9 ᠰᠠᠷ᠎ᠠ ᠵᠢᠨ 27᠎ᠤ ᠡᠳᠦᠷ᠂ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠶ᠋ᠢᠭᠤᠯᠤᠯᠲᠠ ᠵᠢ ᠭᠦᠨᠵᠡᠭᠡᠶ ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠬᠠᠤᠯᠢ ᠴᠠᠭ᠋ᠠᠵᠠ ᠵᠢᠨ ᠬᠡᠪ ᠪᠣᠯᠪᠠᠰᠤᠷᠠᠯ ᠬᠢᠭᠡᠳ ᠬᠠᠤᠯᠢ ᠬᠡᠷᠡᠭᠵᠢᠭᠦᠯᠬᠦ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ 2025 ᠣᠨ᠎ᠳᠤ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠬᠢᠷᠢ ᠬᠡᠮ᠎ᠤᠨ ᠰᠢᠯᠭ᠋ᠠᠯᠲᠠ ᠵᠢ ᠪᠥᠬᠦ ᠣᠷᠣᠨ᠎ᠤ ᠡᠯ᠎ᠡ ᠠᠶ᠋ᠢᠮᠠᠭ ᠬᠤᠲᠠ ᠵᠢᠨ ᠰᠢᠯᠭ᠋ᠠᠯᠲᠠ ᠵᠢᠨ ᠴᠡᠭ᠎ᠲᠤ ᠨᠢᠭᠡᠳᠦᠯᠲᠡᠶ ᠶᠠᠪᠤᠭᠳᠠᠭᠤᠯᠵᠤ᠂ ᠲᠣᠰ ᠤᠳᠠᠭ᠋ᠠᠨ᠎ᠤ ᠰᠢᠯᠭ᠋ᠠᠯᠲᠠ᠎ᠳᠤ ᠨᠡᠶ᠋ᠢᠲᠡ 3215 ᠬᠥᠮᠦᠨ ᠃

ᠣᠶ᠋ᠢᠯᠠᠭ᠋ᠠᠭᠰᠠᠨ ᠵᠶ᠋ᠠᠷ᠂ ᠪᠥᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠲᠣᠰ ᠤᠳᠠᠭ᠋ᠠᠨ᠎ᠤ ᠰᠢᠯᠭ᠋ᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠭᠦᠨ᠎ᠢ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ ᠠᠬᠢᠭᠤᠯᠬᠤ ᠵᠠᠩᠭᠢᠯᠠᠭ᠎ᠠ ᠵᠢᠨ ᠭᠠᠷᠳᠠᠴᠠ ᠪᠣᠯᠭ᠋ᠠᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠨᠠᠷᠢᠨ ᠨᠢᠮᠪᠠᠶ ᠪᠠᠶ᠋ᠢᠷᠢᠯᠠᠭᠤᠯᠪᠠ᠃ ᠰᠢᠯᠭ᠋ᠠᠯᠳᠠ ᠵᠢᠨ ᠪᠡᠯᠡᠳᠭᠡᠯ ᠱᠠᠳᠤᠨ᠎ᠳᠤ ᠦᠪᠡᠷᠳᠡᠬᠡᠨ ᠵᠠᠰᠠᠬᠤ ᠤᠷᠤᠨ᠎ᠤ ᠲᠤᠳᠤᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠶ᠋ᠢᠭᠤᠯᠭ᠎ᠠ ᠵᠢᠴᠢ ᠡᠯ᠎ᠡ ᠠᠶ᠋ᠢᠮᠠᠭ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠰᠢᠯᠭ᠋ᠠᠯᠳᠠ ᠵᠢᠨ ᠠᠵᠢᠯ᠎ᠤᠨ ᠠᠯᠪᠠᠨ ᠬᠡᠷ᠎ᠨᠢ ᠪᠤᠳᠠᠳᠠᠢ ᠪᠠᠶ᠋ᠢᠯᠳᠤᠭ᠋ᠠᠨ᠎ᠤ ᠱᠠᠭ᠋ᠠᠷᠳᠠᠯᠭ᠎ᠠ᠎ᠳᠤ ᠰᠠᠭᠤᠷᠢᠯᠠᠨ᠂ ᠰᠢᠨᠵᠢᠯᠡᠬᠦ ᠤᠬᠠᠭ᠋ᠠᠨᠴᠢ ᠪᠦᠬᠡᠳ ᠨᠠᠷᠢᠨ ᠲᠤᠳᠤ ᠠᠵᠢᠯ᠎ᠤᠨ ᠲᠦᠰᠦᠯ᠎ᠢ ᠤᠷᠢᠳᠴᠢᠯᠠᠨ ᠲᠤᠨᠨᠳᠠᠭ᠋ᠠᠵᠦ᠂ ᠰᠢᠯᠭ᠋ᠠᠯᠳᠠ ᠵᠢᠨ ᠶᠠᠪᠤᠳᠠᠯ᠎ᠤᠨ ᠲᠤᠬᠢᠷᠠᠭᠤᠯᠭ᠎ᠠ᠂ ᠶᠠᠪᠤᠴᠠ ᠵᠢ ᠵᠤᠯᠭ᠋ᠠᠭᠤᠯᠬᠤ᠂ ᠪᠠᠳᠤᠯᠠᠭ᠎ᠠ ᠵᠢᠨ ᠠᠷᠭ᠎ᠠ ᠬᠡᠮᠵᠢᠶ᠎ᠡ ᠵᠡᠷᠬᠡ ᠵᠢ ᠨᠠᠷᠢᠨ ᠬᠢᠨᠠᠮᠠᠭ᠋ᠠᠢ ᠲᠦᠯᠦᠪᠵᠢᠬᠦᠯᠪᠡ; ᠰᠢᠯᠭ᠋ᠠᠯᠳᠠ ᠵᠢᠨ ᠬᠢᠨᠠᠯᠳᠠ ᠲᠠᠯᠪᠢᠯᠳᠠ ᠵᠢ ᠴᠢᠩᠭ᠋ᠠᠳᠬᠠᠵᠦ᠂ ᠰᠢᠯᠭ᠋ᠠᠯᠳᠠ ᠵᠢᠨ ᠵᠢᠷᠤᠮᠵᠢᠯ᠎ᠢ ᠦᠨᠡᠨ ᠬᠦ᠌ ᠪᠠᠳᠤᠯᠠᠬᠤ ᠵᠢᠨ ᠲᠤᠰᠠᠳᠠ᠂ ᠲᠤᠳᠤᠭ᠋ᠠᠳᠤ ᠵᠢ ᠬᠠᠮᠠᠭ᠋ᠠᠯᠠᠬᠤ ᠲᠢᠩᠬᠢᠮ ᠪᠠᠰᠠ ᠲᠤᠭᠤᠷᠢᠨ ᠰᠢᠯᠭ᠋ᠠᠭᠤᠯᠬᠤ ᠠᠵᠢᠯᠳᠠᠨ᠎ᠢ ᠲᠤᠰᠬᠠᠶ᠋ᠢᠯᠠᠨ ᠲᠤᠮᠢᠯᠠᠨ ᠡᠯ᠎ᠡ ᠠᠶ᠋ᠢᠮᠠᠭ ᠬᠤᠳᠠ ᠵᠢᠨ ᠰᠢᠯᠭ᠋ᠠᠯᠳᠠ ᠵᠢᠨ ᠴᠡᠭ᠎ᠲᠤ ᠲᠤᠭᠤᠷᠢᠨ ᠵᠢᠯᠤᠭᠤᠳᠬᠤ ᠠᠵᠢᠯ ᠦᠷᠨᠢᠬᠦᠯᠵᠦ᠂ ᠦᠨᠳᠦᠰᠦᠨ ᠱᠠᠳᠤᠨ᠎ᠤ ᠬᠠᠤᠯᠢ ᠬᠡᠷᠡᠭᠵᠢᠬᠦᠯᠬᠦ ᠬᠢᠷᠢ ᠬᠡᠮ᠎ᠤᠨ ᠲᠡᠰ᠎ᠤᠨ ᠰᠢᠯᠭ᠋ᠠᠯᠳᠠ ᠵᠢᠨ ᠴᠢᠩᠭ᠎ᠠ ᠬᠢᠨᠠᠮᠠᠭ᠋ᠠᠢ ᠡᠮᠬᠢ ᠵᠢᠷᠤᠮ᠎ᠲᠠᠢ ᠪᠠᠶ᠋ᠢᠬᠤ ᠵᠢ ᠪᠦᠭᠦ ᠭᠦᠴᠦᠨ ᠵᠶ᠋ᠠᠷ ᠪᠠᠳᠤᠯᠠᠪᠠ᠃ ᠡᠯ᠎ᠡ ᠰᠢᠯᠭ᠋ᠠᠯᠲᠠ᠎ᠳᠤ ᠬᠤᠯᠪᠣᠭᠳᠠᠬᠤ ᠰᠠᠯᠠᠭ᠎ᠠ ᠮᠥᠴᠢᠷ᠎ᠤᠳ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠠᠲᠤ ᠪᠠᠬᠢ ᠪᠣᠶ ᠪᠣᠯᠭ᠋ᠠᠵᠤ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠢᠭᠲᠠ ᠬᠠᠮᠵᠢᠯᠴᠠᠨ᠂ ᠥᠨᠳᠥᠷ ᠪᠦᠲᠦᠮᠵᠢᠲᠡᠶ᠎ᠪᠠᠷ ᠬᠠᠮᠲᠤᠷᠠᠨ ᠬᠥᠳᠡᠯᠦᠯᠴᠡᠵᠦ᠂ ᠰᠢᠯᠭ᠋ᠠᠯᠲᠠ᠎ᠠᠴᠠ ᠡᠮᠦᠨᠡᠬᠢ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠪᠥᠬᠦ ᠲᠠᠯ᠎ᠠ᠎ᠪᠠᠷ ᠨᠠᠷᠢᠨ ᠨᠢᠮᠪᠠᠶ ᠪᠡᠶᠡᠯᠡᠭᠦᠯᠵᠦ᠂ ᠰᠢᠯᠭ᠋ᠠᠯᠲᠠ ᠵᠢᠨ ᠲᠣᠭᠲᠠᠭᠤᠨ ᠪᠥᠭᠡᠳ ᠡᠮᠬᠢ ᠵᠢᠷᠤᠮ᠎ᠲᠠᠢ ᠥᠷᠨᠢᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠃

ᠥᠷᠭᠡᠨ ᠣᠯᠠᠨ ᠠᠷᠠᠳ᠎ᠤᠨ ᠴᠠᠭᠳᠠᠭ᠎ᠠ ᠵᠢᠨ ᠰᠢᠯᠭ᠋ᠠᠯᠲᠠ᠎ᠳᠤ ᠪᠡᠯᠡᠳᠬᠡᠬᠦ ᠢᠳᠡᠪᠬᠢᠵᠢᠯ ᠬᠢᠭᠡᠳ ᠰᠠᠨᠠᠭ᠋ᠠᠴᠢᠯᠠᠭ᠋ᠠᠲᠤ ᠴᠢᠨᠠᠷ᠎ᠢ ᠦᠨᠡᠨ ᠬᠦ᠌ ᠬᠥᠭᠵᠢᠭᠡᠬᠦ ᠵᠢᠨ ᠲᠥᠯᠥᠭᠡ᠂ ᠡᠯ᠎ᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠠᠤᠯᠢ ᠬᠡᠷᠡᠭᠵᠢᠭᠦᠯᠬᠦ ᠬᠢᠷᠢ ᠬᠡᠮ᠎ᠤᠨ ᠲᠠᠰ᠎ᠤᠨ ᠰᠢᠯᠭ᠋ᠠᠯᠲᠠ ᠵᠢᠨ ᠦᠷ᠎ᠡ ᠳ᠋ᠦᠩ᠎ᠤᠨ ᠬᠡᠷᠡᠭᠯᠡᠯᠲᠡ ᠵᠢᠨ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠢᠯᠭ᠋ᠠᠯᠲᠠ ᠵᠢᠨ ᠬᠢᠷᠢ ᠪᠦᠲᠦᠮᠵᠢ ᠵᠢ ᠰᠢᠯᠢᠳᠡᠭ᠎ᠢ ᠰᠢᠯᠭ᠋ᠠᠷᠠᠭᠤᠯᠵᠤ ᠲᠡᠷᠢᠭᠦᠨ᠎ᠤ᠎ᠬᠢ ᠵᠢ ᠰᠢᠯᠭ᠋ᠠᠷᠠᠭᠤᠯᠬᠤ᠂ ᠲᠤᠰᠢᠶᠠᠯ ᠳᠡᠪᠰᠢᠭᠦᠯᠦᠨ ᠲᠠᠰ ᠳᠡᠪᠰᠢᠭᠦᠯᠬᠦ ᠵᠡᠷᠭᠡ ᠵᠠᠩᠭᠢᠯᠠᠭ᠎ᠠ ᠵᠢᠨ ᠭᠤᠭᠴᠤᠭ᠎ᠠ᠎ᠲᠠᠢ ᠨᠢᠭᠲᠠ ᠬᠤᠯᠪᠣᠭᠳᠠᠭᠤᠯᠵᠤ᠂ ᠰᠢᠯᠭ᠋ᠠᠯᠲᠠ ᠵᠢᠨ 《ᠳᠣᠬᠢᠭᠤᠷ》᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠪᠥᠬᠦ ᠠᠷᠠᠳ᠎ᠤᠨ ᠴᠠᠭᠳᠠᠭ᠎ᠠ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠰᠢᠯᠭ᠋ᠠᠯᠲᠠ᠎ᠪᠠᠷ ᠰᠤᠷᠤᠯᠴᠠᠯᠭ᠎ᠠ ᠵᠢ ᠠᠬᠢᠭᠤᠯᠵᠤ᠂ ᠰᠤᠷᠤᠯᠴᠠᠬᠤ᠎ᠪᠠᠷ ᠬᠡᠷᠡᠭᠯᠡᠬᠦ ᠵᠢ ᠠᠬᠢᠭᠤᠯᠵᠤ᠂ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠬᠡᠷᠡᠭᠵᠢᠭᠦᠯᠬᠦ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃

ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ᠎ᠬᠢᠨ ᠲᠣᠰ ᠤᠳᠠᠭ᠋ᠠᠨ᠎ᠤ ᠰᠢᠯᠭ᠋ᠠᠯᠲᠠ᠎ᠪᠠᠷ ᠰᠢᠨ᠎ᠡ ᠡᠬᠢᠯᠡᠯᠲᠡ ᠪᠣᠯᠭ᠋ᠠᠵᠤ᠂ ᠰᠢᠯᠭ᠋ᠠᠯᠲᠠ ᠵᠢᠨ ᠦᠷ᠎ᠡ ᠦᠷᠭᠦᠯᠵᠢᠯᠡᠨ ᠪᠠᠬᠢᠵᠢᠭᠦᠯᠵᠦ᠂ ᠠᠷᠠᠳ᠎ᠤᠨ ᠴᠠᠭᠳᠠᠭ᠎ᠠ ᠵᠢᠨ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠳᠤᠲᠠᠭᠤᠳᠠᠯ᠎ᠳᠤ ᠴᠢᠭᠯᠡᠭᠦᠯᠦᠨ ᠰᠢᠰᠲ᠋ᠧᠮ᠎ᠢ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠᠬᠢ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠵᠢ ᠭᠦᠨᠵᠡᠭᠡᠶ᠋ᠢᠷᠡᠭᠦᠯᠵᠦ᠂ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠶ᠋ᠢᠭᠤᠯᠤᠯᠲᠠ ᠵᠢ ᠨᠠᠩ ᠭᠦᠨ ᠳᠠᠪᠬᠤᠷᠭ᠎ᠠ᠂ ᠨᠠᠩ ᠥᠨᠳᠥᠷ ᠲᠦᠪᠰᠢᠨ᠎ᠳᠤ ᠳᠠᠪᠰᠢᠭᠤᠯᠬᠤ ᠵᠢ ᠠᠬᠢᠭᠤᠯᠵᠤ᠂ ᠪᠥᠬᠦ ᠣᠷᠣᠨ᠎ᠤ ᠨᠡᠶ᠋ᠢᠭᠡᠮ᠎ᠤᠨ ᠶᠡᠭᠡ ᠲᠠᠯ᠎ᠠ ᠵᠢᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ᠎ᠳᠤ ᠨᠠᠩ ᠪᠠᠲᠤ ᠪᠠᠬᠢ ᠬᠠᠤᠯᠢᠵᠢᠯ᠎ᠤᠨ ᠪᠠᠲᠤᠯᠠᠭ᠎ᠠ ᠃