《7 · 1》᠎ᠤ ᠨᠠᠮ ᠪᠠᠶ᠋ᠢᠭᠤᠯᠤᠭᠳᠠᠭᠰᠠᠨ ᠪᠠᠶᠠᠷ᠎ᠠᠴᠠ ᠡᠮᠦᠨᠡᠬᠡᠨ᠂ ᠥᠪᠥᠷ ᠮᠣᠩᠭᠤᠯ᠎ᠤᠨ ᠤᠯᠠᠭ᠋ᠠᠨᠴᠠᠪ᠎ᠤᠨ ᠬᠢᠯᠢ ᠵᠢᠨ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠨᠣᠮᠣᠬᠠᠨ ᠬᠢᠯᠢ᠎ᠶᠢᠨ ᠲᠣᠮᠢᠯᠠᠭᠰᠠᠨ ᠰᠠᠯᠪᠤᠷᠢ ᠵᠢᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ 《ᠠᠷᠠᠳ᠎ᠤᠨ ᠵᠢᠱ᠌ᠢᠶᠡᠴᠢ》 《ᠲᠠᠯ᠎ᠠ ᠨᠤᠲᠤᠭ᠎ᠤᠨ ᠡᠵᠢ》 ᠲᠦᠬᠦ᠋ᠢ᠍ᠮᠠ ᠵᠢᠨ ᠬᠡᠷ᠎ᠲᠤ ᠬᠦᠷᠴᠦ᠂ ᠣᠨᠴᠠᠭ᠋ᠠᠶ ᠪᠥᠭᠡᠳ ᠮᠠᠷᠲᠠᠭᠳᠠᠰᠢ ᠥᠬᠡᠶ ᠨᠠᠮ᠎ᠤᠨ ᠬᠢᠴᠢᠶᠡᠯ᠎ᠢ ᠰᠣᠨᠣᠰᠪᠠ᠃

ᠨᠣᠮᠣᠬᠠᠨ ᠬᠢᠯᠢ᠎ᠶᠢᠨ ᠲᠣᠮᠢᠯᠠᠭᠰᠠᠨ ᠰᠠᠯᠪᠤᠷᠢ ᠵᠢᠨ 《 ᠣᠷᠣᠨ ᠲᠣᠭ᠋ᠠᠨ᠎ᠤ ᠭᠠᠳᠠᠨᠠᠬᠢ ᠵᠢᠭ᠋ᠠᠨ ᠵᠢᠯᠣᠭᠤᠳᠤᠭᠴᠢ》 ᠪᠣᠯᠤᠭᠰᠠᠨ᠎ᠤ ᠬᠤᠪᠢ᠎ᠳᠤ᠂ ᠨᠢᠭᠡᠨᠲᠡ 83 ᠨᠠᠰᠤᠲᠠᠶ ᠳᠦᠭᠦᠢ᠌ᠮ᠎ᠠ ᠨᠠᠰᠤᠲᠠᠨ᠂ 40 ᠰᠢᠬᠠᠮ ᠵᠢᠯ᠎ᠤᠨ ᠭᠦᠨ ᠵᠤᠵᠠᠭ᠋ᠠᠨ ᠶᠠᠪᠤᠯᠴᠠᠭ᠎ᠠ ᠵᠢᠨ ᠳᠤᠮᠳᠠ ᠨᠢᠭᠡᠨᠲᠡ ᠦᠶ᠎ᠡ ᠦᠶ᠎ᠡ ᠵᠢᠨ ᠬᠢᠯᠢ ᠬᠢᠵᠠᠭ᠋ᠠᠷ᠎ᠢ ᠬᠠᠮᠠᠭ᠋ᠠᠯᠠᠬᠤ ᠠᠷᠠᠳ᠎ᠤᠨ ᠴᠠᠭᠳᠠᠭ᠎ᠠ᠎ᠲᠠᠢ ᠭᠦᠨ ᠵᠤᠵᠠᠭ᠋ᠠᠨ ᠨᠥᠬᠦᠷᠯᠡᠯ ᠪᠠᠢ᠌ᠭᠤᠯᠤᠭᠰᠠᠨ ᠪᠠᠶ᠋ᠢᠨ᠎ᠠ᠃ 《ᠨᠤᠲᠤᠭ》᠎ᠠᠴᠠ ᠨᠢ ᠠᠷᠠᠳ᠎ᠤᠨ ᠴᠠᠭᠳᠠᠭ᠎ᠠ ᠬᠦᠷᠴᠦ ᠢᠷᠡᠬᠦ ᠭᠡᠵᠦ ᠪᠠᠶ᠋ᠢᠭ᠎ᠠ ᠰᠣᠨᠣᠰᠤᠭ᠋ᠠᠳ᠂ ᠨᠠᠰᠤᠲᠠᠨ ᠴᠦ᠍ ᠳᠣᠭᠳᠣᠯᠵᠤ᠂ ᠠᠯᠢ ᠡᠷᠲᠡ ᠭᠡᠷ᠎ᠲᠤ᠎ᠪᠠᠨ ᠬᠦᠯᠢᠶᠡᠵᠦ ᠪᠠᠶ᠋ᠢᠯ᠎ᠠ᠃
ᠡᠨᠡ ᠬᠤᠭᠤᠴᠠᠭ᠋ᠠᠨ᠎ᠳᠤ᠂ ᠠᠬᠠᠮᠠᠳ ᠨᠠᠮ᠎ᠤᠨ ᠭᠡᠰᠢᠭᠦᠨ ᠳᠦᠬᠦ᠋ᠢ᠍ᠮᠡᠡᠠᠷᠠᠳᠤᠨ ᠴᠠᠭᠳᠠᠭ᠎ᠠ ᠨᠠᠷ᠎ᠲᠤ 1960 ᠣᠨ᠎ᠳᠤ 19 ᠨᠠᠰᠤᠲᠠᠢ ᠲᠡᠷᠡ ᠱᠠᠩᠬᠠᠢ ᠵᠢᠨ 28 ᠥᠨᠥᠴᠢᠨ ᠬᠡᠦᠬᠡᠳ᠎ᠢ ᠠᠰᠠᠷᠠᠨ ᠲᠡᠵᠢᠭᠡᠬᠦ ᠡᠭᠦᠷᠭᠡ ᠵᠢ ᠡᠭᠦᠷᠭᠡᠯᠡᠭᠰᠡᠨ ᠪᠠ ᠨᠠᠮ᠎ᠳᠤ ᠤᠷᠤᠭᠰᠠᠨ ᠥᠩᠭᠡᠷᠡᠯᠲᠡ᠎ᠪᠠᠨ ᠶᠠᠷᠢᠵᠤ ᠥᠭᠪᠡ᠃ ᠲᠡᠳᠡᠭᠡᠷ ᠡᠳᠦᠷ ᠵᠶ᠋ᠡᠨ ᠡᠷᠭᠢᠴᠡᠭᠦᠯᠪᠡᠯ᠂ ᠨᠠᠰᠤᠲᠠᠨ ᠴᠤ᠌ ᠶᠡᠬᠡ ᠰᠡᠳᠬᠢᠯ ᠳᠣᠭᠳᠣᠯᠤᠨ᠎ᠠ᠃ ᠲᠡᠷᠡ ᠵᠠᠯᠠᠭᠤ ᠠᠷᠠᠳ᠎ᠤᠨ ᠴᠠᠭᠳᠠᠭ᠎ᠠ ᠵᠢ ᠬᠤᠪᠢᠰᠬᠠᠯ᠎ᠤᠨ ᠤᠯᠠᠮᠵᠢᠯᠠᠯ ᠵᠶ᠋ᠠᠨ ᠪᠠᠳᠠᠷᠠᠭᠤᠯᠵᠤ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ᠂ ᠢᠳᠡᠪᠬᠢᠲᠡᠢ ᠠᠵᠢᠯᠯᠠᠵᠤ᠂ ᠤᠯᠤᠰ ᠣᠷᠣᠨ᠎ᠤ ᠪᠠᠶᠠᠨ ᠬᠦᠴᠦᠷᠬᠡᠭ᠂ ᠠᠷᠠᠳ ᠲᠦᠮᠡᠨ᠎ᠤ ᠵᠣᠯ ᠵᠢᠷᠭ᠋ᠠᠯ᠎ᠤᠨ ᠲᠥᠯᠥᠭᠡ ᠨᠡᠩ ᠶᠡᠭᠡ ᠬᠤᠪᠢ ᠨᠡᠮᠡᠷᠢ ᠦᠵᠡᠭᠦᠯᠬᠦ ᠵᠢ ᠵᠣᠷᠢᠭᠵᠢᠭᠤᠯᠪᠠ᠃ ᠳᠦᠬᠦ᠋ᠢ᠍ᠮᠡ ᠡᠵᠢ ᠥᠪᠡᠷ᠎ᠤᠨ ᠪᠡᠶ᠎ᠡ᠎ᠪᠠᠷ ᠵᠶ᠋ᠠᠨ ᠥᠩᠭᠡᠷᠡᠭᠦᠯᠦᠭᠰᠡᠨ᠎ᠨᠢ ᠠᠬᠠᠮᠠᠳ ᠨᠠᠮ᠎ᠤᠨ ᠭᠡᠰᠢᠭᠦᠨ᠎ᠤ ᠬᠠᠭ᠋ᠠᠰ ᠵᠠᠭᠤᠨ᠎ᠤ ᠨᠠᠮ᠎ᠳᠤ᠎ᠪᠠᠨ ᠬᠢᠵᠠᠭ᠋ᠠᠯᠠᠰᠢ ᠦᠭᠡᠢ ᠦᠨᠡᠨᠴᠢ ᠰᠢᠳᠤᠷᠭᠤ ᠵᠢ ᠠᠴᠢᠶᠠᠯᠠᠭᠰᠠᠨᠤ ᠬᠠᠮᠲᠤ ᠵᠠᠯᠠᠭᠤ ᠨᠢᠭᠡ ᠦᠶ᠎ᠡ ᠵᠢᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠵᠢᠨ ᠦᠷᠭᠦᠯᠵᠢᠯᠡᠨ ᠲᠡᠮᠡᠴᠡᠬᠦ ᠵᠢ ᠵᠣᠷᠢᠭᠵᠢᠭᠤᠯᠵᠤ ᠪᠠᠶ᠋ᠢᠨ᠎ᠠ᠃

ᠡᠴᠦᠰ᠎ᠲᠤ᠂ ᠲᠦᠬᠦ᠋ᠢ᠍ᠮᠡ ᠨᠠᠰᠤᠲᠠᠨ ᠪᠡᠶ᠎ᠡ᠎ᠪᠠᠷ ᠵᠶ᠋ᠠᠨ ᠪᠦᠬᠦ ᠠᠷᠠᠳ᠎ᠤᠨ ᠴᠠᠭᠳᠠᠭ᠎ᠠ᠎ᠳᠤ 《ᠬᠠᠶ᠋ᠢᠷᠠᠲᠤ ᠬᠡᠦᠬᠡᠳ᠎ᠤᠳ ᠡ᠂ ᠬᠤᠶ᠋ᠢᠰᠢᠳᠠ ᠵᠢᠨ ᠡᠳᠦᠷ᠎ᠤᠳ᠎ᠲᠤ ᠲᠠ ᠨᠠᠷ ᠤᠭ ᠰᠠᠨᠠᠭ᠎ᠠ᠎ᠪᠠᠨ ᠦᠯᠦ ᠮᠠᠷᠲᠠᠵᠤ᠂ ᠦᠷᠭᠦᠯᠵᠢᠯᠡᠨ ᠥᠪᠡᠷ᠎ᠤᠨ ᠬᠡᠪ ᠴᠢᠨᠠᠷ ᠵᠶ᠋ᠠᠨ ᠳᠡᠭᠡᠭᠰᠢᠯᠡᠭᠦᠯᠵᠦ᠂ ᠮᠠᠯᠴᠢᠨ ᠲᠦᠮᠡᠨ᠎ᠲᠠᠢ ᠪᠦᠯᠬᠦᠮᠳᠡᠨ ᠨᠢᠭᠡᠳᠴᠦ᠂ ᠬᠠᠮᠲᠤ᠎ᠪᠠᠷ ᠡᠬᠡ ᠤᠯᠤᠰ᠎ᠤᠨ ᠬᠢᠯᠢ ᠬᠢᠵᠠᠭ᠋ᠠᠷ᠎ᠢ ᠰᠠᠶ᠋ᠢᠲᠤᠷ ᠰᠠᠬᠢᠵᠤ᠂ ᠡᠬᠡ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢᠨ ᠲᠥᠯᠥᠭᠡ ᠦᠷᠭᠦᠯᠵᠢᠯᠡᠨ ᠴᠢᠷᠮᠠᠶ᠋ᠢᠨ ᠲᠡᠮᠡᠴᠡᠭᠡᠷᠡᠢ》 ᠭᠡᠵᠦ ᠪᠢᠴᠢᠭᠰᠡᠨ ᠪᠠᠶ᠋ᠢᠨ᠎ᠠ᠃