ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠭᠤᠷᠠᠢ᠌ᠬᠦᠷᠢᠶ᠎ᠡ ᠲᠣᠮᠢᠯᠠᠭᠰᠠᠨ ᠰᠠᠯᠪᠤᠷᠢ ᠠᠵᠢᠯᠴᠢᠨ ᠪᠠ ᠬᠥᠷᠥᠩᠭᠡᠲᠡᠨ᠎ᠤ ᠵᠠᠭᠤᠷᠠᠯᠳᠤᠭ᠋ᠠᠨ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠪᠡ
ᠨᠡᠶ᠋ᠢᠲᠡᠯᠡᠭᠰᠡᠨ ᠴᠠᠭ᠄ 2023-11-21

      ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠭᠤᠷᠠᠢ᠌ᠬᠦᠷᠢᠶ᠎ᠡ ᠲᠣᠮᠢᠯᠠᠭᠰᠠᠨ ᠰᠠᠯᠪᠤᠷᠢ ᠬᠠᠷᠢᠶ᠎ᠠ ᠣᠷᠣᠨ᠎ᠤ ᠪᠠᠷᠢᠯᠭ᠎ᠠ ᠵᠢᠨ ᠭᠠᠵᠠᠷ᠎ᠤᠨ ᠠᠵᠢᠯ᠎ᠤᠨ ᠳᠠᠭ᠋ᠠᠭ᠋ᠠᠮᠠᠯ ᠬᠥᠳᠡᠯᠮᠦᠷᠢ ᠵᠢᠨ ᠬᠥᠯᠥᠰᠥ ᠣᠯᠭᠣᠮᠵᠢ ᠵᠢ ᠥᠭᠬᠦ ᠥᠬᠡᠶ᠎ᠠᠴᠠ ᠪᠣᠯᠵᠣ ᠠᠵᠢᠯᠴᠢᠳ᠎ᠲᠠᠢ ᠵᠢᠭᠤᠷᠠᠯᠳᠤᠭ᠋ᠠᠨ ᠡᠭᠦᠰᠴᠡᠶ ᠭᠡᠰᠡᠨ ᠬᠡᠷᠡᠭ᠎ᠤᠨ ᠮᠡᠳᠡᠭᠦᠯᠦᠯᠲᠡ ᠵᠢ ᠣᠯᠪᠠ᠃ ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠲᠡᠷᠡ ᠳᠠᠷᠤᠶ᠎ᠳᠤ᠎ᠨᠢ ᠲᠤᠬᠠᠶ ᠵᠢᠨ ᠲᠠᠯᠠᠪᠠᠶ᠎ᠳᠤ ᠬᠦᠷᠴᠦ᠂ ᠵᠠᠭᠤᠷᠠᠯᠳᠤᠭ᠋ᠠᠨ᠎ᠤ ᠪᠣᠳᠠᠲᠠᠶ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠠᠵᠢᠯ᠎ᠤᠨ ᠳᠠᠭ᠋ᠠᠭ᠋ᠠᠮᠠᠯ ᠠᠵᠢᠯᠴᠢᠨ᠎ᠤ ᠬᠥᠳᠡᠯᠮᠦᠷᠢ ᠵᠢᠨ ᠬᠥᠯᠥᠰᠥ ᠣᠯᠭᠣᠮᠵᠢ ᠵᠢ ᠥᠭᠭᠦᠭᠰᠡᠨ ᠦᠭᠡᠢ ᠠᠰᠠᠭᠤᠳᠠᠯ ᠦᠨᠡᠬᠡᠷ ᠣᠷᠣᠰᠢᠵᠤ ᠪᠠᠶ᠋ᠢᠬᠤ ᠵᠢ ᠨᠤᠲᠠᠯᠠᠵᠠᠶ᠃ ᠡᠭᠦᠨ᠎ᠤ ᠲᠤᠬᠠᠶ ᠠᠷᠠᠳ᠎ᠤᠨ ᠴᠠᠭᠳᠠᠭ᠎ᠠ ᠬᠣᠶᠠᠷ ᠲᠠᠯ᠎ᠠ᠎ᠲᠠᠢ ᠬᠦᠯᠢᠴᠡᠩᠭᠦᠶ᠎ᠪᠠᠷ ᠶᠠᠷᠢᠯᠴᠠᠵᠤ᠂ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠠᠶ᠋ᠢᠯᠪᠤᠷᠢᠯᠠᠵᠤ᠂ ᠠᠵᠢᠯ᠎ᠤᠨ ᠳᠠᠭ᠋ᠠᠭ᠋ᠠᠮᠠᠯ ᠬᠡᠷᠪᠡ ᠬᠥᠳᠡᠯᠮᠦᠷᠢ ᠵᠢᠨ ᠬᠥᠯᠥᠰᠥ ᠣᠯᠭᠣᠮᠵᠢ ᠵᠢ ᠥᠭᠬᠦ ᠥᠬᠡᠶ ᠪᠣᠯ ᠬᠥᠳᠡᠯᠮᠦᠷᠢ ᠵᠢᠨ ᠬᠠᠤᠯᠢ ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠵᠥᠷᠢᠴᠡᠬᠦ ᠪᠣᠯᠤᠨ᠎ᠠ᠂ ᠠᠵᠢᠯᠴᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠠᠴᠠ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠡᠷᠢᠬᠦ ᠡᠷᠬᠡ᠎ᠲᠠᠢ᠂ ᠠᠵᠢᠯ᠎ᠤᠨ ᠳᠠᠭ᠋ᠠᠭ᠋ᠠᠮᠠᠯ ᠵᠣᠬᠢᠬᠤ ᠬᠠᠤᠯᠢ ᠵᠢᠨ ᠬᠠᠷᠢᠭᠤᠴᠠᠯᠭ᠎ᠠ᠎ᠳᠤ ᠲᠤᠯᠭ᠋ᠠᠷᠠᠬᠤ ᠪᠣᠯᠤᠨ᠎ᠠ ᠭᠡᠵᠦ ᠵᠢᠭ᠋ᠠᠵᠤ ᠭᠠᠷᠭ᠋ᠠᠪᠠ᠃

2023101809564407.jpg


      ᠬᠣᠶᠠᠷ ᠲᠠᠯ᠎ᠠ᠎ᠪᠠᠷ ᠵᠶ᠋ᠠᠨ ᠤᠯᠠᠮ ᠨᠢᠭᠡ ᠠᠯᠬᠤᠮ ᠵᠥᠪᠳᠡᠯᠴᠡᠬᠦ᠎ᠪᠠᠷ ᠳᠠᠮᠵᠢᠭ᠋ᠠᠳ᠂ ᠠᠵᠢᠯ᠎ᠤᠨ ᠳᠠᠭ᠋ᠠᠭ᠋ᠠᠮᠠᠯ ᠡᠴᠦᠰ᠎ᠲᠤ᠎ᠪᠠᠨ ᠠᠵᠢᠯᠴᠢᠳ᠎ᠤᠨ ᠥᠷᠢᠲᠦᠭᠰᠡᠨ ᠴᠠᠯᠢᠩ᠎ᠢ ᠥᠭᠪᠡ᠃ ᠬᠠᠭᠤᠷᠠᠢ᠌ᠬᠦᠷᠢᠶ᠎ᠡ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠪᠤᠳᠠᠳᠤ ᠠᠵᠢᠯᠯᠠᠭ᠎ᠠ᠎ᠪᠠᠷ ᠵᠶ᠋ᠠᠨ ᠤᠯᠠᠨ ᠲᠦᠮᠡᠨ᠎ᠤ ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠵᠦ᠂ ᠭᠠᠳᠠᠨ᠎ᠠ᠎ᠠᠴᠠ ᠢᠷᠡᠵᠦ ᠠᠵᠢᠯ ᠬᠥᠳᠡᠯᠮᠦᠷᠢ ᠬᠢᠵᠦ ᠪᠠᠶ᠋ᠢᠭ᠎ᠠ ᠬᠥᠮᠦᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠪᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ