠᠷ ᠰᠠᠷ᠎ᠠ ᠵᠢᠨ 13᠎ᠤ ᠦᠳᠡ ᠵᠢᠨ ᠬᠤᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠶ᠋ᠠᠷ ᠂ ᠺᠠᠳ᠋ᠷ ᠴᠠᠭᠳᠠᠭ᠎ᠠ ᠵᠢ ᠪᠣᠯᠭᠤᠭ᠋ᠠᠨ ᠦᠵᠡᠵᠦ᠂ ᠪᠠᠶ᠋ᠢᠳᠠᠯ᠎ᠢ ᠣᠶ᠋ᠢᠯᠠᠭ᠋ᠠᠪᠠ᠃ ᠲᠡᠷᠡ ᠴᠢᠬᠤᠯᠠᠴᠢᠯᠠᠭᠰᠠᠨ᠎ᠨᠢ᠂ ᠥᠪᠥᠷ ᠮᠣᠩᠭᠤᠯ ᠪᠣᠯ ᠡᠬᠡ ᠤᠯᠤᠰ᠎ᠤᠨ 《ᠤᠮᠠᠷᠠᠲᠤ ᠶᠡᠭᠡ ᠬᠠᠭ᠋ᠠᠯᠭ᠎ᠠ》᠂ ᠨᠡᠶ᠋ᠢᠰᠯᠡᠯ᠎ᠤᠨ 《 ᠭᠤᠤᠯ》 ᠮᠥᠨ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠤᠯ᠎ᠳᠤ ᠣᠯᠭᠤᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢᠨ ᠨᠢᠭᠡ ᠪᠣᠯ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ ᠶᠠᠪᠤᠳᠠᠯ ᠪᠣᠯᠤᠨ᠎ᠠ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠰᠢᠰᠲ᠋ᠧᠮ᠎ᠤᠨ ᠬᠢᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠨᠠᠷᠢᠨ ᠣᠶ᠋ᠢᠯᠠᠭ᠋ᠠᠵᠤ ᠪᠠᠲᠤᠲᠠᠶ ᠂ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠤᠨ ᠲᠣᠭᠤᠷᠢᠨ᠎ᠳᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠠᠵᠢᠯ᠎ᠢ ᠪᠥᠬᠦ ᠲᠠᠯ᠎ᠠ᠎ᠪᠠᠷ ᠠᠬᠢᠭᠤᠯᠵᠤ᠂ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠦᠷᠭᠦᠯᠵᠢᠯᠡᠨ ᠬᠦᠴᠦᠯᠡᠨ ᠰᠠᠶ᠋ᠢᠲᠤᠷ ᠠᠳᠬᠤᠵᠤ᠂ ᠥᠪᠥᠷ ᠮᠣᠩᠭᠤᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠨᠠᠩ ᠰᠠᠶ᠋ᠢᠲᠤᠷ ᠬᠠᠮᠠᠭ᠋ᠠᠯᠠᠬᠤ ᠬᠡᠷᠡᠭᠲᠡᠶ ᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠎ᠳᠤ᠂ ᠸᠠᠩ ᠸᠧᠢ ᠵᠦᠩ ᠤᠷᠢᠳ ᠬᠤᠵᠢᠳ ᠵᠠᠷᠭᠤ ᠵᠢᠨ ᠦᠢ᠍ᠯᠡᠴᠢᠯᠡᠭᠡᠨ᠎ᠤ ᠲᠢᠩᠬᠢᠮ᠂ ᠰᠢᠭᠦᠬᠦ ᠲᠢᠩᠬᠢᠮ ᠂ ᠵᠥᠷᠢᠴᠡᠯ ᠵᠢᠭᠤᠷᠠᠯᠳᠤᠭ᠋ᠠᠨ᠎ᠢ ᠤᠯᠠᠨ ᠡᠰᠢᠴᠢᠯᠡᠨ ᠰᠢᠢ᠍ᠳᠪᠦᠷᠢᠯᠡᠬᠦ᠂ ᠰᠢᠭᠦᠨ ᠣᠶᠤᠨᠴᠢ ᠵᠡᠷᠭᠡ ᠪᠠᠶ᠋ᠢᠳᠠᠯ᠎ᠢ ᠣᠶ᠋ᠢᠯᠠᠭ᠋ᠠᠪᠠ᠃ ᠲᠡᠷᠡ᠂ ᠠᠷᠠᠳ᠎ᠤᠨ ᠲᠥᠯᠥᠭᠡ ᠬᠠᠤᠯᠢ ᠪᠠᠷᠢᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠢᠷᠭᠡᠨ᠎ᠤ ᠪᠠ ᠬᠤᠳᠠᠯᠳᠤᠭ᠋ᠠᠨ᠎ᠤ ᠶᠠᠪᠤᠳᠠᠯ᠎ᠤᠨ ᠬᠡᠷᠡᠭ᠎ᠢ ᠰᠢᠭᠦᠨ ᠲᠠᠰᠤᠯᠬᠤ ᠲᠦᠪᠰᠢᠨ᠎ᠢ ᠳᠡᠭᠡᠭᠰᠢᠯᠡᠭᠦᠯᠵᠦ᠂ ᠬᠡᠷᠡᠭ ᠨᠢᠭᠡᠪᠦᠷᠢ ᠵᠢ ᠴᠥᠮ ᠲᠡᠦᠬᠡ᠂ ᠦᠢ᠍ᠯᠡᠳᠦᠯᠭᠡ ᠪᠠ ᠠᠷᠠᠳ ᠲᠦᠮᠡᠨ᠎ᠤ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠢ ᠰᠢᠯᠢᠳᠡᠭᠵᠢᠭᠦᠯᠬᠦ ᠵᠡᠷᠭᠡ ᠬᠦᠷᠢᠶ᠎ᠡ ᠵᠢ ᠴᠢᠩᠭ᠎ᠠ ᠠᠩᠬᠠᠷᠴᠤ᠂ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢ ᠦᠷᠭᠦᠯᠵᠢᠯᠡᠨ ᠴᠢᠩᠭ᠋ᠠᠳᠬᠠᠵᠤ᠂ ᠬᠠᠤᠯᠢᠵᠢᠯ᠎ᠤᠨ ᠦᠨᠳᠦᠰᠦ ᠵᠢ ᠪᠠᠬᠢᠵᠢᠭᠦᠯᠬᠦ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠠᠯᠤᠰ ᠬᠡᠳᠤ᠎ᠳᠤ ᠠᠰᠢᠭᠲᠠᠢ ᠪᠠᠶ᠋ᠢᠬᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ ᠬᠡᠷᠡᠭᠲᠡᠢ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ᠎ᠳᠤ᠂ ᠸᠠᠩ ᠸᠧᠢ ᠵᠦᠩ ᠲᠣᠭ᠋ᠠᠴᠢᠯᠠᠭᠰᠠᠨ ᠪᠠᠶ᠋ᠢᠴᠠᠭ᠋ᠠᠬᠤ ᠠᠵᠢᠯ᠎ᠤᠨ ᠵᠢᠯᠣᠭᠤᠳᠬᠤ ᠲᠥᠪ᠂ 12309 ᠪᠠᠶ᠋ᠢᠴᠠᠭ᠋ᠠᠬᠤ ᠦᠢ᠍ᠯᠡᠴᠢᠯᠡᠭᠡᠨ᠎ᠤ ᠲᠥᠪ᠎ᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠠᠵᠢᠯ᠎ᠤᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠠᠢ᠃ ᠲᠡᠷᠡ᠂ ᠡᠷᠡᠭᠦᠦ ᠵᠢᠨ ᠬᠡᠷᠡᠭ᠂ ᠢᠷᠭᠡᠨ᠎ᠤ ᠬᠡᠷᠡᠭ᠂ ᠵᠠᠰᠠᠭ ᠵᠠᠬᠢᠷᠭ᠎ᠠ ᠪᠠ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ 《ᠲᠦᠷᠪᠡᠨ ᠶᠡᠭᠡ 》᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢ᠍ᠴᠡᠳᠬᠡᠵᠦ᠂ ᠪᠦᠬᠦ ᠣᠷᠣᠨ᠎ᠤ ᠬᠠᠤᠯᠢ ᠶᠠᠰᠤ ᠴᠢᠨᠠᠷ᠂ ᠦᠷ᠎ᠡ ᠪᠦᠲᠦᠮᠵᠢ ᠪᠠ ᠤᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ᠎ᠤᠨ ᠲᠥᠯᠥᠭᠡ ᠬᠠᠤᠯᠢ ᠪᠠᠷᠢᠬᠤ ᠵᠢ ᠪᠠᠷᠢᠮᠲᠠᠯᠠᠵᠤ᠂ ᠢᠮᠠᠭᠲᠠ ᠤᠯᠠᠨ ᠲᠦᠮᠡᠨ᠎ᠤ ᠠᠰᠢᠭ ᠲᠤᠰᠠ ᠵᠢ ᠬᠠᠮᠠᠭ᠋ᠠᠯᠠᠬᠤ ᠲᠠᠯ᠎ᠠ᠎ᠠᠴᠠ ᠠᠰᠠᠭᠤᠳᠠᠯ᠎ᠢ ᠪᠣᠳᠣᠯᠬᠢᠯᠠᠵᠤ᠂ ᠡᠯ᠎ᠡ ᠵᠦᠢ᠍ᠯ᠎ᠤᠨ ᠠᠵᠢᠯ᠎ᠢ ᠨᠠᠷᠢᠯᠢᠭ ᠪᠣᠳᠠᠲᠠᠢ ᠠᠳᠬᠤᠵᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ᠃

ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠳᠤ᠂ ᠸᠠᠩ ᠸᠧᠶ ᠵᠥᠩ ᠮᠡᠳᠡᠭᠡᠨ᠎ᠤ ᠵᠢᠯᠣᠭᠤᠳᠬᠤ ᠲᠥᠪ ᠡᠷᠢᠶᠡᠨ ᠬᠤᠲᠠ ᠵᠢᠨ ᠪᠣᠭᠤᠮᠲᠠ᠂ ᠤᠯᠠᠭ᠋ᠠᠨᠬᠠᠳᠠ ᠵᠢᠨ ᠸᠠᠩ ᠳ᠋ᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠥᠷᠲᠡᠭᠡ᠂ ᠬᠥᠬᠡᠬᠤᠲᠠ ᠵᠢᠨ ᠶᠡᠭᠡ ᠵᠣᠣ ᠲᠠᠯᠠᠪᠠᠶ ᠵᠢᠨ ᠵᠢᠵᠢᠭᠦᠷᠯᠡᠬᠦ ᠴᠡᠭ ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ 《 》 ᠵᠢ ᠨᠢᠭᠡ ᠴᠤᠭᠴᠠᠵᠢᠭᠤᠯᠤᠭᠰᠠᠨ ᠠᠵᠢᠯᠯᠠᠭ᠋ᠠᠨ᠎ᠤ ᠲᠣᠭᠲᠠᠴᠠ ᠪᠠ ᠬᠠᠮᠢᠶ᠎ᠠ ᠪᠥᠬᠦᠶ ᠠᠵᠢᠯ᠎ᠤᠨ ᠪᠠᠶ᠋ᠢᠳᠠᠯ᠎ᠢ ᠣᠶ᠋ᠢᠯᠠᠭ᠋ᠠᠪᠠ᠃ ᠲᠡᠷᠡ᠂ 《ᠨᠠᠮ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠲᠥᠪ ᠭᠤᠣᠯᠴᠢ᠎ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠵᠢ ᠴᠢᠩᠳᠠᠯᠠᠬᠤ》 ᠶᠡᠷᠦᠩᠬᠡᠢ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ᠂ ᠮᠠᠨ᠎ᠤ ᠣᠷᠣᠨ᠎ᠤ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ ᠪᠣᠯᠤᠭᠰᠠᠨ᠎ᠤ ᠬᠤᠪᠢ᠎ᠳᠠᠬᠢ ᠪᠣᠳᠠᠲᠤ ᠪᠠᠶ᠋ᠢᠳᠠᠯ᠎ᠢ ᠪᠠᠲᠤ ᠡᠵᠡᠮᠳᠡᠵᠦ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠵᠥᠷᠢᠴᠡᠯ ᠵᠢᠭᠤᠷᠠᠯᠳᠤᠭ᠋ᠠᠨ ᠪᠠ ᠠᠶᠤᠯ ᠲᠦᠭᠰᠢᠭᠦᠷᠢ ᠭᠡᠮ᠎ᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠵᠤ᠂ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠥᠪᠥᠷ ᠮᠣᠩᠭᠤᠯ᠎ᠢ ᠪᠦᠳᠦᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠳᠤᠮᠳᠠ᠂ ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠵᠢᠯ᠎ᠢ ᠨᠤᠲᠠᠯᠠᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠰᠢᠭᠦᠬᠦ ᠠᠵᠢᠯᠲᠠᠨ᠎ᠤ ᠪᠥᠬᠦ ᠣᠷᠣᠨ᠎ᠤ ᠠᠮᠤᠷ ᠲᠦᠪᠰᠢᠨ ᠲᠣᠭᠲᠠᠭᠤᠨ ᠪᠠ ᠠᠷᠠᠳ ᠲᠦᠮᠡᠨ᠎ᠤ ᠵᠣᠯ ᠵᠢᠷᠭ᠋ᠠᠯᠲᠤ ᠠᠮᠤᠷ ᠢ ᠬᠠᠮᠠᠭ᠋ᠠᠯᠠᠬᠤ᠎ᠳᠤ ᠦᠵᠡᠭᠦᠯᠦᠭᠰᠡᠨ ᠬᠤᠪᠢ ᠨᠡᠮᠡᠷᠢ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠰᠢᠰᠲ᠋ᠧᠮ᠎ᠤᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠶᠡᠭᠡ᠎ᠪᠠᠷ ᠳᠡᠮᠵᠢᠵᠦ᠂ ᠬᠠᠤᠯᠢᠵᠢᠯ᠎ᠤᠨ ᠥᠪᠥᠷ ᠮᠣᠩᠭᠤᠯ᠎ᠤᠨ ᠪᠦᠳᠦᠭᠡᠨ ᠪᠠᠶ᠋ᠢᠭᠤᠯᠤᠯᠲᠠ᠎ᠳᠤ ᠰᠠᠶ᠋ᠢᠨ ᠰᠠᠶ᠋ᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠵᠦ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠵᠧᠩ ᠭᠤᠸᠠᠩ ᠵᠤᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶᠠᠨ᠎ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶᠠᠨ᠎ᠤ ᠪᠠᠶ᠋ᠢᠴᠠᠭ᠋ᠠᠬᠤ ᠳᠠᠷᠤᠭ᠎ᠠ ᠯᠢ ᠶᠦᠩ ᠵᠢᠶᠦ᠋ᠨ ᠃