7 ᠳ᠋ᠤᠭ᠋ᠠᠷ ᠰᠠᠷ᠎ᠠ ᠵᠢᠨ 1᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ 《ᠵᠠᠭᠤᠨ ᠡᠳᠦᠷ᠎ᠤᠨ ᠠᠵᠢᠯᠯᠠᠭ᠎ᠠ》 ᠵᠢᠨ ᠠᠵᠢᠯ᠎ᠤᠨ ᠬᠠᠮᠢᠶ᠎ᠠ ᠪᠥᠬᠦᠶ ᠪᠠᠶ᠋ᠢᠳᠠᠯ᠎ᠢ ᠵᠠᠷᠯᠠᠨ ᠮᠡᠳᠡᠭᠳᠡᠭᠰᠡᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
6 ᠳ᠋ᠤᠭ᠋ᠠᠷ ᠰᠠᠷ᠎ᠠ ᠵᠢᠨ 25᠎ᠤ ᠡᠳᠦᠷ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ 《ᠵᠠᠭᠤᠨ ᠡᠳᠦᠷ᠎ᠤᠨ ᠠᠵᠢᠯᠯᠠᠭ᠎ᠠ》 ᠵᠢ ᠪᠠᠶ᠋ᠢᠷᠢᠯᠠᠭᠤᠯᠤᠨ ᠥᠷᠨᠢᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠪᠥᠬᠦ ᠣᠷᠣᠨ᠎ᠤ ᠵᠣᠨ᠎ᠤ ᠤᠯᠠᠷᠢᠯ᠎ᠤᠨ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠣᠨᠴᠠᠯᠢᠭᠲᠤ ᠴᠢᠭᠯᠡᠭᠦᠯᠦᠨ᠂ 《ᠶᠠᠮᠠᠷ ᠶᠠᠯᠠᠲᠤ ᠠᠵᠢᠯᠯᠠᠭ᠎ᠠ ᠲᠣᠪᠤᠶ᠋ᠢᠮ᠎ᠠ ᠪᠣᠯ ᠶᠠᠮᠠᠷ ᠶᠠᠯᠠᠲᠤ ᠠᠵᠢᠯᠯᠠᠭ᠎ᠠ᠎ᠳᠤ ᠭᠤᠤᠯᠳᠠᠯᠭ᠎ᠠ᠎ᠲᠠᠢ ᠴᠣᠬᠢᠯᠲᠠ ᠥᠭᠬᠦ᠂ ᠬᠠᠮᠢᠭ᠎ᠠ ᠠᠮᠤᠷ ᠲᠤᠭᠳᠠᠭᠤᠨ ᠪᠤᠰᠤ ᠪᠣᠯ ᠭᠤᠤᠯᠳᠠᠯᠭ᠎ᠠ᠎ᠲᠠᠢ ᠴᠡᠭᠴᠡᠯᠡᠨ ᠵᠠᠰᠠᠬᠤ》 ᠵᠠᠷᠴᠢᠮ᠎ᠢ ᠪᠠᠷᠢᠮᠲᠠᠯᠠᠨ ᠳᠠᠷᠤᠶ ᠲᠦᠷᠭᠡᠨ ᠪᠠᠶ᠋ᠢᠷᠢᠯᠠᠭᠤᠯᠵᠤ᠂ ᠪᠥᠬᠦ ᠣᠷᠣᠨ᠎ᠤ ᠬᠡᠪᠴᠢᠶᠡᠨ᠎ᠳᠤ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ 《ᠵᠠᠭᠤᠨ ᠡᠳᠦᠷ᠎ᠤᠨ ᠠᠵᠢᠯᠯᠠᠭ᠎ᠠ》 ᠵᠢ ᠥᠷᠨᠢᠭᠦᠯᠵᠦ᠂ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠲᠥᠪᠯᠡᠷᠡᠭᠦᠯᠦᠨ ᠪᠣᠭᠤᠮᠲᠠ ᠰᠢᠪᠲᠤᠯᠤᠨ ᠠᠷᠢᠯᠭ᠋ᠠᠵᠤ᠂ ᠪᠥᠬᠦ ᠣᠷᠣᠨ᠎ᠤ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠪᠦᠬᠦ ᠲᠠᠯ᠎ᠠ ᠵᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶ᠋ᠢᠬᠤ ᠵᠢ ᠬᠠᠮᠠᠭ᠋ᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠠᠯᠲᠠ᠎ᠲᠠᠢ ᠬᠤᠷᠠᠯᠳᠤᠬᠤ᠎ᠳᠤ ᠤᠮᠠᠷᠠᠲᠤ ᠬᠢᠯᠢ ᠵᠢᠨ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠣᠷᠴᠢᠨ᠎ᠢ ᠡᠭᠦᠳᠴᠦ ᠪᠤᠢ᠃
ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ ᠭᠤᠤᠯ ᠱᠤᠭᠤᠮ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠨ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠳᠠᠯᠠᠵᠤ᠂ ᠤᠷᠢᠳᠴᠢᠯᠠᠨ ᠬᠥᠳᠡᠯᠬᠦ᠂ ᠴᠣᠬᠢᠯᠲᠠ ᠥᠭᠬᠦ ᠪᠠ ᠰᠡᠷᠭᠡᠶ᠋ᠢᠯᠡᠬᠦ ᠵᠢ ᠬᠤᠣᠰᠯᠠᠭᠤᠯᠬᠤ᠂ ᠡᠬᠢ ᠡᠭᠦᠰᠦᠯ᠎ᠠᠴᠠ᠎ᠨᠢ ᠵᠠᠰᠠᠬᠤ᠂ ᠶᠡᠷᠦᠩᠬᠡᠶ᠋ᠢᠯᠡᠨ ᠪᠤᠳᠤᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠪᠦᠬᠦᠯᠢ ᠴᠣᠭᠴᠠ᠎ᠪᠠᠷ ᠰᠡᠷᠭᠡᠶ᠋ᠢᠯᠡᠨ ᠡᠵᠡᠮᠳᠡᠬᠦ ᠪᠠ ᠰᠠᠮᠠᠭᠤᠨ ᠪᠠᠶ᠋ᠢᠳᠠᠯ᠎ᠢ ᠭᠤᠣᠯᠳᠠᠯᠭ᠎ᠠ᠎ᠲᠠᠢ ᠵᠠᠰᠠᠬᠤ ᠵᠢ ᠪᠠᠷᠢᠮᠲᠠᠯᠠᠨ᠂ ᠡᠯ᠎ᠡ ᠹᠷᠣᠨᠲ᠎ᠤᠨ ᠲᠤᠰᠬᠠᠶ ᠠᠵᠢᠯᠯᠠᠭ᠎ᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠣᠬᠢᠬᠤ᠂ ᠰᠡᠷᠭᠡᠶ᠋ᠢᠯᠡᠬᠦ᠂ ᠬᠠᠮᠢᠶᠠᠷᠬᠤ᠂ ᠡᠯ᠎ᠡ ᠵᠦᠢ᠍ᠯ᠎ᠤᠨ ᠠᠵᠢᠯ᠎ᠢ ᠵᠠᠰᠠᠬᠤ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠨᠡᠶ᠋ᠢᠭᠡᠮ᠎ᠤᠨ ᠠᠮᠤᠷ ᠲᠦᠪᠰᠢᠨ᠎ᠤ ᠡᠵᠡᠮᠳᠡᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠦᠨ᠂ ᠠᠷᠠᠳ ᠣᠯᠠᠨ᠎ᠤ ᠣᠯᠤᠯᠲᠠ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠲᠠᠢ᠌ᠪᠤᠩ᠎ᠳᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂
《ᠵᠠᠭᠤᠨ ᠡᠳᠦᠷ᠎ᠤᠨ ᠠᠵᠢᠯᠯᠠᠭ᠎ᠠ》᠎ᠨᠢ 《ᠳᠥᠷᠪᠡᠨ ᠪᠦᠯᠦᠭ᠂ ᠳᠥᠷᠪᠡ ᠵᠢ ᠴᠢᠩᠭ᠎ᠠ ᠰᠡᠷᠭᠡᠶ᠋ᠢᠯᠡᠬᠦ᠂ ᠨᠢᠭᠡ ᠵᠢ ᠦᠨᠡᠨ ᠬᠦ᠌ ᠪᠠᠲᠤᠯᠠᠬᠤ》 ᠠᠵᠢᠯ᠎ᠤᠨ ᠬᠠᠷᠠᠯᠲᠠ ᠵᠢ ᠦᠨᠡᠨ ᠬᠦ᠌ ᠪᠠᠳᠤᠯᠠᠵᠤ᠂ ᠲᠤᠬᠠᠶ᠋ᠢᠯᠠᠪᠠᠯ᠄ ᠨᠢᠭᠡ ᠪᠦᠯᠦᠭ ᠬᠠᠤᠯᠢ᠎ᠠᠴᠠ ᠵᠥᠷᠢᠴᠡᠭᠰᠡᠨ ᠶᠠᠯᠠᠲᠤ ᠡᠲᠡᠭᠡᠳ᠎ᠢ ᠵᠠᠯᠬᠠᠭ᠋ᠠᠨ ᠰᠢᠢ᠍ᠳᠭᠡᠬᠦ᠂ ᠨᠡᠶ᠋ᠢᠭᠡᠮ᠎ᠤᠨ ᠠᠮᠤᠷ ᠲᠦᠪᠰᠢᠨ ᠡᠮᠬᠢ ᠵᠠᠮᠪᠠᠷᠠᠭ᠎ᠠ ᠦᠭᠡᠢ ᠨᠢᠭᠡ ᠪᠦᠯᠦᠭ ᠭᠠᠵᠠᠷ ᠣᠷᠣᠨ᠎ᠢ ᠴᠡᠭᠴᠡᠯᠡᠨ ᠵᠠᠰᠠᠬᠤ᠂ ᠨᠢᠭᠡ ᠪᠦᠯᠦᠭ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠠᠷᠢᠯᠭ᠋ᠠᠬᠤ᠂ ᠨᠢᠭᠡ ᠪᠦᠯᠦᠭ 《ᠢᠷᠭᠡᠨ᠎ᠤ ᠬᠡᠷᠡᠭ᠎ᠢ ᠡᠷᠡᠭᠦᠦ ᠵᠢᠨ ᠬᠡᠷᠡᠭ ᠪᠣᠯᠭ᠋ᠠᠨ ᠬᠤᠪᠢᠷᠠᠭᠤᠯᠬᠤ》 《ᠡᠷᠡᠭᠦᠦ ᠵᠢᠨ ᠬᠡᠷᠡᠭ᠎ᠢ ᠠᠮᠢᠨ ᠬᠡᠷᠡᠭ ᠪᠣᠯᠭ᠋ᠠᠨ ᠬᠤᠪᠢᠷᠠᠭᠤᠯᠬᠤ》 ᠬᠡᠷᠡᠭ᠎ᠢ ᠰᠡᠷᠭᠡᠶ᠋ᠢᠯᠡᠨ ᠡᠵᠡᠮᠳᠡᠵᠦ᠂ ᠤᠯᠤᠰ ᠲᠥᠷᠥ ᠵᠢᠨ ᠠᠮᠤᠷ ᠲᠦᠪᠰᠢᠨ᠎ᠢ ᠨᠥᠯᠥᠭᠡᠯᠡᠬᠦ ᠬᠦᠨᠳᠦ ᠶᠡᠭᠡ ᠬᠡᠷᠡᠭ ᠪᠠ ᠬᠦᠴᠦᠷᠬᠡᠭᠯᠡᠯ ᠰᠦᠷᠳᠡᠭᠦᠯᠦᠯ᠎ᠤᠨ ᠬᠡᠷᠡᠭ ᠵᠢᠴᠢ ᠬᠤᠪᠢ ᠬᠥᠮᠦᠨ᠎ᠤ ᠬᠡᠲᠦᠷᠡᠮᠡᠬᠡᠶ ᠬᠦᠴᠦᠷᠬᠡᠭᠯᠡᠯ᠎ᠤᠨ ᠬᠡᠷᠡᠭ ᠭᠠᠷᠬᠤ ᠵᠢ ᠴᠢᠩᠭ᠎ᠠ ᠰᠡᠷᠭᠡᠢ᠌ᠯᠡᠬᠦ᠂ ᠣᠯᠠᠨ ᠲᠦᠮᠡᠨᠴᠢ ᠴᠢᠨᠠᠷᠲᠠᠶ ᠬᠦᠨᠳᠦ ᠶᠡᠭᠡ ᠬᠡᠷᠡᠭ ᠭᠠᠷᠬᠤ ᠵᠢ ᠴᠢᠩᠭ᠎ᠠ ᠰᠡᠷᠭᠡᠢ᠌ᠯᠡᠬᠦ᠂ ᠣᠯᠠᠨ ᠲᠦᠮᠡᠨ᠎ᠤ ᠠᠮᠤᠷ ᠲᠦᠪᠰᠢᠨ᠎ᠤ ᠰᠡᠳᠬᠢᠯᠭᠡ ᠵᠢ ᠬᠦᠨᠳᠦ ᠨᠣᠴᠢᠲᠠᠶ ᠨᠥᠯᠥᠭᠡᠯᠡᠭᠰᠡᠨ ᠬᠦᠨᠳᠦ ᠶᠡᠭᠡ ᠡᠷᠡᠭᠦᠦ ᠵᠢᠨ ᠬᠡᠷᠡᠭ ᠠᠮᠤᠷ ᠲᠦᠪᠰᠢᠨ᠎ᠤ ᠬᠡᠷᠡᠭ ᠭᠠᠷᠬᠤ ᠵᠢ ᠴᠢᠩᠭ᠎ᠠ ᠰᠡᠷᠭᠡᠢ᠌ᠯᠡᠬᠦ᠂ ᠣᠯᠠᠨ ᠨᠡᠶ᠋ᠢᠲᠡ ᠵᠢᠨ ᠬᠦᠨᠳᠦ ᠶᠡᠭᠡ ᠠᠮᠤᠷ ᠲᠦᠪᠰᠢᠨ ᠪᠠ ᠵᠠᠮ ᠬᠠᠷᠢᠯᠴᠠᠭ᠋ᠠᠨ᠎ᠤ ᠠᠳᠡᠯ ᠭᠠᠷᠬᠤ ᠵᠢ ᠴᠢᠩᠭ᠎ᠠ ᠰᠡᠷᠭᠡᠢ᠌ᠯᠡᠬᠦ᠂ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠪᠦᠬᠦ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠳᠤᠯᠠᠪᠠ᠃
ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠭᠤᠣᠯᠳᠠᠯᠭ᠎ᠠ᠎ᠲᠠᠢ ᠠᠬᠢᠭᠤᠯᠬᠤ ᠠᠵᠢᠯ
ᠤᠯᠤᠰ ᠲᠥᠷᠥ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠬᠤ ᠬᠡᠷᠡᠭᠲᠡᠶ᠃ ᠡᠯ᠎ᠡ ᠲᠥᠷᠥᠯ᠎ᠤᠨ ᠳᠠᠶ᠋ᠢᠰᠤᠩᠨᠠᠭᠴᠢ ᠬᠦᠴᠦᠨ᠎ᠤ ᠨᠡᠪᠴᠢᠯᠲᠡ ᠨᠤᠷᠠᠭ᠋ᠠᠯᠲᠠ ᠡᠪᠳᠡᠯᠡᠭᠡ ᠵᠢᠨ ᠠᠵᠢᠯᠯᠠᠭ᠎ᠠ ᠵᠢ ᠴᠢᠩᠭ᠎ᠠ ᠰᠡᠷᠭᠡᠶ᠋ᠢᠯᠡᠨ ᠴᠢᠩᠭ᠎ᠠ ᠴᠣᠬᠢᠯᠲᠠ ᠥᠭᠴᠦ᠂ ᠲᠥᠷᠥ ᠵᠢᠨ ᠡᠷᠬᠡ ᠵᠢᠨ ᠠᠮᠤᠷ ᠲᠦᠪᠰᠢᠨ᠂ ᠪᠠᠶ᠋ᠢᠭᠤᠯᠤᠯ᠎ᠤᠨ ᠠᠮᠤᠷ ᠲᠦᠪᠰᠢᠨ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠨ᠎ᠠ᠃
ᠬᠦᠴᠦᠷᠬᠡᠭᠯᠡᠯ ᠰᠦᠷᠳᠡᠭᠦᠯᠦᠯ᠎ᠤᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠴᠢᠩᠭ᠎ᠠ ᠰᠡᠷᠭᠡᠶ᠋ᠢᠯᠡᠨ᠎ᠡ᠃ ᠰᠦᠷᠳᠡᠭᠦᠯᠦᠯ᠎ᠢ ᠡᠰᠡᠷᠭᠦᠴᠡᠬᠦ ᠲᠡᠮᠡᠴᠡᠯ ᠭᠡᠬᠦ ᠡᠨᠡ ᠬᠦ᠌ ᠬᠥᠪᠴᠢ ᠵᠢ ᠴᠢᠩᠭ᠋ᠠᠯᠠᠵᠤ᠂ 《ᠰᠦᠷᠳᠡᠭᠦᠯᠦᠯ》 ᠪᠦᠬᠦᠨ᠎ᠳᠤ ᠵᠠᠪᠠᠯ ᠴᠣᠬᠢᠯᠲᠠ ᠥᠭᠬᠦ᠂ ᠴᠤᠬᠤᠶ᠋ᠢᠭᠰᠠᠭ᠋ᠠᠷ ᠴᠣᠬᠢᠯᠲᠠ ᠥᠭᠬᠦ ᠵᠢ ᠪᠠᠷᠢᠮᠲᠠᠯᠠᠵᠤ᠂ ᠰᠦᠷᠳᠡᠭᠦᠯᠦᠯ᠎ᠢ ᠡᠰᠡᠷᠭᠦᠴᠡᠬᠦ ᠰᠦᠷᠳᠡᠭᠦᠯᠦᠯ᠎ᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠦᠴᠦᠷᠬᠡᠭᠯᠡᠯ ᠰᠦᠷᠳᠡᠭᠦᠯᠦᠯ᠎ᠳᠤ ᠴᠢᠩᠭ᠎ᠠ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠰᠦᠷᠳᠡᠭᠦᠯᠦᠯ᠎ᠳᠤ ᠬᠤᠯᠪᠣᠭᠳᠠᠬᠤ ᠠᠶᠤᠯ ᠲᠦᠭᠰᠢᠭᠦᠷᠢ ᠭᠡᠮ ᠰᠣᠭᠤᠭ᠎ᠢ ᠬᠥᠳᠡᠯᠦᠩᠭᠦᠢ᠎ᠪᠠᠷ ᠠᠷᠢᠯᠭ᠋ᠠᠵᠤ᠂ ᠮᠠᠨ᠎ᠤ ᠣᠷᠣᠨ᠎ᠤ ᠬᠦᠴᠦᠷᠬᠡᠭᠯᠡᠯ ᠰᠦᠷᠳᠡᠭᠦᠯᠦᠯ᠎ᠤᠨ ᠬᠡᠷᠡᠭ ᠡᠭᠦᠰᠬᠦ ᠦᠭᠡᠢ ᠪᠠᠶ᠋ᠢᠬᠤ ᠬᠤᠷᠢᠭ᠎ᠠ ᠱᠤᠭᠤᠮ᠎ᠢ ᠪᠠᠲᠤ ᠰᠠᠬᠢᠨ᠎ᠠ᠃
ᠵᠥᠷᠢᠴᠡᠯ ᠵᠠᠭᠤᠷᠠᠭ᠋ᠠᠨ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠴᠢᠩᠭ᠋ᠠᠳᠬᠠᠨ᠎ᠠ᠃ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠤᠤᠷ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠨᠢᠭᠲᠠ ᠬᠠᠮᠵᠢᠯᠴᠠᠨ᠂ ᠰᠢᠨ᠎ᠡ ᠴᠠᠭ ᠦᠶ᠎ᠡ ᠵᠢᠨ 《ᠹᠸᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ 《ᠭᠤᠷᠪᠠ ᠵᠢ ᠪᠠᠶ᠋ᠢᠴᠠᠭ᠋ᠠᠬᠤ ᠨᠢᠭᠡ ᠵᠢ ᠡᠵᠡᠮᠳᠡᠬᠦ》 ᠲᠤᠰᠬᠠᠶ ᠠᠵᠢᠯᠯᠠᠭ᠎ᠠ᠎ᠪᠠᠷ ᠵᠢᠯᠣᠭᠤᠳᠤᠮᠵᠢ ᠪᠣᠯᠭ᠋ᠠᠵᠤ᠂ 《ᠤᠷᠢᠳᠴᠢᠯᠠᠨ ᠰᠡᠷᠭᠡᠶ᠋ᠢᠯᠡᠬᠦ ᠵᠢ ᠵᠢᠭᠰᠠᠭ᠋ᠠᠨ ᠪᠠᠶ᠋ᠢᠴᠠᠭ᠋ᠠᠬᠤ᠎ᠠᠴᠠ ᠡᠮᠦᠨ᠎ᠡ ᠬᠢᠬᠦ᠂ ᠵᠢᠭᠰᠠᠭ᠋ᠠᠨ ᠪᠠᠶ᠋ᠢᠴᠠᠭ᠋ᠠᠬᠤ ᠵᠢ ᠡᠶᠡᠳᠡᠭᠦᠯᠬᠦ᠎ᠠᠴᠠ ᠡᠮᠦᠨ᠎ᠡ ᠬᠢᠬᠦ᠂ ᠡᠶᠡᠳᠡᠭᠦᠯᠬᠦ ᠵᠢ ᠬᠤᠷᠴᠠᠳᠬᠠᠬᠤ᠎ᠠᠴᠠ ᠡᠮᠦᠨ᠎ᠡ ᠬᠢᠬᠦ》 ᠠᠵᠢᠯ᠎ᠤᠨ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ 《ᠲᠦᠭ ᠲᠦᠮᠡᠨ ᠴᠠᠭᠳᠠᠭ᠎ᠠ ᠵᠢ ᠲᠦᠭ ᠲᠦᠮᠡᠨ ᠡᠷᠦᠬᠡ᠎ᠳᠤ ᠭᠦᠨᠵᠡᠭᠡᠢ᠌ᠷᠡᠭᠦᠯᠬᠦ》 ᠠᠵᠢᠯᠯᠠᠭ᠎ᠠ ᠵᠢ ᠭᠦᠨᠵᠡᠭᠡᠶ᠋ᠢᠷᠡᠭᠦᠯᠦᠨ᠂ ᠵᠥᠷᠢᠴᠡᠯ ᠵᠠᠭᠤᠷᠠᠯᠳᠤᠭ᠋ᠠᠨ᠎ᠢ ᠶᠡᠭᠡ᠎ᠪᠠᠷ ᠨᠠᠮᠳᠠᠭᠤᠯᠬᠤ᠂ ᠶᠡᠭᠡ᠎ᠪᠠᠷ ᠡᠶᠡᠳᠡᠭᠦᠯᠬᠦ ᠵᠢ ᠯᠠᠪᠳᠠᠭᠤᠨ ᠪᠠᠲᠤᠲᠠᠶ ᠠᠬᠢᠭᠤᠯᠵᠤ᠂ ᠵᠥᠷᠢᠴᠡᠯ ᠠᠰᠠᠭᠤᠳᠠᠯ᠎ᠢ ᠦᠨᠳᠦᠰᠦᠨ ᠱᠠᠲᠤᠨ᠎ᠳᠤ ᠰᠢᠢ᠍ᠳᠪᠦᠷᠢᠯᠡᠬᠦ᠂ ᠴᠤᠬᠤᠶ᠋ᠢᠵᠤ ᠪᠠᠶ᠋ᠢᠬᠤ᠎ᠳᠤ᠎ᠨᠢ ᠰᠢᠢ᠍ᠳᠪᠦᠷᠢᠯᠡᠬᠦ᠎ᠪᠠᠷ ᠴᠢᠷᠮᠠᠶ᠋ᠢᠨ᠎ᠠ᠃ ᠳᠣᠲᠣᠭ᠋ᠠᠳᠤ ᠵᠢ ᠬᠠᠮᠠᠭ᠋ᠠᠯᠠᠬᠤ ᠵᠠᠬᠢᠳᠠᠯ ᠰᠤᠷᠪᠤᠯᠵᠢᠯᠠᠭ᠎ᠠ ᠵᠢᠨ ᠲᠤᠪᠤᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ ᠲᠤᠰᠬᠠᠢ ᠠᠵᠢᠯ᠎ᠢ ᠭᠦᠨᠵᠡᠭᠡᠢ ᠠᠬᠢᠭᠤᠯᠵᠤ᠂ ᠤᠳᠤᠷᠢᠳᠬᠤ ᠺᠠᠳ᠋ᠷ ᠬᠡᠷᠡᠭ᠎ᠢ ᠳᠠᠭ᠋ᠠᠭ᠋ᠠᠴᠢᠯᠠᠬᠤ᠂ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠤᠯᠠᠨ ᠲᠦᠮᠡᠨ᠎ᠤ ᠵᠦᠢ ᠶᠣᠰᠣᠨ᠎ᠤ ᠬᠠᠤᠯᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠦᠨᠡᠨ ᠬᠦ᠌ ᠰᠠᠶ᠋ᠢᠲᠤᠷ ᠰᠢᠢ᠍ᠳᠪᠦᠷᠢᠯᠡᠨ᠎ᠡ᠃
ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠬᠦ ᠵᠢ ᠴᠢᠩᠭ᠋ᠠᠳᠬᠠᠨ᠎ᠠ᠃ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠴᠢᠭᠯᠡᠯᠲᠡ ᠵᠢ ᠪᠠᠷᠢᠮᠲᠠᠯᠠᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠶᠤᠩᠭ᠎ᠠ ᠨᠢᠷᠬᠢᠬᠦ ᠠᠷᠭ᠎ᠠ ᠪᠠᠷᠢᠯ᠎ᠢ ᠬᠡᠷᠡᠭᠯᠡᠨ᠂ ᠬᠠᠲᠠᠭᠤ ᠰᠢᠷᠦᠭᠦᠨ ᠳᠠᠭ᠋ᠠᠷᠢᠯᠲᠠ ᠶᠠᠪᠤᠭᠤᠯᠵᠤ᠂ ᠶᠡᠭᠡ ᠬᠡᠷᠡᠭ᠎ᠢ ᠨᠡᠩ ᠲᠦᠷᠭᠡᠨ ᠢᠯᠡᠷᠡᠭᠦᠯᠦᠨ᠂ ᠪᠠᠭ᠎ᠠ ᠬᠡᠷᠡᠭ᠎ᠢ ᠨᠡᠩ ᠤᠯᠠᠨ ᠢᠯᠡᠷᠡᠭᠦᠯᠵᠦ᠂ ᠰᠦᠷ ᠮᠠᠨᠳᠤᠭᠤᠯᠤᠨ᠂ ᠴᠡᠭᠴᠡᠯᠡᠵᠦ ᠦᠷ᠎ᠡ ᠪᠦᠲᠦᠮᠵᠢ ᠭᠠᠷᠭ᠋ᠠᠨ᠎ᠠ᠃ ᠡᠮᠡᠭᠲᠡᠶ᠋ᠢᠴᠦᠳ᠂ ᠬᠡᠦᠬᠡᠳ᠂ ᠨᠠᠰᠤᠲᠠᠶ᠋ᠢᠴᠤᠳ᠂ ᠵᠡᠮᠳᠡᠭᠴᠦᠳ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠵᠡᠷᠭᠡ ᠨᠡᠶ᠋ᠢᠲᠡ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠡᠷᠡᠰ ᠴᠣᠬᠢᠯᠲᠠ ᠥᠭᠭᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠪᠠᠶ᠋ᠢᠩᠭᠤ ᠵᠢᠨ ᠲᠡᠮᠡᠴᠡᠯ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠵᠤ᠂ 《ᠥᠴᠦᠬᠡᠨ ᠴᠦ᠍ ᠢᠯᠳᠠᠷ ᠬᠠᠶᠠᠬᠤ ᠦᠭᠡᠢ》 ᠪᠠᠶ᠋ᠢᠬᠤ ᠵᠢ ᠢᠮᠠᠭᠲᠠ ᠪᠠᠲᠤᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠷᠢᠯᠲᠠ ᠬᠢᠵᠦ᠂ ᠬᠠᠷᠭᠢᠰ ᠬᠦᠴᠦᠨ᠎ᠢ ᠬᠤᠭ ᠦᠭᠡᠢ ᠠᠷᠢᠯᠭ᠋ᠠᠬᠤ ᠵᠢ ᠪᠠᠷᠢᠮᠲᠠᠯᠠᠨ᠎ᠠ᠃ ᠬᠡᠷᠡᠭ ᠡᠲᠦᠬᠦ᠂ ᠣᠯᠠᠭᠤᠯᠠ ᠨᠡᠶ᠋ᠢᠯᠡᠵᠦ ᠵᠣᠳᠣᠭ᠋ᠠᠨ ᠬᠢᠬᠦ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠲᠦᠷᠭᠡᠨ ᠪᠠᠶ᠋ᠢᠴᠠᠭ᠋ᠠᠨ ᠰᠢᠢ᠍ᠳᠪᠦᠷᠢᠯᠡᠵᠦ ᠰᠢᠢ᠍ᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠡᠷᠡᠰ ᠴᠢᠩᠭ᠎ᠠ ᠴᠣᠬᠢᠯᠲᠠ ᠥᠭᠬᠦ ᠬᠡᠷᠡᠭᠲᠡᠢ᠃ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ ᠵᠡᠷᠭᠡ ᠡᠳ᠋ ᠬᠥᠷᠥᠩᠭᠡ᠎ᠳᠤ ᠬᠠᠯᠳᠠᠭᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠮᠳᠤᠷᠠᠯ᠎ᠤᠨ ᠳᠠᠶ᠋ᠢᠯᠠᠯᠳᠤᠭ᠋ᠠᠨ᠎ᠢ ᠦᠷᠭᠦᠯᠵᠢᠯᠡᠨ ᠵᠣᠬᠢᠶᠠᠨ ᠪᠠᠶ᠋ᠢᠭᠤᠯᠵᠤ᠂ ᠪᠥᠬᠦ ᠬᠡᠯᠬᠢᠶ᠎ᠡ᠎ᠪᠠᠷ ᠴᠣᠬᠢᠯᠲᠠ ᠥᠭᠬᠦ ᠠᠵᠢᠯ᠎ᠢ ᠭᠦᠨᠵᠡᠭᠡᠶ ᠥᠷᠨᠢᠭᠦᠯᠵᠦ᠂ ᠣᠯᠠᠨ ᠲᠦᠮᠡᠨ᠎ᠤ 《ᠵᠣᠭᠤᠰᠣᠨ ᠴᠦᠩᠬᠦ》 ᠵᠢ ᠦᠨᠡᠨ ᠬᠦ᠌ ᠬᠠᠮᠠᠭ᠋ᠠᠯᠠᠨ᠎ᠠ᠃
ᠨᠡᠶ᠋ᠢᠭᠡᠮ᠎ᠤᠨ ᠲᠠᠯ᠎ᠠ ᠵᠢᠨ ᠪᠦᠬᠦᠢ᠌ᠯᠡ ᠴᠣᠭᠴᠠ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠎ᠠ᠃ ᠳᠣᠲᠣᠭ᠋ᠠᠳᠤ ᠵᠢ ᠬᠠᠮᠠᠭ᠋ᠠᠯᠠᠬᠤ ᠵᠡᠪᠰᠡᠭᠲᠦ ᠴᠠᠭᠳᠠᠭ᠎ᠠ ᠵᠢᠨ ᠬᠠᠮᠲᠤᠷᠠᠨ ᠵᠢᠵᠢᠭᠦᠷᠯᠡᠬᠦ ᠵᠡᠪᠰᠡᠭᠲᠦ ᠬᠦᠴᠦᠨ᠎ᠤ ᠲᠣᠭᠤᠷᠢᠨ ᠴᠠᠭᠳᠠᠬᠤ ᠪᠠ ᠲᠦᠷᠭᠡᠨ ᠬᠦᠷᠢᠶᠡᠯᠡᠬᠦ ᠵᠡᠷᠭᠡ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠨᠢᠭᠡ ᠲᠣᠰᠬᠤᠨ (ᠭᠠᠴᠠᠭ᠎ᠠ) ᠨᠢᠭᠡ ᠴᠠᠭᠳᠠᠭ᠎ᠠ》 《ᠬᠤᠶᠠᠷ ᠠᠩᠭᠢ ᠨᠢᠭᠡ ᠲᠠᠰᠤᠭ》 ᠵᠡᠷᠭᠡ ᠴᠠᠭᠳᠠᠭ᠋ᠠᠨ᠎ᠤ ᠶᠠᠪᠤᠳᠠᠯ᠎ᠤᠨ ᠵᠠᠭᠪᠤᠷ᠎ᠢ ᠬᠡᠷᠡᠭᠵᠢᠭᠦᠯᠵᠦ᠂ ᠣᠯᠠᠨ ᠲᠦᠮᠡᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠵᠣᠬᠢᠶᠠᠨ ᠪᠠᠶ᠋ᠢᠭᠤᠯᠤᠨ ᠳᠠᠶ᠋ᠢᠴᠢᠯᠠᠵᠤ᠂ ᠴᠠᠭᠳᠠᠭ᠋ᠠᠨ᠎ᠤ ᠬᠦᠴᠦᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠵᠡᠭᠡᠯᠢ ᠭᠤᠳᠤᠮᠵᠢ᠎ᠳᠤ ᠭᠠᠷᠭ᠋ᠠᠵᠤ᠂ ᠨᠡᠶ᠋ᠢᠭᠡᠮ ᠲᠣᠭᠤᠷᠢᠭ᠎ᠲᠤ ᠭᠦᠨᠵᠡᠭᠡᠶ᠋ᠢᠷᠡᠭᠦᠯᠵᠦ᠂ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠡᠵᠡᠮᠳᠡᠬᠦ ᠬᠦᠴᠦᠨ᠎ᠢ ᠨᠡᠮᠡᠭᠳᠡᠭᠦᠯᠵᠦ᠂ ᠢᠯᠠᠩᠭᠤᠶ᠎ᠠ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠣᠨᠴᠠᠯᠢᠭᠲᠤ ᠴᠢᠭᠯᠡᠭᠦᠯᠦᠨ᠂ ᠭᠤᠤᠯᠳᠠᠯᠭ᠎ᠠ᠎ᠲᠠᠢ ᠭᠠᠵᠠᠷ ᠣᠷᠣᠨ᠂ ᠣᠷᠣᠨ ᠪᠦᠰᠡ ᠵᠢᠨ ᠰᠥᠨᠢ᠎ᠪᠠᠷ ᠴᠠᠭᠳᠠᠨ ᠡᠵᠡᠮᠳᠡᠬᠦ ᠵᠢ ᠴᠢᠩᠭ᠋ᠠᠳᠬᠠᠵᠤ᠂ ᠬᠥᠮᠦᠨ᠎ᠤ ᠶᠢᠷᠲᠢᠨᠴᠦ ᠵᠢᠨ 《ᠠᠶᠤᠯᠲᠠᠢ ᠣᠷᠴᠢᠨ》᠎ᠳᠤ 《ᠠᠮᠤᠷ ᠲᠦᠪᠰᠢᠨ᠎ᠤ ᠨᠡᠭᠡᠯᠡᠬᠡᠶ》 ᠤᠭᠰᠠᠷᠠᠨ᠎ᠠ᠃ ᠭᠤᠤᠯᠳᠠᠯᠭ᠎ᠠ᠎ᠲᠠᠢ ᠡᠳ᠋ ᠪᠣᠳᠠᠰ᠎ᠤᠨ ᠬᠥᠳᠡᠯᠦᠩᠭᠦᠶ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ ᠫᠤᠤ ᠵᠡᠪᠰᠡᠭ ᠳᠡᠯᠪᠡᠷᠡᠬᠦ ᠡᠳ᠋᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠎ᠪᠠᠷ ᠬᠥᠲᠥᠯᠦᠮᠵᠢ ᠪᠣᠯᠭ᠋ᠠᠵᠤ᠂ ᠠᠮᠤᠷ ᠲᠦᠪᠰᠢᠨ᠎ᠤ ᠳᠠᠯᠳᠠ ᠬᠡᠮ᠎ᠢ ᠬᠦᠴᠦᠯᠡᠨ ᠠᠷᠢᠯᠭ᠋ᠠᠨ᠎ᠠ᠃ ᠵᠠᠮ ᠬᠠᠷᠢᠯᠴᠠᠭ᠎ᠠ᠂ ᠭᠠᠵᠠᠷ ᠳᠤᠤᠷᠠᠬᠢ ᠲᠡᠮᠦᠷ ᠵᠠᠮ᠂ ᠨᠡᠶ᠋ᠢᠲᠡ ᠵᠢᠨ ᠮᠠᠰᠢᠨ ᠲᠡᠷᠭᠡ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠬᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠯᠠᠪᠳᠠᠭᠤᠨ ᠪᠠᠲᠤᠲᠠᠶ ᠰᠠᠶ᠋ᠢᠲᠤᠷ ᠠᠳᠬᠤᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠵᠡᠷᠭᠡ ᠠᠵᠢᠯ᠎ᠢ ᠬᠠᠮᠵᠢᠯᠴᠠᠨ ᠰᠠᠶ᠋ᠢᠲᠤᠷ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠨ᠎ᠠ᠃
ᠪᠣᠯᠪᠠᠰᠤᠨ ᠵᠶ᠋ᠠᠷ ᠡᠭᠦᠷᠭᠡ ᠭᠦᠢ᠍ᠴᠡᠳᠬᠡᠵᠦ ᠬᠠᠤᠯᠢ ᠬᠡᠷᠡᠭᠵᠢᠭᠦᠯᠬᠦ ᠵᠢ ᠵᠢᠷᠤᠮᠵᠢᠭᠤᠯᠤᠨ᠎ᠠ᠃ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠲᠠᠰ ᠳᠠᠷᠠᠭ᠋ᠠᠯᠠᠯ᠎ᠤᠨ ᠤᠬᠠᠮᠰᠠᠷ᠂ ᠭᠡᠷᠡᠴᠢ ᠪᠠᠷᠢᠮᠲᠠ ᠵᠢᠨ ᠤᠬᠠᠮᠰᠠᠷ᠂ ᠵᠠᠷᠭᠤ ᠵᠢᠨ ᠤᠬᠠᠮᠰᠠᠷ᠎ᠢ ᠴᠢᠩᠭ᠋ᠠᠳᠬᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠡᠯ᠎ᠡ ᠵᠦᠢ᠍ᠯ᠎ᠤᠨ ᠲᠦᠷᠢᠮ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠡᠮᠦᠨ᠎ᠡ ᠹᠷᠣᠨᠲ᠎ᠤᠨ ᠠᠷᠠᠳ᠎ᠤᠨ ᠴᠠᠭᠳᠠᠭ᠎ᠠ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠠᠶ᠋ᠢᠨ ᠰᠠᠶ᠋ᠢᠬᠠᠨ ᠬᠠᠤᠯᠢ ᠬᠡᠷᠡᠭᠵᠢᠭᠦᠯᠬᠦ ᠳᠠᠳᠬᠠᠯ᠎ᠲᠠᠢ ᠪᠣᠯᠭ᠋ᠠᠨ᠎ᠠ᠃ 《ᠵᠢᠷᠭᠤᠭ᠎ᠠ ᠵᠢ ᠲᠣᠭᠲᠠᠪᠤᠷᠢᠵᠢᠭᠤᠯᠬᠤ》᠂ 《ᠵᠢᠷᠭᠤᠭ᠎ᠠ ᠵᠢ ᠪᠠᠲᠤᠯᠠᠬᠤ》 ᠵᠢ ᠠᠩᠬᠠᠷᠴᠤ᠂ ᠠᠭᠤᠴᠢᠯᠠᠬᠤ ᠪᠠ ᠴᠢᠩᠭ᠎ᠠ ᠰᠢᠳᠬᠡᠬᠦ ᠵᠢ ᠤᠶᠠᠯᠳᠤᠭᠤᠯᠬᠤ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠲᠥᠷᠥ ᠵᠢᠨ ᠪᠣᠳᠣᠯᠭ᠎ᠠ ᠵᠢ ᠪᠠᠷᠢᠮᠲᠠᠯᠠᠵᠤ᠂ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠨ᠎ᠠ᠃
《ᠵᠠᠭᠤᠨ ᠡᠳᠦᠷ᠎ᠤᠨ ᠠᠵᠢᠯᠯᠠᠭ᠎ᠠ》 ᠵᠢᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠲᠤᠰᠬᠠᠶ᠋ᠢᠯᠠᠨ 《ᠵᠠᠭᠤᠨ ᠡᠳᠦᠷ᠎ᠤᠨ ᠠᠵᠢᠯᠯᠠᠭ᠎ᠠ》 ᠵᠢᠨ ᠵᠢᠯᠣᠭᠤᠳᠬᠤ ᠭᠠᠵᠠᠷ ᠪᠠᠶ᠋ᠢᠭᠤᠯᠵᠤ᠂ 《1 ᠶᠡᠷᠦᠩᠬᠡᠶ 6 ᠬᠤᠪᠢ》 ᠵᠢᠨ ᠲᠥᠰᠦᠯ᠎ᠤᠨ ᠰᠢᠰᠲ᠋ᠧᠮ᠎ᠢ ᠲᠣᠭᠲᠠᠭ᠋ᠠᠵᠤ᠂ ᠪᠡᠶᠡᠲᠦ ᠴᠣᠭᠴᠠᠲᠤ ᠠᠵᠢᠯᠯᠠᠭ᠋ᠠᠨ᠎ᠤ ᠠᠵᠢᠯ᠎ᠤᠨ ᠲᠤᠰᠬᠠᠶ ᠠᠩᠭᠢ ᠪᠠᠶ᠋ᠢᠭᠤᠯᠵᠤ᠂ ᠡᠳᠦᠷ᠎ᠤᠨ ᠰᠤᠳᠤᠯᠤᠨ ᠮᠠᠭ᠋ᠠᠳᠯᠠᠬᠤ ᠭᠠᠷᠠᠭ᠎ᠤᠨ ᠲᠣᠬᠢᠷᠠᠭᠤᠯᠤᠯᠲᠠ ᠰᠠᠷ᠎ᠠ ᠵᠢᠨ ᠵᠠᠷᠯᠠᠨ ᠮᠡᠳᠡᠭᠳᠡᠬᠦ ᠠᠵᠢᠯ᠎ᠤᠨ ᠲᠣᠭᠲᠠᠴᠠ ᠵᠢ ᠪᠠᠶ᠋ᠢᠭᠤᠯᠪᠠ᠃ ᠰᠢᠪᠠᠳᠠᠨ ᠪᠠᠶ᠋ᠢᠴᠠᠭ᠋ᠠᠬᠤ ᠠᠵᠢᠯ᠎ᠤᠨ ᠲᠤᠰᠬᠠᠶ ᠠᠩᠭᠢ ᠰᠢᠪᠠᠳᠠᠨ ᠵᠢᠯᠣᠭᠤᠳᠬᠤ ᠪᠠ ᠬᠠᠷᠢᠭᠤᠴᠠᠯᠭ᠎ᠠ ᠲᠤᠯᠭ᠋ᠠᠵᠤ ᠦᠷ᠎ᠡ ᠪᠦᠲᠦᠮᠵᠢ ᠵᠢ ᠠᠰᠠᠭᠤᠬᠤ ᠵᠢ ᠴᠢᠩᠭ᠎ᠠ ᠥᠷᠨᠢᠭᠦᠯᠦᠭᠰᠡᠨ ᠪᠥᠭᠡᠳ ᠠᠮᠤᠷ ᠲᠦᠪᠰᠢᠨ᠎ᠤ ᠲᠣᠪᠤᠶ᠋ᠢᠮ᠎ᠠ ᠠᠰᠠᠭᠤᠳᠠᠯ ᠪᠠ ᠳᠠᠯᠳᠠ ᠬᠡᠮ ᠵᠢᠴᠢ ᠬᠦᠨᠳᠦ ᠶᠡᠭᠡ ᠬᠡᠷᠡᠭ᠎ᠢ ᠫᠠᠶ᠋ᠢᠰᠠ ᠡᠯᠭᠦᠨ ᠰᠢᠪᠠᠳᠠᠨ ᠰᠢᠢ᠍ᠳᠪᠦᠷᠢᠯᠡᠭᠦᠯᠪᠡ᠃ ᠡᠭᠦᠨ᠎ᠤ ᠬᠠᠮᠲᠤ᠂ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠵᠶ᠋ᠠᠨ ᠴᠢᠩᠭ᠋ᠠᠷᠠᠭᠤᠯᠵᠤ᠂ 《24 ᠴᠠᠭ᠎ᠤᠨ ᠴᠠᠭᠳᠠᠭ᠋ᠠᠨ᠎ᠤ ᠲᠣᠪᠴᠢᠶ᠎ᠠ》 ᠵᠡᠷᠭᠡ ᠲᠠᠪᠴᠠᠩ᠎ᠳᠤ ᠲᠦᠰᠢᠭᠯᠡᠨ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠥᠷᠭᠡᠨ ᠣᠯᠠᠨ ᠠᠷᠠᠳ ᠲᠦᠮᠡᠨ᠎ᠢ ᠢᠳᠡᠪᠬᠢᠲᠡᠶ ᠳᠠᠶ᠋ᠢᠴᠢᠯᠠᠨ ᠠᠵᠢᠯᠯᠠᠭ᠎ᠠ᠎ᠳᠤ ᠣᠷᠣᠯᠴᠠᠭᠤᠯᠵᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ 《ᠬᠥᠮᠦᠨ ᠪᠦᠬᠦᠨ ᠴᠣᠬᠢᠯᠲᠠ ᠥᠭᠬᠦ》 ᠬᠦᠴᠦᠷᠬᠡᠭ ᠶᠡᠭᠡ ᠰᠦᠷ ᠬᠦᠴᠦᠨ᠎ᠢ ᠪᠣᠶ ᠪᠣᠯᠭ᠋ᠠᠨ᠎ᠠ᠃
ᠰᠤᠷᠪᠤᠯᠵᠢᠯᠠᠭᠴᠢ᠄
ᠠᠮᠤᠷ᠎ᠢ ᠬᠠᠮᠠᠭ᠋ᠠᠯᠠᠬᠤ ᠰᠠᠯᠠᠭ᠎ᠠ ᠮᠥᠴᠢᠷ ᠨᠡᠶ᠋ᠢᠭᠡᠮ᠎ᠤᠨ ᠠᠮᠤᠷ ᠲᠦᠪᠰᠢᠨ᠎ᠢ ᠬᠠᠮᠠᠭ᠋ᠠᠯᠠᠬᠤ 《ᠭᠤᠤᠯ ᠬᠦᠴᠦᠨ》 ᠪᠣᠯᠤᠭᠰᠠᠨ᠎ᠤ ᠬᠤᠪᠢ᠎ᠳᠤ᠂ 《ᠵᠠᠭᠤᠨ ᠡᠳᠦᠷ᠎ᠤᠨ ᠠᠵᠢᠯᠯᠠᠭ᠎ᠠ》᠎ᠳᠤ ᠶᠠᠮᠠᠷ ᠶᠠᠮᠠᠷ ᠭᠤᠤᠯᠳᠠᠯᠭ᠎ᠠ᠎ᠲᠠᠢ ᠠᠵᠢᠯ᠎ᠤᠨ ᠠᠷᠭ᠎ᠠ ᠬᠡᠮᠵᠢᠶ᠎ᠡ ᠪᠠᠶ᠋ᠢᠬᠤ ᠪᠣᠶ?
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ ᠳᠡᠳ᠋ ᠳᠠᠷᠤᠭ᠎ᠠ ᠰᠦᠨ ᠶᠠᠨ ᠵᠢᠶᠦ᠋ᠨ᠄
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶᠠᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ 《ᠵᠠᠭᠤᠨ ᠡᠳᠦᠷ᠎ᠤᠨ ᠠᠵᠢᠯᠯᠠᠭ᠎ᠠ》᠎ᠳᠤ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠮᠤᠷ᠎ᠢ ᠬᠠᠮᠠᠭ᠋ᠠᠯᠠᠬᠤ ᠰᠠᠯᠠᠭ᠎ᠠ ᠮᠥᠴᠢᠷ ᠳᠤᠤᠷᠠᠬᠢ 5 ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠠᠬᠢᠭᠤᠯᠤᠨ᠎ᠠ᠄
· ᠵᠡᠭᠡᠯᠢ᠎ᠪᠠᠷ ᠴᠠᠭᠳᠠᠨ ᠰᠡᠷᠭᠡᠶ᠋ᠢᠯᠡᠬᠦ ᠵᠢ ᠴᠢᠩᠭ᠋ᠠᠳᠬᠠᠨ᠎ᠠ᠃ ᠴᠠᠭᠳᠠᠭ᠋ᠠᠨ᠎ᠤ ᠬᠦᠴᠦᠨ ᠴᠠᠭᠳᠠᠭᠤᠯ᠎ᠤᠨ ᠪᠠᠶ᠋ᠢᠳᠠᠯ᠎ᠢ ᠳᠠᠭ᠋ᠠᠬᠤ ᠵᠢ ᠪᠠᠷᠢᠮᠲᠠᠯᠠᠵᠤ᠂ ᠤᠯᠤᠰ ᠲᠥᠷᠥ ᠵᠢᠨ ᠲᠥᠪ ᠲᠣᠭᠤᠷᠢᠭ᠂ ᠬᠤᠲᠠ ᠵᠢᠨ ᠠᠭᠤᠳᠠᠮ ᠲᠠᠯᠠᠪᠠᠶ᠂ ᠬᠥᠭᠵᠢᠶᠡᠨ ᠨᠠᠷᠭᠢᠶᠠᠨᠲᠤ ᠬᠤᠳᠠᠯᠳᠤᠭ᠋ᠠᠨ᠎ᠤ ᠲᠣᠭᠤᠷᠢᠭ᠂ ᠨᠢᠰᠬᠡᠯ᠎ᠤᠨ ᠪᠠᠭᠤᠳᠠᠯ ᠪᠠ ᠲᠡᠷᠭᠡᠨ ᠥᠷᠲᠡᠭᠡ ᠵᠢᠴᠢ ᠰᠤᠷᠭ᠋ᠠᠭᠤᠯᠢ ᠡᠮᠨᠡᠯᠭᠡ ᠵᠢᠨ ᠬᠤᠷᠢᠶ᠎ᠠ᠂ ᠥᠷᠯᠥᠭᠡ ᠤᠷᠤᠢ ᠵᠢᠨ ᠵᠠᠬ᠎ᠠ ᠳᠡᠯᠭᠡᠭᠦᠷ ᠵᠡᠷᠭᠡ ᠴᠢᠬᠤᠯᠠ ᠬᠠᠷᠠᠯᠲᠠ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠪᠠ ᠠᠮᠤᠷ ᠲᠦᠪᠰᠢᠨ᠎ᠤ ᠪᠠᠶ᠋ᠢᠳᠠᠯ ᠪᠤᠳᠤᠯᠢᠶᠠᠨᠲᠠᠶ ᠭᠠᠵᠠᠷ ᠣᠷᠣᠨ᠎ᠤ ᠲᠣᠭᠤᠷᠢᠨ᠎ᠳᠤ᠂ 《ᠵᠠᠪᠠᠯ ᠬᠥᠷᠬᠦ ᠴᠡᠭ》᠂ 《ᠵᠠᠪᠠᠯ ᠬᠥᠷᠬᠦ ᠱᠤᠭᠤᠮ》᠎ᠢ ᠬᠥᠳᠡᠯᠦᠩᠭᠦᠶ᠎ᠪᠠᠷ ᠲᠣᠬᠢᠷᠠᠭᠤᠯᠤᠨ ᠲᠣᠬᠢᠷᠠᠭᠤᠯᠵᠤ᠂ ᠴᠠᠭᠳᠠᠨ ᠲᠣᠭᠤᠷᠢᠬᠤ ᠣᠨᠴᠠ ᠲᠦᠷᠦᠯ᠎ᠤᠨ ᠴᠠᠭᠳᠠᠭ᠎ᠠ᠂ ᠵᠠᠮ ᠬᠠᠷᠢᠯᠴᠠᠭ᠋ᠠᠨ᠎ᠤ ᠴᠠᠭᠳᠠᠭ᠎ᠠ᠂ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ᠂ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠬᠦᠴᠦᠨ᠎ᠢ ᠥᠷᠭᠡᠨ ᠵᠶ᠋ᠠᠷ ᠵᠣᠬᠢᠶᠠᠨ ᠪᠠᠶ᠋ᠢᠭᠤᠯᠤᠨ ᠳᠠᠶ᠋ᠢᠴᠢᠯᠠᠵᠤ᠂ ᠴᠠᠭᠳᠠᠭ᠋ᠠᠨ᠎ᠤ ᠬᠦᠴᠦᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠵᠡᠭᠡᠯᠢ ᠭᠤᠳᠤᠮᠵᠢ᠎ᠳᠤ ᠭᠠᠷᠭ᠋ᠠᠵᠤ᠂ ᠳᠠᠪᠬᠤᠴᠠᠭᠰᠠᠨ ᠮᠠᠶᠢᠭ᠎ᠤᠨ᠂ ᠪᠦᠷᠢᠨ ᠣᠷᠣᠨ ᠵᠠᠶ᠎ᠲᠠᠢ᠂ ᠪᠡᠶᠡᠲᠦ ᠴᠣᠭᠴᠠᠲᠤ ᠲᠣᠭᠤᠷᠢᠨ ᠴᠠᠭᠳᠠᠵᠤ ᠰᠡᠷᠭᠡᠶ᠋ᠢᠯᠡᠨ ᠡᠵᠡᠮᠳᠡᠬᠦ ᠵᠢ ᠥᠷᠨᠢᠭᠦᠯᠵᠦ᠂ ᠵᠣᠨ᠎ᠤ ᠤᠯᠠᠷᠢᠯ᠎ᠤᠨ ᠰᠦᠨᠢ ᠵᠢᠨ ᠪᠠᠢ᠌ᠴᠠᠭ᠋ᠠᠯᠲᠠ ᠵᠢᠨ ᠲᠦᠷ ᠴᠠᠭ᠎ᠤᠨ ᠪᠠᠢ᠌ᠴᠠᠭ᠋ᠠᠯᠲᠠ ᠵᠢ ᠴᠢᠩᠭ᠋ᠠᠳᠬᠠᠵᠤ᠂ ᠴᠠᠭᠳᠠᠭ᠋ᠠᠨ᠎ᠤ ᠢᠯᠡᠷᠡᠯ᠎ᠤᠨ ᠨᠤᠷᠮ᠎ᠠ᠂ ᠤᠴᠢᠷ ᠶᠠᠪᠤᠳᠠᠯ ᠬᠠᠮᠢᠶᠠᠷᠬᠤ ᠨᠤᠷᠮ᠎ᠠ ᠪᠣᠯᠤᠨ ᠡᠵᠡᠮᠳᠡᠬᠦ ᠬᠦᠴᠦᠨ᠂ ᠰᠦᠷᠳᠡᠭᠦᠯᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠦᠨ᠎ᠡ᠃ ᠠᠮᠤᠷ᠎ᠢ ᠬᠠᠮᠠᠭ᠋ᠠᠯᠠᠬᠤ ᠺᠠᠳ᠋ᠷ᠂ ᠲᠣᠣᠷᠵᠢᠭᠤᠯᠤᠭᠰᠠᠨ ᠬᠠᠮᠢᠶᠠᠷᠤᠯᠲᠠ ᠵᠢᠨ ᠠᠵᠢᠯᠲᠠᠨ᠂ ᠠᠮᠤᠷ᠎ᠢ ᠬᠠᠮᠠᠭ᠋ᠠᠯᠠᠭᠴᠢ ᠵᠡᠷᠭᠡ ᠨᠡᠶ᠋ᠢᠭᠡᠮ᠎ᠤᠨ ᠬᠦᠴᠦᠨ᠎ᠢ ᠶᠡᠬᠡᠪᠡᠷ ᠵᠣᠬᠢᠶᠠᠨ ᠪᠠᠶ᠋ᠢᠭᠤᠯᠵᠤ᠂ 《ᠤᠯᠠᠭ᠋ᠠᠨ ᠬᠠᠨᠴᠤᠢ᠌ᠲᠤ》᠂ 《ᠠᠮᠤᠷ ᠲᠦᠪᠰᠢᠨ᠎ᠢ ᠬᠠᠮᠠᠭ᠋ᠠᠯᠠᠬᠤ》 ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠲᠣᠭᠤᠷᠢᠨ ᠴᠠᠭᠳᠠᠬᠤ ᠵᠢ ᠵᠡᠭᠡᠯᠢ ᠭᠤᠳᠤᠮᠵᠢ᠂ ᠥᠷᠭᠡᠨ ᠠᠭᠤᠳᠠᠮ ᠬᠥᠳᠡᠭᠡ ᠲᠣᠰᠬᠤᠨ ᠲᠡᠰᠢ ᠥᠷᠭᠡᠳᠭᠡᠨ᠎ᠡ᠃
· ᠵᠥᠷᠢᠴᠡᠯ ᠵᠠᠭᠤᠷᠠᠭ᠋ᠠᠨ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠴᠢᠩᠭ᠋ᠠᠳᠬᠠᠨ᠎ᠠ᠃ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ 《ᠭᠤᠷᠪᠠ ᠵᠢ ᠪᠠᠶ᠋ᠢᠴᠠᠭ᠋ᠠᠬᠤ ᠨᠢᠭᠡ ᠵᠢ ᠡᠵᠡᠮᠳᠡᠬᠦ》 ᠲᠤᠰᠬᠠᠶ ᠠᠵᠢᠯᠯᠠᠭ᠎ᠠ᠎ᠪᠠᠷ ᠬᠥᠲᠥᠯᠦᠮᠵᠢ ᠪᠣᠯᠭ᠋ᠠᠵᠤ᠂ 《ᠤᠷᠢᠳᠴᠢᠯᠠᠨ ᠰᠡᠷᠭᠡᠶ᠋ᠢᠯᠡᠬᠦ ᠵᠢ ᠵᠢᠭᠰᠠᠭ᠋ᠠᠨ ᠪᠠᠶ᠋ᠢᠴᠠᠭ᠋ᠠᠬᠤ᠎ᠠᠴᠠ ᠡᠮᠦᠨ᠎ᠡ ᠬᠢᠬᠦ᠂ ᠵᠢᠭᠰᠠᠭ᠋ᠠᠨ ᠪᠠᠶ᠋ᠢᠴᠠᠭ᠋ᠠᠬᠤ ᠵᠢ ᠡᠶᠡᠳᠡᠭᠦᠯᠬᠦ᠎ᠠᠴᠠ ᠡᠮᠦᠨ᠎ᠡ ᠬᠢᠬᠦ᠂ ᠡᠶᠡᠳᠡᠭᠦᠯᠬᠦ ᠵᠢ ᠬᠤᠷᠴᠠᠳᠬᠠᠬᠤ᠎ᠠᠴᠠ ᠡᠮᠦᠨ᠎ᠡ ᠬᠢᠬᠦ》 ᠠᠵᠢᠯ᠎ᠤᠨ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ 《ᠥᠷᠭᠡᠨ ᠣᠯᠠᠨ ᠴᠠᠭᠳᠠᠭ᠎ᠠ ᠵᠢ ᠲᠦᠭ ᠲᠦᠮᠡᠨ ᠠᠶ᠋ᠢᠯ ᠡᠷᠦᠬᠡ᠎ᠳᠤ ᠭᠦᠨᠵᠡᠭᠡᠢ᠌ᠷᠡᠭᠦᠯᠬᠦ》 ᠠᠵᠢᠯᠯᠠᠭ᠎ᠠ ᠵᠢ ᠭᠦᠨᠵᠡᠭᠡᠶ᠋ᠢᠷᠡᠭᠦᠯᠦᠨ᠂ ᠡᠯ᠎ᠡ ᠲᠥᠷᠥᠯ᠎ᠤᠨ ᠵᠥᠷᠢᠴᠡᠯ ᠵᠠᠭᠤᠷᠠᠯᠳᠤᠭ᠋ᠠᠨ᠎ᠢ ᠡᠷᠲᠡᠬᠡᠨ ᠢᠯᠡᠷᠡᠭᠦᠯᠵᠦ᠂ ᠬᠤᠷᠴᠠᠳᠬᠤ ᠬᠠᠨᠳᠤᠰᠢ᠎ᠲᠠᠢ᠂ ᠬᠡᠷᠡᠭ ᠡᠭᠦᠰᠭᠡᠵᠦ ᠮᠡᠳᠡᠬᠦ ᠬᠡᠷ ᠪᠦᠯᠢ᠂ ᠬᠠᠶ᠋ᠢᠷ᠎ᠠ ᠰᠡᠳᠬᠢᠯᠭᠡ᠂ ᠬᠥᠷᠰᠢ ᠵᠡᠷᠭᠡᠯᠡᠳᠡᠭᠡ᠂ ᠥᠷᠢ ᠥᠭᠴᠡᠭᠡ ᠵᠡᠷᠭᠡ ᠲᠣᠪᠤᠶ᠋ᠢᠮ᠎ᠠ ᠵᠥᠷᠢᠴᠡᠯ ᠵᠠᠭᠤᠷᠠᠯᠳᠤᠭ᠋ᠠᠨ᠎ᠢ ᠴᠠᠭ ᠲᠤᠬᠠᠶ᠎ᠳᠤᠨᠢ ᠰᠡᠷᠡᠮᠵᠢᠯᠡᠭᠦᠯᠬᠦ ᠵᠢᠨ ᠬᠠᠮᠲᠤ ᠠᠷᠢᠯᠭ᠋ᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ᠃ ᠡᠭᠦᠨ᠎ᠤ ᠬᠠᠮᠲᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠤᠯᠢ᠎ᠳᠤ ᠬᠤᠯᠪᠣᠭᠳᠠᠭᠰᠠᠨ ᠵᠠᠷᠭᠤ᠎ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ ᠰᠢᠢ᠍ᠳᠪᠦᠷᠢᠯᠡᠬᠦ ᠵᠢ ᠭᠦᠨᠵᠡᠭᠡᠢ ᠠᠬᠢᠭᠤᠯᠵᠤ᠂ ᠤᠯᠠᠨ ᠲᠦᠮᠡᠨ᠎ᠤ ᠵᠦᠢ ᠵᠣᠬᠢᠰᠲᠠᠢ ᠬᠠᠤᠯᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠦᠨᠡᠨ ᠬᠦ᠌ ᠰᠢᠢ᠍ᠳᠪᠦᠷᠢᠯᠡᠨ᠎ᠡ᠃
· ᠠᠶᠤᠯᠲᠠᠶ ᠪᠣᠳᠠᠰ᠎ᠢ ᠬᠠᠮᠢᠶᠠᠷᠤᠨ ᠡᠵᠡᠮᠳᠡᠬᠦ ᠵᠢ ᠴᠢᠩᠭ᠋ᠠᠷᠠᠭᠤᠯᠤᠨ᠎ᠠ᠃ ᠫᠤᠤ ᠵᠡᠪᠰᠡᠭ ᠳᠡᠯᠪᠡᠷᠡᠬᠦ ᠡᠳ᠋᠎ᠲᠠᠢ ᠬᠤᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠎ᠪᠠᠷ ᠵᠠᠮᠴᠢ ᠪᠣᠯᠭ᠋ᠠᠵᠤ᠂ ᠫᠤᠤ ᠵᠡᠪᠰᠡᠭ᠎ᠲᠠᠢ ᠬᠤᠯᠪᠣᠭᠳᠠᠭᠰᠠᠨ᠂ ᠳᠡᠯᠪᠡᠷᠡᠯᠲᠡ᠎ᠳᠤ ᠬᠤᠯᠪᠣᠭᠳᠠᠭᠰᠠᠨ᠂ ᠬᠢᠲᠤᠭ᠎ᠠ ᠰᠡᠯᠡᠮ᠎ᠡ᠎ᠲᠠᠢ ᠬᠤᠯᠪᠣᠭᠳᠠᠭᠰᠠᠨ ᠦᠢ᠍ᠯᠡᠳᠪᠦᠷᠢᠯᠡᠯ᠂ ᠪᠣᠷᠣᠯᠠᠭᠤᠯᠭ᠎ᠠ᠂ ᠬᠡᠷᠡᠭᠯᠡᠬᠦ ᠨᠢᠭᠡᠴᠢ ᠵᠢ ᠰᠤᠷᠪᠤᠯᠵᠢᠯᠠᠨ ᠪᠠᠶ᠋ᠢᠴᠠᠭ᠋ᠠᠵᠤ᠂ ᠬᠠᠮᠢᠶᠠᠷᠤᠨ ᠡᠵᠡᠮᠳᠡᠵᠦ ᠲᠡᠮᠳᠡᠭᠯᠡᠬᠦ ᠠᠷᠭ᠎ᠠ ᠬᠡᠮᠵᠢᠶ᠎ᠡ ᠵᠢ ᠰᠢᠮᠳᠠᠭᠤᠯᠤᠨ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠨ᠎ᠠ᠃ ᠴᠤᠭᠯᠠᠭ᠎ᠠ ᠮᠠᠶ᠋ᠢᠮᠠᠶ ᠵᠢᠨ ᠵᠠᠬ᠎ᠠ ᠳᠡᠯᠭᠡᠭᠦᠷ᠂ ᠵᠢᠵᠢᠭ ᠲᠠᠸᠠᠷ᠎ᠤᠨ ᠵᠠᠬ᠎ᠠ ᠳᠡᠯᠭᠡᠭᠦᠷ᠂ ᠰᠥᠨᠢ ᠵᠢᠨ ᠵᠠᠬ᠎ᠠ ᠳᠡᠯᠭᠡᠭᠦᠷ᠂ ᠴᠡᠷᠢᠭ᠎ᠤᠨ ᠬᠡᠷᠡᠭᠰᠡᠯ᠎ᠤᠨ ᠲᠣᠭᠯᠠᠭ᠋ᠠᠮ᠎ᠤᠨ ᠳᠡᠯᠭᠡᠭᠦᠷ᠂ ᠭᠠᠷ ᠤᠷᠠᠯᠠᠯ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ ᠵᠢᠴᠢ ᠲᠡᠮᠦᠷᠯᠢᠭ ᠮᠠᠰᠢᠨ ᠡᠳ᠋ᠰᠢᠭᠦᠯᠬᠦ ᠴᠢᠭ᠂ ᠪᠠᠷᠢᠯᠭ᠎ᠠ ᠵᠢᠨ ᠮᠠᠲ᠋ᠧᠷᠢᠶᠠᠯ ᠬᠢᠮᠢ ᠵᠢᠨ ᠠᠵᠤ ᠦᠢ᠍ᠯᠡᠳᠪᠦᠷᠢ᠂ ᠢᠯᠡᠬᠡᠨ ᠬᠦᠷᠭᠡᠬᠦ ᠪᠠᠷᠠᠭ᠋ᠠᠨ᠎ᠤ ᠭᠦᠢ᠍ᠯᠭᠡᠭᠡᠨ ᠵᠡᠷᠭᠡ ᠭᠤᠣᠯᠳᠠᠯᠭ᠎ᠠ᠎ᠲᠠᠢ ᠭᠠᠵᠠᠷ ᠲᠠᠯᠠᠪᠤᠷ᠎ᠤᠨ ᠨᠢᠭᠡᠴᠢ ᠵᠢᠨ ᠲᠣᠭᠤᠷᠢᠨ᠎ᠳᠤ᠂ ᠢᠯᠭ᠋ᠠᠷᠠᠭᠤᠯᠤᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠲᠥᠪᠯᠡᠷᠡᠭᠦᠯᠦᠨ ᠥᠷᠨᠢᠭᠦᠯᠵᠦ᠂ ᠨᠡᠶ᠋ᠢᠭᠡᠮ ᠳᠡᠭᠡᠷ᠎ᠡ ᠲᠠᠷᠬᠠᠵᠤ ᠪᠠᠶ᠋ᠢᠭ᠎ᠠ ᠠᠶᠤᠯᠲᠠᠶ ᠳᠡᠯᠪᠡᠷᠡᠬᠦ ᠡᠳ᠋ ᠪᠣᠳᠠᠰ᠎ᠢ ᠪᠦᠬᠦ ᠬᠦᠴᠦᠨ ᠵᠶ᠋ᠠᠷ ᠵᠶ᠋ᠠᠨ ᠪᠠᠶ᠋ᠢᠴᠠᠭ᠋ᠠᠨ ᠬᠤᠷᠢᠶᠠᠮᠵᠢᠯᠠᠵᠤ ᠬᠤᠷᠢᠶᠠᠨ ᠠᠪᠬᠤ ᠬᠡᠷᠡᠭᠲᠡᠶ᠃
· ᠣᠯᠠᠨ ᠨᠡᠶ᠋ᠢᠲᠡ ᠵᠢᠨ ᠠᠮᠤᠷ ᠲᠦᠪᠰᠢᠨ᠎ᠤ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠨᠢᠭᠲᠠ ᠬᠠᠮᠵᠢᠯᠴᠠᠨ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠪᠣᠯᠤᠨ ᠭᠠᠵᠠᠷ ᠳᠣᠣᠷᠠᠬᠢ ᠲᠡᠮᠦᠷ ᠵᠠᠮ᠂ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ ᠵᠡᠷᠭᠡ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠬᠦᠨᠳᠦ ᠣᠨᠴᠠ ᠶᠡᠭᠡ ᠠᠮᠤᠷ ᠲᠦᠪᠰᠢᠨ᠎ᠤ ᠠᠳᠠᠯ ᠭᠠᠷᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃ ᠡᠭᠦᠨ᠎ᠤ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠵᠢᠯᠴᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠵᠡᠷᠭᠡ ᠠᠵᠢᠯ᠎ᠢ ᠰᠠᠶ᠋ᠢᠲᠤᠷ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠬᠤ ᠬᠡᠷᠡᠭᠲᠡᠶ᠃
· ᠪᠠᠴᠢᠮ ᠪᠠᠶ᠋ᠢᠳᠠᠯ᠎ᠢ ᠠᠷᠭ᠋ᠠᠴᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠨ᠎ᠠ᠃ 《ᠴᠢᠮᠡᠭᠡ ᠮᠡᠳᠡᠭᠡ ᠵᠢᠯᠤᠭᠤᠳᠬᠤ ᠦᠢ᠍ᠯᠡᠴᠢᠯᠡᠬᠦ ᠶᠠᠷᠢᠶ᠎ᠠ ᠬᠡᠯᠡᠯᠴᠡᠭᠡ》 ᠵᠢ ᠨᠢᠭᠡ ᠴᠣᠠᠠᠴᠠᠵᠢᠭᠤᠯᠥᠠᠠᠰᠠᠨ ᠪᠣᠳᠠᠲᠤ ᠪᠠᠢ᠌ᠯᠳᠤᠭ᠋ᠠᠨᠴᠢᠯᠠᠭᠰᠠᠨ ᠠᠵᠢᠯᠯᠠᠭ᠋ᠠᠨ᠎ᠤ ᠲᠣᠭᠲᠠᠴᠠ᠎ᠳᠤ ᠲᠦᠰᠢᠭᠯᠡᠨ᠂ ᠪᠠᠴᠢᠮ ᠪᠠᠶ᠋ᠢᠳᠠᠯ᠎ᠢ ᠠᠷᠭ᠋ᠠᠴᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠬᠦᠴᠦᠨ ᠪᠠ ᠵᠡᠪᠰᠡᠭ ᠲᠣᠨᠣᠭᠯᠠᠯ᠎ᠢ ᠤᠯᠠᠮ ᠨᠢᠭᠡ ᠠᠯᠬᠤᠮ ᠤᠷᠢᠳᠴᠢᠯᠠᠭᠤᠯᠤᠨ ᠰᠢᠢ᠍ᠳᠪᠦᠷᠢᠯᠡᠵᠦ᠂ ᠭᠡᠨᠡᠳᠲᠡ ᠵᠢᠨ ᠬᠦᠨᠳᠦ ᠶᠡᠭᠡ ᠬᠡᠷᠡᠭ ᠭᠠᠷᠪᠠᠯ᠂ ᠬᠠᠮᠤᠭ᠎ᠤᠨ ᠣᠬᠤᠷ ᠬᠤᠭᠤᠴᠠᠭ᠋ᠠᠨ᠎ᠳᠤ ᠬᠠᠤᠯᠢ ᠶᠣᠰᠣᠭ᠋ᠠᠷ ᠲᠦᠷᠭᠡᠨ ᠪᠥᠭᠡᠳ ᠲᠣᠬᠢᠲᠠᠶ ᠰᠢᠢ᠍ᠳᠪᠦᠷᠢᠯᠡᠬᠦ ᠵᠢ ᠦᠨᠡᠨ ᠬᠦ᠌ ᠪᠠᠳᠤᠯᠠᠨ᠎ᠠ᠃
ᠰᠤᠷᠪᠤᠯᠵᠢᠯᠠᠭᠴᠢ᠄
ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ 《ᠵᠠᠭᠤᠨ ᠡᠳᠦᠷ᠎ᠤᠨ ᠠᠵᠢᠯᠯᠠᠭ᠎ᠠ》᠎ᠳᠤ ᠴᠢᠭᠯᠡᠭᠦᠯᠦᠨ᠂ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ?
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠵᠣᠬᠢᠶᠠᠨ ᠪᠠᠶ᠋ᠢᠭᠤᠯᠤᠯᠲᠠ᠎ᠲᠠᠢ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠰᠠᠯᠪᠤᠷᠢ ᠠᠩᠭᠢ ᠵᠢᠨ ᠳᠡᠳ᠋ ᠳᠠᠷᠤᠭ᠎ᠠ ᠤᠷᠭᠤᠭ᠎ᠠ᠄
ᠪᠢᠳᠡ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠭᠤᠤᠯ ᠬᠦᠴᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠯᠠᠨ ᠲᠦᠮᠡᠨ᠎ᠤ ᠠᠮᠤᠷ ᠲᠦᠪᠰᠢᠨ᠎ᠤ ᠰᠡᠳᠬᠢᠯᠭᠡ ᠵᠢ ᠨᠥᠯᠥᠭᠡᠯᠡᠬᠦ ᠡᠯ᠎ᠡ ᠲᠥᠷᠥᠯ᠎ᠤᠨ ᠲᠣᠪᠤᠶ᠋ᠢᠮ᠎ᠠ ᠶᠠᠯᠠᠲᠤ ᠠᠵᠢᠯᠯᠠᠭ᠎ᠠ᠎ᠳᠤ ᠰᠢᠷᠦᠭᠦᠨ ᠲᠠᠭ᠋ᠠᠷᠢᠯᠲᠠ ᠶᠠᠪᠤᠭᠤᠯᠵᠤ᠂ ᠴᠢᠩᠭ᠎ᠠ ᠬᠦᠴᠦᠲᠡᠶ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ ᠣᠯᠠᠨ᠎ᠤ ᠠᠩᠬᠠᠷᠤᠯ᠎ᠳᠤ ᠢᠳᠡᠪᠬᠢᠲᠡᠶ ᠬᠠᠷᠢᠭᠤᠯᠲᠠ ᠥᠭᠭᠦᠨ᠎ᠡ᠃
· ᠬᠡᠷᠡᠭ᠎ᠢ ᠲᠦᠷᠭᠡᠨ ᠢᠯᠡᠷᠡᠭᠦᠯᠬᠦ᠃ ᠨᠠᠢ᠍ᠮᠠᠨ ᠲᠥᠷᠥᠯ᠎ᠤᠨ ᠬᠦᠨᠳᠦ ᠨᠣᠴᠢᠲᠠᠶ ᠬᠦᠴᠦᠷᠬᠡᠭᠯᠡᠯ᠎ᠤᠨ ᠶᠠᠯᠠᠲᠤ ᠠᠵᠢᠯᠯᠠᠭ᠎ᠠ᠂ ᠪᠠᠭᠤᠷᠠᠶ ᠡᠲᠡᠭᠡᠳ᠎ᠲᠤ ᠬᠠᠯᠳᠠᠭᠰᠠᠨ ᠶᠠᠯᠠᠲᠤ ᠠᠵᠢᠯᠯᠠᠭ᠎ᠠ᠂ ᠡᠳ᠋ ᠬᠥᠷᠥᠩᠭᠡ᠎ᠳᠤ ᠬᠠᠯᠳᠠᠭᠰᠠᠨ ᠶᠠᠯᠠᠲᠤ ᠠᠵᠢᠯᠯᠠᠭ᠎ᠠ ᠵᠡᠷᠭᠡ ᠡᠷᠡᠭᠦᠦ ᠵᠢᠨ ᠬᠡᠷᠡᠭ᠎ᠢ ᠢᠯᠡᠷᠡᠭᠦᠯᠪᠡᠯ᠂ ᠳᠠᠷᠤᠶ ᠲᠦᠷᠭᠡᠨ ᠲᠤᠰᠬᠠᠵᠤ᠂ ᠰᠦᠪᠡᠭᠴᠢ ᠦᠯᠡᠳᠡᠭᠡᠯ ᠦᠭᠡᠢ᠂ ᠲᠦᠷᠭᠡᠨ ᠲᠠᠩᠨᠠᠨ ᠲᠦᠷᠭᠡᠨ ᠢᠯᠡᠷᠡᠭᠦᠯᠦᠨ᠎ᠡ᠃
· ᠳᠠᠷᠤᠭᠳᠠᠮᠠᠯ ᠬᠡᠷᠡᠭ᠎ᠢ ᠤᠯᠠᠨ ᠢᠯᠡᠷᠡᠭᠦᠯᠬᠦ᠃ ᠳᠠᠷᠤᠭᠳᠠᠮᠠᠯ ᠬᠡᠷᠡᠭ᠎ᠢ ᠪᠠᠶ᠋ᠢᠩᠭᠤ ᠮᠥᠷᠳᠡᠨ ᠢᠯᠡᠷᠡᠭᠦᠯᠬᠦ ᠵᠢᠨ ᠬᠠᠮᠲᠤ᠂ ᠨᠢᠭᠡ ᠪᠦᠯᠦᠭ ᠲᠣᠰ ᠭᠠᠵᠠᠷ᠎ᠤᠨ ᠬᠠᠷᠠᠯᠲᠠᠲᠤ ᠬᠡᠷᠡᠭ᠎ᠢ ᠰᠢᠭᠰᠢᠨ ᠰᠣᠩᠭᠤᠵᠤ ᠲᠣᠭᠲᠠᠭ᠋ᠠᠨ᠂ ᠨᠢᠭᠡ ᠨᠢᠭᠡ᠎ᠪᠠᠷ ᠵᠠᠳᠠᠯᠤᠨ ᠰᠤᠳᠤᠯᠵᠤ᠂ ᠲᠤᠷᠰᠢᠨ ᠪᠠᠶ᠋ᠢᠴᠠᠭ᠋ᠠᠬᠤ ᠲᠥᠰᠦᠯ᠎ᠢ ᠲᠣᠭᠲᠠᠭ᠋ᠠᠨ᠎ᠠ᠃ ᠬᠤᠷᠴᠠ ᠴᠢᠳᠠᠮᠠᠭ᠋ᠠᠶ ᠬᠦᠴᠦᠨ᠎ᠢ ᠰᠢᠯᠵᠢᠭᠦᠯᠦᠨ ᠴᠤᠭᠯᠠᠭᠤᠯᠵᠤ᠂ ᠠᠵᠢᠯ᠎ᠤᠨ ᠲᠤᠰᠬᠠᠶ ᠠᠩᠭᠢ ᠵᠢ ᠪᠦᠷᠢᠯᠳᠦᠭᠦᠯᠵᠦ᠂ ᠡᠯ᠎ᠡ ᠵᠦᠢ᠍ᠯ᠎ᠤᠨ ᠲᠤᠷᠰᠢᠨ ᠪᠠᠶ᠋ᠢᠴᠠᠭ᠋ᠠᠬᠤ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠣᠭᠤᠮᠲᠠ ᠰᠢᠪᠲᠤᠯᠬᠤ ᠰᠢᠪᠲᠤᠯᠤᠯᠲᠠ ᠵᠢ ᠪᠥᠬᠦ ᠬᠦᠴᠦᠨ ᠵᠶ᠋ᠠᠷ ᠥᠷᠨᠢᠭᠦᠯᠦᠨ᠎ᠡ᠃
· ᠶᠡᠭᠡ ᠬᠡᠷᠡᠭ᠎ᠢ ᠰᠢᠪᠠᠳᠠᠨ ᠰᠢᠢ᠍ᠳᠪᠦᠷᠢᠯᠡᠭᠦᠯᠬᠦ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠤᠳᠠᠲᠠᠯ᠎ᠠ ᠢᠯᠡᠷᠡᠭᠦᠯᠦᠭᠡᠳᠦᠶ᠂ ᠨᠥᠯᠥᠭᠡ᠎ᠪᠠᠷ ᠮᠠᠭᠤ ᠨᠢᠭᠡ ᠪᠦᠯᠦᠭ ᠬᠦᠨᠳᠦ ᠶᠡᠭᠡ ᠬᠡᠷᠡᠭ᠎ᠢ ᠫᠠᠶ᠋ᠢᠰᠠ ᠡᠯᠭᠦᠨ ᠰᠢᠪᠠᠳᠠᠨ ᠰᠢᠢ᠍ᠳᠪᠦᠷᠢᠯᠡᠭᠦᠯᠵᠦ᠂ ᠬᠠᠮᠲᠤᠷᠠᠭᠰᠠᠨ ᠲᠤᠰᠬᠠᠶ ᠬᠡᠷᠡᠭ᠎ᠤᠨ ᠳᠤᠭᠤᠶ᠋ᠢᠯᠠᠩ ᠪᠠᠶ᠋ᠢᠭᠤᠯᠤᠨ᠂ ᠬᠡᠷᠡᠭ ᠰᠢᠢ᠍ᠳᠪᠦᠷᠢᠯᠡᠬᠦ ᠨᠢᠭᠡᠴᠢ ᠵᠢᠨ ᠭᠤᠤᠯ ᠤᠳᠤᠷᠢᠳᠤᠯᠭ᠎ᠠ᠎ᠪᠠᠷ ᠬᠠᠷᠢᠭᠤᠴᠠᠯᠭ᠋ᠠᠲᠠᠨ ᠪᠣᠯᠭ᠋ᠠᠵᠤ᠂ ᠵᠢᠷᠤᠭ ᠡᠯᠭᠦᠨ ᠪᠠᠶ᠋ᠢᠯᠳᠤᠵᠤ᠂ ᠬᠤᠭᠤᠴᠠᠭ᠎ᠠ ᠲᠣᠭᠲᠠᠭ᠋ᠠᠨ ᠬᠡᠷᠡᠭ ᠢᠯᠡᠷᠡᠭᠦᠯᠪᠡ᠃
· ᠣᠷᠭᠤᠳᠠᠭᠤᠯ ᠬᠡᠷᠡᠭᠲᠡᠨ᠎ᠢ ᠪᠠᠷᠢᠪᠴᠢᠯᠠᠬᠤ᠃ ᠣᠷᠭᠤᠳᠠᠭᠤᠯ ᠬᠡᠷᠡᠭᠲᠡᠨ᠎ᠢ ᠨᠡᠬᠡᠮᠵᠢᠯᠡᠬᠦ ᠠᠵᠢᠯ᠎ᠤᠨ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠣᠰ ᠭᠠᠵᠠᠷ᠎ᠤᠨ ᠨᠢᠭᠡ ᠪᠦᠯᠦᠭ ᠬᠦᠨᠳᠦ ᠶᠡᠭᠡ ᠣᠷᠭᠤᠳᠠᠭᠤᠯ ᠬᠡᠷᠡᠭᠲᠡᠨ᠎ᠢ ᠡᠮᠬᠢᠯᠡᠵᠦ᠂ ᠣᠷᠭᠤᠳᠠᠭᠤᠯ ᠬᠡᠷᠡᠭᠲᠡᠨ᠎ᠢ ᠨᠡᠬᠡᠮᠵᠢᠯᠡᠬᠦ ᠲᠤᠰᠬᠠᠶ ᠠᠩᠭᠢ ᠵᠢ ᠪᠠᠶ᠋ᠢᠭᠤᠯᠵᠤ᠂ ᠡᠯ᠎ᠡ ᠲᠥᠷᠥᠯ᠎ᠤᠨ ᠣᠷᠭᠤᠳᠠᠭᠤᠯ ᠬᠡᠷᠡᠭᠲᠡᠨ᠎ᠢ ᠲᠦᠷᠭᠡᠬᠡᠨ ᠪᠠᠷᠢᠪᠴᠢᠯᠠᠨ ᠠᠪᠴᠢᠷᠠᠵᠤ᠂ ᠨᠡᠶ᠋ᠢᠭᠡᠮ᠎ᠤᠨ ᠠᠮᠤᠷ ᠲᠦᠪᠰᠢᠨ᠎ᠤ ᠣᠷᠴᠢᠨ ᠨᠥᠬᠦᠴᠡᠯ᠎ᠢ ᠪᠥᠬᠦ ᠲᠠᠯ᠎ᠠ᠎ᠪᠠᠷ ᠴᠡᠪᠡᠷᠰᠢᠭᠦᠯᠵᠦ᠂ ᠰᠦᠷ ᠳᠠᠯᠠᠶ᠋ᠢᠴᠠᠲᠠᠶ ᠪᠠᠶ᠋ᠢᠯᠳᠤᠭ᠋ᠠᠨ᠎ᠤ ᠦᠷ᠎ᠡ ᠪᠦᠳᠦᠮᠵᠢ᠎ᠪᠠᠷ ᠡᠷᠡᠭᠦᠦ ᠵᠢᠨ ᠴᠠᠭᠳᠠᠭ᠎ᠠ ᠵᠢᠨ ᠡᠭᠦᠷᠭᠡᠯᠡᠯ᠎ᠢ ᠢᠯᠡᠷᠡᠭᠦᠯᠵᠦ᠂ ᠡᠷᠡᠭᠦᠦ ᠵᠢᠨ ᠴᠠᠭᠳᠠᠭ᠎ᠠ ᠵᠢᠨ ᠬᠦᠴᠦᠨ᠎ᠢ ᠢᠯᠡᠷᠡᠭᠦᠯᠦᠨ᠎ᠡ᠃