ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠨᠢᠭᠡᠨ ᠪᠦᠯᠦᠭᠯᠡᠯ᠎ᠤᠨ ᠬᠤᠯᠠᠭ᠋ᠠᠶ᠋ᠢᠯᠠᠭᠰᠠᠨ ᠬᠡᠷᠡᠭ᠎ᠢ ᠠᠮᠵᠢᠯᠲᠠ᠎ᠲᠠᠢ᠎ᠪᠠᠷ ᠢᠯᠡᠷᠡᠭᠦᠯᠪᠡ
ᠨᠡᠶ᠋ᠢᠲᠡᠯᠡᠭᠰᠡᠨ ᠴᠠᠭ᠄ 2023-12-08

      ᠣᠶ᠋ᠢᠷ᠎ᠠ᠎ᠳᠤ᠂ ᠳᠤᠮᠳᠠᠳᠤ ᠤᠯᠤᠰ᠎ᠤᠨ ᠨᠢᠭᠡᠳᠦᠭᠡᠷ ᠲᠡᠮᠦᠷ ᠪᠣᠯᠪᠠᠰᠤᠷᠠᠭᠤᠯᠬᠤ ᠪᠦᠯᠦᠭᠯᠡᠯ᠎ᠤᠨ ᠬᠤᠸᠠ ᠷᠦᠨ ᠴᠠᠬᠢᠯᠭ᠋ᠠᠨ ᠬᠦᠴᠦᠨ᠎ᠤ ᠠᠪᠠᠭ᠎ᠠ ᠬᠣᠰᠢᠭᠤᠨ᠎ᠤ ᠪᠡᠯᠭᠦᠳᠡᠢ ᠵᠢᠨ 500MW ᠰᠠᠯᠬᠢᠨ ᠬᠦᠴᠦᠨ᠎ᠤ ᠴᠠᠬᠢᠯᠭ᠋ᠠᠨ᠎ᠤ ᠢᠨᠵᠧᠨᠧᠷᠢᠩ᠎ᠤᠨ ᠬᠡᠯᠲᠡᠰ᠎ᠤᠨ ᠬᠠᠷᠢᠭᠤᠴᠠᠯᠭ᠋ᠠᠲᠠᠨ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠪᠣᠯᠤᠨ ᠪᠡᠯᠭᠦᠳᠡᠢ᠎ᠳᠠᠬᠢ ᠲᠣᠮᠢᠯᠠᠭᠰᠠᠨ ᠰᠠᠯᠪᠤᠷᠢ᠎ᠳᠤ ᠬᠣᠶᠠᠷ ᠬᠡᠮᠡᠷᠯᠢᠭ ᠲᠣᠭ ᠪᠣᠯᠤᠨ ᠪᠤᠰᠤᠳ ᠲᠣᠬᠣᠨᠢᠭᠤᠯᠬᠤ ᠡᠳ᠋ ᠪᠣᠳᠠᠰ ᠬᠦᠷᠭᠡᠭᠡᠳ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠲᠣᠰ ᠢᠨᠵᠧᠨᠧᠷᠢᠩ᠎ᠤᠨ ᠬᠡᠯᠲᠡᠰ᠎ᠲᠤ ᠬᠣᠯᠪᠣᠭᠳᠠᠭᠰᠠᠨ ᠴᠠᠬᠢᠯᠭ᠋ᠠᠨ ᠳᠡᠭᠡᠰᠦ ᠬᠤᠯᠠᠭ᠋ᠠᠶ᠋ᠢᠯᠠᠭᠰᠠᠨ ᠰᠢᠷᠢᠰ ᠬᠡᠷᠡᠭ᠎ᠢ ᠲᠦᠷᠭᠡᠨ ᠳᠡᠩᠨᠡᠨ ᠢᠯᠡᠷᠡᠭᠦᠯᠦᠭᠰᠡᠨ ᠵᠢᠴᠢ ᠲᠣᠰ ᠠᠵᠤ ᠠᠬᠤᠶ᠋ᠢᠯᠠᠯ᠎ᠤᠨ ᠬᠥᠭᠵᠢᠯᠲᠡ ᠵᠢ ᠬᠠᠮᠠᠭ᠋ᠠᠯᠠᠭᠰᠠᠨ᠎ᠳᠤ ᠲᠠᠯᠠᠷᠬᠠᠵᠤ ᠪᠠᠶ᠋ᠢᠭ᠎ᠠ ᠰᠡᠳᠬᠢᠯᠭᠡ᠎ᠪᠠᠨ ᠢᠯᠡᠳᠬᠡᠪᠡ᠃

供稿1 图1.jpg


      2023 ᠣᠨ᠎ᠤ 10 ᠰᠠᠷ᠎ᠠ ᠵᠢᠨ 3᠎ᠤ ᠡᠳᠦᠷ᠂ ᠰᠢᠯᠢ ᠵᠢᠨ ᠭᠣᠣᠯ ᠠᠢ᠌ᠮᠠᠭ᠎ᠤᠨ ᠠᠪᠠᠭ᠎ᠠ ᠬᠣᠰᠢᠭᠤᠨ᠎ᠤ ᠬᠤᠸᠠ ᠷᠦᠨ ᠴᠠᠬᠢᠯᠭ᠋ᠠᠨ ᠬᠦᠴᠦᠨ᠎ᠤ ᠢᠨᠵᠧᠨᠧᠷᠢᠩ᠎ᠤᠨ ᠬᠡᠯᠲᠡᠰ᠎ᠤᠨ ᠠᠵᠢᠯᠲᠠᠨ ᠬᠡᠷᠡᠭ ᠮᠡᠳᠡᠭᠦᠯᠦᠭᠡᠳ᠂ ᠰᠠᠯᠬᠢᠨ ᠬᠦᠴᠦᠨ᠎ᠤ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠭᠠᠵᠠᠷ᠎ᠤᠨ F66 ᠨᠣᠮᠧᠷ᠎ᠤᠨ ᠮᠠᠰᠢᠨ᠎ᠤ ᠪᠠᠶ᠋ᠢᠷᠢ ᠵᠢᠨ ᠴᠠᠬᠢᠯᠭ᠋ᠠᠨ ᠳᠡᠭᠡᠰᠦ ᠬᠤᠯᠠᠭ᠋ᠠᠶ᠋ᠢᠯᠠᠭᠳᠠᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 20 ᠭᠠᠷᠤᠶ ᠲᠦᠮᠡᠨ ᠲᠥᠭᠥᠷᠢᠭ᠎ᠲᠤ ᠬᠦᠷᠴᠦ᠂ ᠺᠣᠮᠫᠠᠨᠢ ᠵᠢᠨ ᠬᠡᠪ᠎ᠤᠨ ᠪᠠᠷᠢᠯᠭ᠎ᠠ ᠵᠢᠨ ᠠᠬᠢᠴᠠ᠎ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠪᠠᠶ᠋ᠢᠨ᠎ᠠ ᠭᠡᠵᠡᠶ᠃ ᠬᠡᠷᠡᠭ᠎ᠤᠨ ᠦᠨᠳᠦᠰᠦᠨ ᠪᠠᠶ᠋ᠢᠳᠠᠯ᠎ᠢ ᠡᠵᠡᠮᠰᠢᠭᠰᠡᠨ᠎ᠤ ᠳᠠᠷᠠᠭ᠎ᠠ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ᠎ᠬᠢᠨ ᠮᠠᠰᠢ ᠲᠦᠷᠭᠡᠨ ᠵᠶ᠋ᠠᠷ ᠰᠢᠯᠢᠳᠡᠭ ᠬᠦᠴᠦᠨ᠎ᠢ ᠲᠠᠲᠠᠵᠤ ᠲᠤᠰᠬᠠᠶ ᠬᠡᠷᠡᠭ᠎ᠤᠨ ᠳᠤᠭᠤᠶ᠋ᠢᠯᠠᠩ ᠪᠠᠶ᠋ᠢᠭᠤᠯᠵᠤ᠂ ᠲᠤᠷᠰᠢᠨ ᠪᠠᠶ᠋ᠢᠴᠠᠭ᠋ᠠᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠥᠷᠨᠢᠭᠦᠯᠪᠡ᠃ ᠲᠤᠰᠬᠠᠶ ᠬᠡᠷᠡᠭ᠎ᠤᠨ ᠳᠤᠭᠤᠶ᠋ᠢᠯᠠᠩ᠎ᠤᠨ ᠠᠷᠠᠳ᠎ᠤᠨ ᠴᠠᠭᠳᠠᠭ᠎ᠠ ᠨᠠᠷ ᠰᠤᠷᠪᠤᠯᠵᠢᠯᠠᠬᠤ ᠪᠠ ᠵᠢᠭᠰᠠᠭ᠋ᠠᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠶᠡᠬᠡ ᠬᠡᠮᠵᠢᠶᠡᠨ᠎ᠤ ᠬᠢᠨᠠᠨ ᠡᠵᠡᠮᠳᠡᠭᠦᠷ᠎ᠤᠨ ᠮᠠᠲ᠋ᠧᠷᠢᠶᠠᠯ᠎ᠢ ᠰᠢᠯᠵᠢᠭᠦᠯᠦᠨ ᠠᠪᠴᠤ᠂ ᠬᠡᠷᠡᠭ ᠭᠠᠷᠤᠭᠰᠠᠨ ᠭᠠᠵᠠᠷ᠎ᠤᠨ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠨᠠᠷᠢᠨ ᠨᠢᠮᠪᠠᠶ ᠬᠠᠶ᠋ᠢᠨ ᠪᠠᠶ᠋ᠢᠴᠠᠭ᠋ᠠᠯᠲᠠ ᠬᠢᠪᠠ᠃ ᠲᠤᠷᠰᠢᠨ ᠪᠠᠶ᠋ᠢᠴᠠᠭ᠋ᠠᠬᠤ ᠬᠡᠪᠴᠢᠶ᠎ᠡ᠎ᠪᠠᠨ ᠲᠠᠰᠤᠷᠠᠯᠲᠠ ᠥᠬᠡᠶ ᠥᠷᠭᠡᠳᠬᠡᠵᠦ᠂ ᠰᠡᠵᠢᠭᠯᠡᠯᠲᠡᠶ ᠲᠡᠷᠭᠡ ᠵᠢ ᠡᠮᠬᠢᠯᠡᠨ ᠭᠠᠷᠭ᠋ᠠᠬᠤ᠎ᠪᠠᠷ ᠳᠡᠮᠵᠢᠨ᠂ ᠡᠴᠦᠰ᠎ᠲᠤ᠎ᠪᠠᠨ ᠶᠠᠯᠠᠲᠤ ᠪᠦᠯᠦᠭ᠎ᠤᠨ ᠵᠣᠬᠢᠶᠠᠨ ᠪᠠᠶ᠋ᠢᠭᠤᠯᠤᠯᠲᠠ ᠵᠢᠨ ᠪᠦᠲᠦᠴᠡ ᠪᠠ ᠠᠵᠢᠯᠯᠠᠭ᠋ᠠᠨ᠎ᠤ ᠵᠢᠮ᠎ᠡ ᠶᠣᠰᠣ ᠵᠢ ᠲᠣᠳᠣᠷᠬᠠᠶ ᠣᠶ᠋ᠢᠯᠠᠭ᠋ᠠᠪᠠ᠃
      4 ᠡᠳᠦᠷ ᠳᠠᠷᠠᠭ᠋ᠠᠯᠠᠨ ᠡᠷᠡᠯᠬᠡᠭᠯᠡᠨ ᠪᠠᠶ᠋ᠢᠯᠳᠤᠬᠤ᠎ᠪᠠᠷ ᠳᠡᠮᠵᠢᠨ᠂ ᠲᠤᠰᠬᠠᠶ ᠬᠡᠷᠡᠭ᠎ᠤᠨ ᠳᠤᠭᠤᠶ᠋ᠢᠯᠠᠩ 10 ᠰᠠᠷ᠎ᠠ ᠵᠢᠨ 5᠎ᠤ ᠡᠳᠦᠷ᠂ 6᠎ᠤ ᠡᠳᠦᠷ᠂ 7᠎ᠤ ᠡᠳᠦᠷ ᠲᠣᠰ ᠲᠣᠰ ᠲᠥᠪᠯᠡᠷᠡᠭᠦᠯᠦᠨ ᠪᠠᠷᠢᠪᠴᠢᠯᠠᠬᠤ ᠠᠵᠢᠯᠯᠠᠭ᠎ᠠ ᠥᠷᠨᠢᠭᠦᠯᠵᠦ᠂ 11 ᠶᠠᠯ᠎ᠠ ᠬᠢᠭᠰᠡᠨ ᠰᠡᠵᠢᠭᠳᠡᠨ᠎ᠢ ᠠᠮᠵᠢᠯᠲᠠ᠎ᠲᠠᠢ᠎ᠪᠠᠷ ᠪᠠᠷᠢᠪᠴᠢᠯᠠᠵᠤ᠂ ᠨᠢᠭᠡᠨ ᠬᠤᠯᠠᠭ᠋ᠠᠶ᠋ᠢᠯᠠᠬᠤ ᠪᠦᠯᠬᠦᠮ᠎ᠢ ᠴᠣᠬᠢᠨ ᠤᠨᠠᠭ᠋ᠠᠵᠠᠶ᠃ ᠲᠣᠰ ᠤᠳᠠᠭ᠋ᠠᠨ᠎ᠤ ᠠᠵᠢᠯᠯᠠᠭ᠎ᠠ᠎ᠳᠤ ᠨᠡᠶ᠋ᠢᠲᠡ 1.4 ᠲᠣᠨ ᠬᠤᠯᠠᠭ᠋ᠠᠶ᠋ᠢᠯᠠᠭᠰᠠᠨ ᠴᠠᠬᠢᠯᠭ᠋ᠠᠨ ᠳᠡᠭᠡᠰᠦ ᠵᠢ ᠨᠡᠬᠡᠮᠵᠢᠯᠡᠨ ᠲᠤᠰᠢᠶᠠᠯᠭ᠋ᠠᠵᠤ᠂ 3 ᠬᠡᠷᠡᠭ ᠦᠢ᠍ᠯᠡᠳᠦᠭᠰᠡᠨ ᠲᠡᠷᠭᠡ ᠵᠢ ᠦᠯᠡᠳᠡᠭᠡᠨ ᠠᠪᠴᠤ᠂ ᠬᠡᠷᠡᠭ ᠦᠢ᠍ᠯᠡᠳᠦᠭᠰᠡᠨ ᠪᠠᠭ᠋ᠠᠵᠢ ᠬᠡᠷᠡᠭᠰᠡᠯ᠎ᠤᠨ ᠤᠲᠠᠰᠤ ᠬᠠᠶ᠋ᠢᠴᠢᠯᠠᠬᠤ ᠵᠠᠭᠤᠳᠠᠭ 1 ᠵᠢ ᠣᠯᠵᠠᠯᠠᠵᠠᠶ᠃
      ᠰᠢᠭᠦᠨ ᠠᠰᠠᠭᠤᠬᠤ᠎ᠪᠠᠷ ᠳᠠᠮᠵᠢᠭ᠋ᠠᠳ᠂ 11 ᠶᠠᠯ᠎ᠠ ᠬᠢᠭᠰᠡᠨ ᠰᠡᠵᠢᠭᠳᠡᠨ ᠡᠨᠡ ᠵᠢᠯ᠎ᠤᠨ 9 ᠰᠠᠷ᠎ᠠ᠎ᠠᠴᠠ ᠨᠠᠭ᠋ᠠᠰᠢ ᠣᠯᠠᠨ ᠤᠳᠠᠭ᠎ᠠ ᠴᠠᠬᠢᠯᠭ᠋ᠠᠨ ᠳᠡᠭᠡᠰᠦ ᠬᠤᠯᠠᠭ᠋ᠠᠶ᠋ᠢᠯᠠᠭᠰᠠᠨ ᠶᠠᠯ᠎ᠠ ᠵᠢᠨ ᠪᠣᠳᠠᠲᠤ ᠬᠡᠷᠡᠭ᠎ᠢ ᠥᠴᠢᠭᠯᠡᠭᠰᠡᠨ ᠪᠠᠶ᠋ᠢᠨ᠎ᠠ᠃ ᠣᠳᠣᠬᠠᠨ᠎ᠳᠤ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠤᠯᠢ ᠶᠣᠰᠣᠭ᠋ᠠᠷ ᠡᠷᠡᠭᠦᠤ ᠵᠢᠨ ᠬᠡᠷᠡᠭ ᠵᠶ᠋ᠠᠷ ᠲᠦᠷ ᠬᠣᠷᠢᠵᠠᠶ᠃
      ᠲᠣᠰ ᠬᠡᠷᠡᠭ᠎ᠢ ᠠᠮᠵᠢᠯᠲᠠᠲᠠᠶ ᠳᠡᠩᠨᠡᠨ ᠢᠯᠡᠷᠡᠭᠦᠯᠦᠭᠰᠡᠨ᠎ᠨᠢ ᠬᠣᠬᠢᠷᠠᠯ ᠠᠮᠰᠠᠭᠰᠠᠨ ᠠᠵᠤ ᠠᠬᠤᠶ᠋ᠢᠯᠠᠯ᠎ᠳᠤ ᠠᠵᠤ ᠠᠬᠤᠶ ᠵᠢᠨ ᠬᠣᠬᠢᠷᠠᠯ᠎ᠨᠢ ᠡᠭᠡᠭᠦᠯᠦᠨ ᠠᠪᠴᠢᠷᠠᠭᠰᠠᠨ ᠵᠶ᠋ᠠᠷ ᠪᠠᠷᠠᠬᠤ ᠥᠬᠡᠶ᠂ ᠪᠠᠰᠠ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠤᠳᠠᠯᠳᠤᠭ᠋ᠠᠴᠢᠨ ᠠᠵᠤ ᠠᠬᠤᠶ᠋ᠢᠯᠠᠯ᠎ᠢ ᠬᠠᠮᠠᠭ᠋ᠠᠯᠠᠬᠤ᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠡᠰ ᠵᠣᠷᠢᠭ ᠪᠠ ᠴᠢᠳᠠᠪᠤᠷᠢ ᠵᠢ ᠬᠠᠷᠠᠭᠤᠯᠤᠭᠰᠠᠨ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠦᠷᠭᠦᠯᠵᠢᠯᠡᠨ ᠠᠷᠠᠳ ᠲᠦᠮᠡᠨ᠎ᠳᠤ ᠦᠢ᠍ᠯᠡᠴᠢᠯᠡᠬᠦ ᠣᠭ ᠰᠠᠨᠠᠭ᠎ᠠ᠎ᠪᠠᠨ ᠪᠠᠲᠤᠳᠬᠠᠵᠤ᠂ ᠣᠯᠠᠨ ᠲᠦᠮᠡᠨ᠎ᠤ 《ᠪᠠᠴᠢᠮ ᠪᠡᠷᠬᠡ ᠵᠣᠪᠠᠨᠢᠯ ᠡᠷᠡᠮᠡᠯᠵᠡᠯ》᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠯ᠎ᠡ ᠲᠥᠷᠥᠯ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠠᠷᠠᠳ ᠣᠯᠠᠨ᠎ᠤ ᠵᠥᠪᠰᠢᠶᠡᠷᠡᠯ ᠪᠣᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠬᠠᠮᠤᠭ᠎ᠤᠨ ᠶᠡᠬᠡ ᠳᠡᠮᠵᠢᠯᠭᠡ᠂ ᠵᠣᠷᠢᠭᠵᠢᠭᠤᠯᠤᠯ ᠪᠠ ᠱᠠᠭ᠋ᠠᠷᠳᠠᠯᠭ᠎ᠠ ᠪᠣᠯᠤᠨ᠎ᠠ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠵᠤ᠂ ᠪᠥᠬᠥ ᠬᠣᠰᠢᠭᠤᠨ᠎ᠤ ᠠᠷᠠᠳ ᠣᠯᠠᠨ᠎ᠤ ᠠᠮᠤᠷ ᠲᠦᠪᠰᠢᠨ᠎ᠤ ᠰᠡᠳᠬᠢᠯᠭᠡ ᠪᠠ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠠᠨᠤᠮᠵᠢ ᠵᠢᠨ ᠬᠡᠮᠵᠢᠶ᠎ᠡ ᠵᠢ ᠴᠢᠷᠮᠠᠶ᠋ᠢᠨ ᠳᠡᠭᠡᠭᠰᠢᠯᠡᠭᠦᠯᠦᠨ᠎ᠡ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ