ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《6 · 5》᠎ᠤ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-06-19

      6 ᠳ᠋ᠤᠭ᠋ᠠᠷ ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠮᠢ ᠠᠬᠤᠶ ᠵᠢᠨ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠤᠨ ᠠᠷᠭ᠎ᠠ ᠬᠡᠮᠵᠢᠶ᠎ᠡ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠮᠢ ᠠᠬᠤᠶ ᠵᠢᠨ ᠣᠷᠴᠢᠨ ᠨᠥᠬᠥᠴᠡᠯ᠎ᠤᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠬᠣᠶᠠᠳᠤᠭ᠋ᠠᠷ ᠳᠡᠰ᠎ᠤᠨ ᠴᠠᠭᠳᠠᠭ᠋ᠠᠨ᠎ᠤ ᠶᠠᠪᠤᠳᠠᠯ᠎ᠤᠨ ᠲᠤᠰᠬᠠᠶ ᠲᠤᠰᠢᠶᠠᠯᠲᠠᠨ ᠹᠸᠩ ᠬᠤ᠌᠂ ᠠᠮᠢ ᠠᠬᠤᠶ ᠣᠷᠴᠢᠨ ᠲᠣᠭᠣᠷᠢᠨ ᠪᠠ ᠠᠮᠢᠳᠤ ᠪᠣᠳᠠᠰ᠎ᠤᠨ ᠠᠮᠤᠷ ᠲᠦᠪᠰᠢᠨ᠎ᠤ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠰᠠᠯᠪᠤᠷᠢ ᠠᠩᠭᠢ ᠵᠢᠨ ᠳᠠᠷᠤᠭ᠎ᠠ ᠲᠸᠩ ᠹᠸᠢ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ  ᠠᠰᠠᠭᠤᠯᠲᠠ ᠵᠢ ᠬᠠᠷᠢᠭᠤᠯᠪᠠ᠃

W020240606531210323833.bmp


      ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ ᠣᠷᠣᠨ᠎ᠤ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠠᠮᠢ ᠠᠬᠤᠶ ᠵᠢᠨ ᠴᠢᠳᠠᠮᠵᠢᠳᠤ ᠣᠷᠣᠨ ᠪᠣᠯᠤᠨ᠎ᠠ᠃ 2023 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ 《ᠤᠯᠤᠰ᠎ᠤᠨ ᠶᠡᠭᠡ ᠲᠠᠯ᠎ᠠ》 ᠪᠣᠯᠤᠨ᠎ᠠ ᠭᠡᠵᠦ ᠵᠢᠭ᠋ᠠᠵᠤ ᠭᠠᠷᠭ᠋ᠠᠪᠠ᠃ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ 《ᠺᠦᠨᠯᠦ᠋ᠨ》 ᠲᠤᠰᠬᠠᠢ ᠠᠵᠢᠯᠯᠠᠭ᠎ᠠ᠎ᠪᠠᠷ ᠬᠥᠲᠥᠯᠦᠮᠵᠢ ᠪᠣᠯᠭ᠋ᠠᠵᠤ᠂ ᠣᠷᠴᠢᠨ ᠲᠣᠭᠣᠷᠢᠨ ᠡᠬᠢ ᠪᠠᠶᠠᠯᠢᠭ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶ᠋ᠢᠳᠠᠯ᠎ᠢ ᠪᠠᠲᠤᠯᠠᠵᠤ᠂ 《ᠤᠮᠠᠷᠠᠲᠤ ᠵᠢᠨ ᠭᠤᠷᠪᠠᠨ ᠣᠷᠣᠨ》᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠤᠨ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠤᠨ ᠪᠦᠳᠦᠬᠡᠨ ᠪᠠᠶ᠋ᠢᠭᠤᠯᠤᠯᠲᠠ᠎ᠳᠤ ᠪᠦᠬᠦ ᠬᠦᠴᠦᠨ ᠵᠶ᠋ᠠᠷ ᠵᠶ᠋ᠠᠨ ᠦᠢ᠍ᠯᠡᠴᠢᠯᠡᠵᠦ ᠪᠠᠲᠤᠯᠠᠵᠠᠢ᠃
      ᠵᠠᠮ ᠨᠡᠬᠡᠬᠡᠵᠦ᠂ ᠲᠤᠰᠬᠠᠶ ᠴᠣᠬᠢᠯᠲᠠ ᠥᠭᠬᠦ ᠠᠵᠢᠯᠯᠠᠭ᠎ᠠ ᠵᠢ ᠨᠢᠭᠡᠳᠦᠯᠲᠡᠶ ᠲᠥᠯᠥᠪᠯᠡᠨ ᠵᠣᠬᠢᠶᠠᠨ ᠪᠠᠶ᠋ᠢᠭᠤᠯᠵᠤ ᠥᠷᠨᠢᠭᠦᠯᠵᠦ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ᠎ᠠᠴᠠ ᠠᠮᠢ ᠠᠬᠤᠢ ᠵᠢᠨ ᠣᠷᠴᠢᠨ ᠲᠣᠭᠣᠷᠢᠨ ᠪᠣᠯᠤᠨ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠣᠯᠪᠣᠭᠳᠠᠯ ᠪᠦᠬᠦᠢ ᠠᠵᠢᠯ᠎ᠢ ᠲᠤᠰᠬᠠᠢ ᠰᠡᠳᠦᠪ ᠵᠶ᠋ᠠᠷ ᠪᠠᠶ᠋ᠢᠷᠢᠯᠠᠭᠤᠯᠵᠤ᠂ ᠮᠠᠩᠯᠠᠶ᠋ᠢᠯᠠᠭᠤᠯᠤᠨ ᠱᠠᠯᠠᠪᠳᠠᠭᠤᠯᠵᠤ᠂ 《ᠺᠦᠨᠯᠦ᠋ᠨ》 ᠲᠤᠰᠬᠠᠢ ᠠᠵᠢᠯᠯᠠᠭ᠎ᠠ᠎ᠪᠠᠷ ᠶᠡᠷᠦᠩᠬᠡᠢ ᠬᠥᠲᠥᠯᠦᠮᠵᠢ ᠪᠣᠯᠭ᠋ᠠᠵᠤ᠂ ᠮᠠᠨ᠎ᠤ ᠣᠷᠣᠨ᠎ᠤ ᠣᠨᠴᠠᠯᠢᠭ᠎ᠢ ᠬᠠᠷᠠᠭᠤᠯᠤᠭᠰᠠᠨ ᠠᠯᠢ ᠤᠯᠠᠨ ᠲᠤᠰᠬᠠᠢ ᠠᠵᠢᠯᠯᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ 2023 ᠣᠨ᠎ᠠᠴᠠ ᠡᠬᠢᠯᠡᠨ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢ ᠵᠣᠬᠢᠶᠠᠨ ᠪᠠᠶ᠋ᠢᠭᠤᠯᠤᠨ 《ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠬᠢᠨ ᠬᠠᠮᠠᠭ᠋ᠠᠯᠠᠬᠤ ᠠᠵᠢᠯᠯᠠᠭ᠎ᠠ》 ᠥᠷᠨᠢᠭᠦᠯᠵᠦ᠂ ᠠᠮᠢ ᠠᠬᠤᠶ ᠵᠢᠨ ᠣᠷᠴᠢᠨ ᠲᠣᠭᠣᠷᠢᠨ᠂ ᠣᠶ ᠰᠢᠭᠤᠶ ᠨᠤᠲᠤᠭ ᠪᠡᠯᠴᠢᠭᠡᠷ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠵᠡᠷᠭᠡ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠲᠣᠪᠣᠶ᠋ᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ᠂ ᠲᠠᠷᠢᠶᠠᠨ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ᠂ ᠣᠶ ᠰᠢᠭᠤᠶ ᠨᠤᠲᠤᠭ ᠪᠡᠯᠴᠢᠭᠡᠷ ᠪᠠ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠡᠪᠳᠡᠭᠰᠡᠨ᠂ ᠬᠠᠤᠯᠢ ᠪᠤᠰᠤ᠎ᠪᠠᠷ ᠠᠭᠤᠷᠬᠠᠶ ᠮᠠᠯᠲᠠᠭᠰᠠᠨ ᠵᠡᠷᠭᠡ ᠠᠮᠢ ᠠᠬᠤᠶ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠲᠣᠪᠣᠶ᠋ᠢᠮ᠎ᠠ ᠶᠠᠯᠠᠲᠤ ᠠᠵᠢᠯᠯᠠᠭ᠎ᠠ᠎ᠳᠤ ᠦᠷᠭᠦᠯᠵᠢᠯᠡᠨ ᠴᠢᠩᠭ᠎ᠠ ᠴᠣᠬᠢᠯᠲᠠ ᠥᠭᠭᠦᠨ᠎ᠡ᠃ ᠰᠠᠭᠤᠵᠤ ᠪᠦᠲᠦᠭᠡᠨ ᠪᠠᠶ᠋ᠢᠭᠤᠯᠬᠤ᠂ ᠣᠶ ᠰᠢᠭᠤᠶ ᠡᠪᠡᠰᠦ ᠪᠡᠯᠴᠢᠭᠡᠷ᠂ ᠠᠮᠢ ᠠᠬᠤᠶ ᠵᠢᠨ ᠣᠷᠴᠢᠨ ᠲᠣᠭᠣᠷᠢᠨ ᠵᠡᠷᠭᠡ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠡᠷᠲᠡᠨ᠎ᠤ ᠮᠣᠳᠣ ᠨᠠᠷᠠᠲᠤ ᠮᠣᠳᠣ ᠵᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ 《ᠬᠠᠪᠤᠷ᠎ᠤᠨ ᠰᠠᠯᠬᠢ 2024》 ᠠᠵᠢᠯᠯᠠᠭ᠎ᠠ ᠥᠷᠨᠢᠭᠦᠯᠵᠦ᠂ ᠠᠶᠤᠯᠲᠠᠶ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠪᠣᠬᠢᠷᠲᠤᠯ᠎ᠤᠨ ᠡᠬᠢ ᠵᠢ ᠠᠦ᠋ᠲ᠋ᠣ᠋ ᠪᠠᠶ᠋ᠢᠴᠠᠭ᠋ᠠᠨ ᠬᠡᠮᠵᠢᠭᠰᠡᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠦᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠨᠡᠭᠦᠳᠡᠯ᠎ᠤᠨ ᠰᠢᠪᠠᠭᠤ᠎ᠳᠤ ᠬᠣᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠭᠣᠤᠯ᠎ᠤᠨ ᠵᠠᠮ᠎ᠠᠴᠠ ᠬᠠᠤᠯᠢ ᠪᠤᠰᠤ᠎ᠪᠠᠷ ᠡᠯᠡᠰᠦ ᠮᠠᠯᠲᠠᠭᠰᠠᠨ᠎ᠳᠤ ᠴᠣᠬᠢᠯᠲᠠ ᠥᠭᠬᠦ᠂ ᠬᠠᠷ᠎ᠠ ᠰᠢᠷᠣᠶ ᠵᠢᠨ ᠡᠬᠢ ᠪᠠᠶᠠᠯᠢᠭ᠎ᠤᠨ ᠣᠷᠣᠨ ᠪᠦᠰᠡ ᠵᠢ ᠡᠪᠳᠡᠭᠰᠡᠨ᠎ᠳᠤ ᠴᠣᠬᠢᠯᠲᠠ ᠥᠭᠬᠦ ᠬᠠᠮᠲᠤᠷᠠᠭᠰᠠᠨ ᠪᠠᠶ᠋ᠢᠯᠳᠤᠭ᠋ᠠᠨ ᠵᠡᠷᠭᠡ ᠲᠤᠰᠬᠠᠶ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠴᠢᠬᠤᠯᠠ ᠶᠡᠬᠡ ᠤᠯᠤᠰ᠎ᠤᠨ ᠪᠠᠶ᠋ᠢᠯᠳᠤᠬᠤ ᠪᠣᠳᠣᠯᠭ᠎ᠠ᠎ᠲᠠᠢ ᠨᠢᠭᠲᠠ ᠤᠶᠠᠯᠳᠤᠭᠤᠯᠤᠨ᠂ ᠬᠠᠲᠤᠨ ᠭᠣᠤᠯ ᠪᠠ 《ᠨᠢᠭᠡ ᠨᠠᠭᠤᠷ ᠬᠣᠶᠠᠷ ᠲᠡᠯᠡᠶ》 ᠵᠢᠨ ᠠᠮᠢ ᠠᠬᠤᠶ ᠵᠢᠨ ᠵᠠᠰᠠᠯᠲᠠ ᠵᠢᠨ ᠲᠣᠭᠣᠷᠢᠨ᠎ᠳᠤ᠂ 4 ᠵᠢᠯ ᠳᠠᠷᠠᠭ᠋ᠠᠯᠠᠨ 《ᠬᠠᠲᠤᠨ ᠭᠣᠤᠯ᠎ᠢ ᠬᠠᠮᠠᠭ᠋ᠠᠯᠠᠬᠤ》 ᠲᠤᠰᠬᠠᠶ ᠠᠵᠢᠯᠯᠠᠭ᠎ᠠ ᠵᠢ ᠪᠠᠶ᠋ᠢᠷᠢᠯᠠᠭᠤᠯᠤᠨ ᠥᠷᠨᠢᠭᠦᠯᠵᠦ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠎ᠲᠠᠢ ᠬᠠᠮᠵᠢᠯᠴᠠᠨ 《ᠭᠣᠤᠯ ᠨᠠᠭᠤᠷ ᠴᠥᠭᠥᠷᠥᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ》 《ᠬᠠᠲᠤᠨ ᠭᠣᠤᠯ᠎ᠤᠨ ᠵᠢᠭ᠋ᠠᠰᠤ ᠠᠩᠨᠠᠬᠤ ᠵᠢ ᠴᠠᠭ᠋ᠠᠵᠠᠯᠠᠬᠤ》 ᠵᠡᠷᠭᠡ ᠲᠤᠰᠬᠠᠶ ᠠᠵᠢᠯᠯᠠᠭ᠎ᠠ ᠵᠢ ᠥᠷᠨᠢᠭᠦᠯᠪᠡ᠃ 3 ᠵᠢᠯ ᠳᠠᠷᠠᠭ᠋ᠠᠯᠠᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠳᠤ ᠬᠠᠷ᠎ᠠ ᠰᠢᠷᠣᠶ ᠵᠢᠨ ᠬᠦᠯᠦᠷ᠎ᠡ ᠬᠤᠯᠠᠭ᠋ᠠᠶ᠋ᠢᠯᠠᠨ ᠮᠠᠯᠲᠠᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 《ᠲᠠᠷᠢᠶᠠᠨ ᠭᠠᠵᠠᠷ᠎ᠲᠠᠬᠢ ᠲᠣᠮᠣ ᠮᠠᠯᠤᠷ ᠥᠲᠡᠭᠡ》 ᠵᠢ ᠬᠦᠴᠦᠲᠡᠶ ᠬᠠᠮᠠᠭ᠋ᠠᠯᠠᠪᠠ᠃ 2023 ᠣᠨ᠎ᠠᠴᠠ ᠨᠠᠭ᠋ᠠᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠣᠷᠴᠢᠨ ᠠᠬᠤᠶ ᠡᠬᠢ ᠪᠠᠶᠠᠯᠢᠭ᠎ᠤᠨ ᠬᠦᠷᠢᠶᠡᠨ᠎ᠳᠠᠬᠢ ᠡᠷᠡᠭᠦᠤ ᠵᠢᠨ ᠬᠡᠷᠡᠭ᠎ᠢ ᠨᠡᠶ᠋ᠢᠲᠡ 2157 ᠢᠯᠡᠷᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠰᠢᠪᠠᠳᠠᠨ ᠰᠢᠢ᠍ᠳᠪᠦᠷᠢᠯᠡᠭᠦᠯᠦᠭᠰᠡᠨ 16 ᠬᠡᠷᠡᠭ᠎ᠢ ᠢᠯᠡᠷᠡᠭᠦᠯᠵᠡᠶ᠃
      ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠵᠢ ᠰᠠᠶ᠋ᠢᠲᠤᠷ ᠬᠢᠵᠦ᠂ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠴᠣᠬᠢᠯᠲᠠ ᠥᠭᠬᠦ ᠪᠠ ᠰᠡᠷᠭᠡᠶ᠋ᠢᠯᠡᠬᠦ ᠵᠢᠨ ᠬᠠᠮᠵᠢᠯᠴᠠᠬᠤ ᠰᠢᠰᠲ᠋ᠧᠮᠵᠢ ᠵᠢ ᠪᠠᠢ᠌ᠭᠤᠯᠪᠠ᠃ 《ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶ᠋ᠢᠲ᠋ᠠ》 ᠵᠢᠨ ᠰᠢᠨ᠎ᠡ ᠬᠡᠯᠪᠡᠷᠢ ᠵᠢᠨ ᠴᠠᠭᠳᠠᠭ᠋ᠠᠨ᠎ᠤ ᠶᠠᠪᠤᠳᠠᠯ᠎ᠤᠨ ᠵᠠᠭᠪᠤᠷ᠎ᠢ ᠭᠦᠨᠵᠡᠭᠡᠶ ᠪᠠᠶ᠋ᠢᠭᠤᠯᠵᠤ᠂ ᠤᠮᠠᠷᠠᠲᠤ ᠬᠢᠯᠢ ᠵᠢᠨ ᠣᠨᠴᠠᠯᠢᠭ᠎ᠲᠠᠢ ᠪᠣᠳᠠᠲᠤ ᠪᠠᠶ᠋ᠢᠯᠳᠤᠭ᠋ᠠᠨᠴᠢᠯᠠᠭᠰᠠᠨ ᠲᠤᠰᠬᠠᠶ᠋ᠢᠵᠢᠭᠰᠠᠨ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠢ ᠴᠢᠷᠮᠠᠶ᠋ᠢᠨ ᠪᠣᠶ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠠᠵᠢᠯ᠎ᠤᠨ ᠠᠯᠪᠠᠨ ᠬᠡᠷ ᠵᠡᠷᠭᠡ 8 ᠰᠠᠯᠠᠭ᠎ᠠ ᠮᠥᠴᠢᠷ᠎ᠲᠠᠢ ᠬᠠᠮᠲᠤᠷᠠᠨ ᠬᠠᠲᠤᠨ ᠭᠣᠤᠯ᠎ᠤᠨ ᠰᠠᠪᠠ ᠭᠠᠵᠠᠷ᠎ᠤᠨ 《ᠲᠩᠷᠢ᠂ ᠠᠭ᠋ᠠᠷ᠂ ᠭᠠᠵᠠᠷ᠂ ᠬᠥᠮᠦᠨ》᠎ᠤ ᠪᠣᠰᠣᠭ᠎ᠠ ᠴᠣᠭᠴᠠᠲᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠥᠷᠨᠢᠭᠦᠯᠵᠦ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠲᠥᠪᠯᠡᠷᠡᠭᠦᠯᠦᠨ ᠪᠠᠶ᠋ᠢᠴᠠᠭ᠋ᠠᠨ ᠰᠢᠢ᠍ᠳᠪᠦᠷᠢᠯᠡᠨ ᠴᠡᠭᠴᠡᠯᠡᠨ ᠵᠠᠰᠠᠵᠤ᠂ ᠬᠠᠲᠤᠨ ᠭᠣᠤᠯ᠎ᠤᠨ ᠥᠪᠥᠷ ᠮᠣᠩᠭᠣᠯ᠎ᠤᠨ ᠬᠡᠰᠡᠭ᠎ᠤᠨ ᠠᠮᠢ ᠠᠬᠤᠶ ᠵᠢᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠠᠷᠢᠯᠭ᠋ᠠᠬᠤ᠎ᠪᠠᠷ ᠴᠢᠷᠮᠠᠶ᠋ᠢᠵᠤ᠂ 2023 ᠣᠨ᠎ᠠᠴᠠ ᠨᠠᠭ᠋ᠠᠰᠢ᠂ ᠬᠠᠲᠤᠨ ᠭᠣᠤᠯ᠎ᠤᠨ ᠰᠠᠪᠠ ᠭᠠᠵᠠᠷ᠎ᠤᠨ ᠡᠷᠡᠭᠦᠤ ᠵᠢᠨ ᠬᠡᠷᠡᠭ᠎ᠢ ᠨᠡᠶ᠋ᠢᠲᠡ 1027 ᠤᠳᠠᠭ᠎ᠠ ᠪᠠᠶ᠋ᠢᠴᠠᠭ᠋ᠠᠨ ᠰᠢᠢ᠍ᠳᠪᠦᠷᠢᠯᠡᠪᠡ᠃ ᠨᠢᠩᠰᠢᠶᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠲᠠᠢ 《ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠬᠡᠯᠡᠯᠴᠡᠭᠡᠷ》᠎ᠲᠤ ᠭᠠᠷ᠎ᠤᠨ ᠦᠰᠦᠭ ᠵᠢᠷᠤᠵᠤ᠂ ᠪᠡᠭᠡᠵᠢᠩ᠂ ᠲᠢᠶᠠᠨᠵᠢᠨ᠂ ᠥᠪᠥᠷ ᠮᠣᠩᠭᠣᠯ ᠵᠡᠷᠭᠡ 8 ᠮᠤᠵᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠠᠮᠲᠤ᠎ᠪᠠᠷ 《ᠬᠠᠢ᠍ᠢ᠍ᠾᠤ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠡᠷᠡᠭᠦᠦ ᠵᠢᠨ ᠬᠡᠷᠡᠭ᠎ᠤᠨ ᠴᠣᠬᠢᠯᠲᠠ ᠥᠭᠬᠦ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠬᠡᠯᠡᠯᠴᠡᠭᠡᠷ》᠎ᠲᠤ ᠭᠠᠷ᠎ᠤᠨ ᠦᠰᠦᠭ ᠵᠢᠷᠤᠵᠤ᠂ ᠣᠷᠣᠨ ᠪᠦᠰᠡ ᠵᠢᠨ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠬᠣᠯᠪᠣᠭ᠋ᠠᠯᠠᠨ ᠰᠡᠷᠭᠡᠶ᠋ᠢᠯᠡᠬᠦ᠂ ᠬᠣᠯᠪᠣᠭ᠋ᠠᠯᠠᠨ ᠵᠠᠰᠠᠬᠤ᠂ ᠬᠣᠯᠪᠣᠭ᠋ᠠᠯᠠᠨ ᠴᠣᠬᠢᠯᠲᠠ ᠥᠭᠬᠦ᠂ ᠬᠣᠯᠪᠣᠭ᠋ᠠᠯᠠᠨ ᠡᠵᠡᠮᠳᠡᠬᠦ᠂ ᠬᠣᠯᠪᠣᠭ᠋ᠠᠯᠠᠨ ᠤᠬᠠᠭᠤᠯᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠠᠮᠢ ᠠᠬᠤᠶ ᠵᠢᠨ ᠣᠷᠴᠢᠨ ᠨᠥᠬᠥᠴᠡᠯ᠎ᠤᠨ ᠡᠬᠢ ᠪᠠᠶᠠᠯᠢᠭ᠎ᠤᠨ ᠶᠠᠯᠠᠲᠤ ᠠᠵᠢᠯᠯᠠᠭ᠎ᠠ᠎ᠳᠤ ᠨᠠᠷᠢᠯᠢᠭ ᠣᠨᠣᠴᠠᠲᠠᠶ᠎ᠪᠠᠷ ᠴᠣᠬᠢᠯᠲᠠ ᠥᠭᠬᠦ᠂ ᠭᠦᠨᠵᠡᠭᠡᠶ ᠴᠣᠬᠢᠯᠲᠠ ᠥᠭᠬᠦ᠂ ᠬᠡᠪᠴᠢᠶᠡᠵᠢᠭᠦᠯᠦᠨ ᠴᠣᠬᠢᠯᠲᠠ ᠥᠭᠬᠦ ᠵᠢ ᠪᠡᠶᠡᠯᠡᠭᠦᠯᠪᠡ᠃ 《ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ + ᠴᠠᠭᠳᠠᠭ᠋ᠠᠨ᠎ᠤ ᠳᠠᠷᠤᠭ᠎ᠠ》 ᠵᠢᠨ ᠲᠣᠭᠲᠠᠴᠠ ᠪᠠ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠢᠮ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠣᠭᠣᠷᠢᠨ ᠴᠠᠭᠳᠠᠵᠤ ᠰᠡᠷᠭᠡᠶ᠋ᠢᠯᠡᠨ ᠡᠵᠡᠮᠳᠡᠬᠦ᠂ ᠬᠠᠮᠲᠤᠷᠠᠨ ᠬᠠᠤᠯᠢ ᠬᠡᠷᠡᠭᠵᠢᠭᠦᠯᠬᠦ ᠵᠢ ᠪᠠᠶ᠋ᠢᠩᠭᠤᠵᠢᠭᠤᠯᠤᠨ ᠥᠷᠨᠢᠭᠦᠯᠵᠦ᠂ ᠭᠣᠤᠯ ᠮᠥᠷᠡᠨ ᠨᠠᠭᠤᠷ ᠴᠥᠭᠥᠷᠥᠮ᠎ᠤᠨ ᠠᠮᠤᠷ ᠲᠦᠪᠰᠢᠨ᠎ᠳᠤ ᠬᠣᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ 2023 ᠣᠨ᠎ᠠᠴᠠ ᠨᠠᠭ᠋ᠠᠰᠢ᠂ ᠭᠣᠤᠯ᠎ᠤᠨ ᠵᠠᠮ᠎ᠠᠴᠠ ᠬᠠᠤᠯᠢ ᠪᠤᠰᠤ᠎ᠪᠠᠷ ᠡᠯᠡᠰᠦ ᠮᠠᠯᠲᠠᠭᠰᠠᠨ 48 ᠡᠷᠡᠭᠦᠤ ᠵᠢᠨ ᠬᠡᠷᠡᠭ᠎ᠢ ᠢᠯᠡᠷᠡᠭᠦᠯᠵᠦ᠂ 95 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠦᠨ᠎ᠡ ᠥᠷᠲᠡᠭ᠎ᠨᠢ 3500 ᠭᠠᠷᠤᠶ ᠲᠦᠮᠡᠨ ᠲᠥᠭᠥᠷᠢᠭ᠎ᠲᠤ ᠬᠦᠷᠴᠡᠶ᠃ 2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠎ᠲᠠᠢ ᠬᠠᠮᠲᠤᠷᠠᠨ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠪᠠᠷᠢᠬᠤ ᠵᠢ ᠵᠣᠯᠭ᠋ᠠᠭᠤᠯᠬᠤ ᠠᠵᠢᠯ᠎ᠢ ᠲᠡᠭᠦᠯᠳᠡᠷᠵᠢᠭᠦᠯᠦᠨ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠠᠷᠠᠳ᠎ᠤᠨ ᠥᠨᠳᠥᠷ  ᠵᠡᠷᠭᠡ ᠵᠢᠨ   ᠰᠢᠭᠦᠬᠦ  ᠬᠣᠷᠢᠶ᠎ᠠ ᠎ᠯᠤᠭ᠎ᠠ ᠬᠠᠮᠲᠤᠷᠠᠨ 《ᠪᠥᠬᠥ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠤ ᠵᠢᠨ ᠬᠡᠷᠡᠭ᠎ᠤᠨ ᠬᠠᠤᠯᠢ ᠪᠠᠷᠢᠬᠤ ᠵᠢ ᠵᠣᠯᠭ᠋ᠠᠭᠤᠯᠬᠤ ᠬᠢᠭᠡᠳ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠵᠢᠯᠴᠠᠭ᠎ᠠ ᠵᠢ ᠴᠢᠩᠭ᠋ᠠᠳᠬᠠᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠪᠦᠲᠦᠮᠵᠢᠲᠡᠶ ᠵᠣᠯᠭ᠋ᠠᠭᠤᠯᠬᠤ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠤᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠵᠠᠢ᠃
      ᠤᠯᠠᠨ ᠲᠦᠮᠡᠨ᠎ᠲᠠᠢ ᠨᠢᠭᠲᠠ ᠬᠠᠷᠢᠯᠴᠠᠵᠤ᠂ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠴᠣ᠌ ᠰᠢᠨ᠎ᠡ ᠪᠠᠶ᠋ᠢᠳᠠᠯ᠎ᠢ ᠪᠤᠢ ᠪᠣᠯᠭ᠋ᠠᠪᠠ᠃ ᠲᠣᠭᠲᠠᠮᠠᠯ ᠬᠤᠭᠤᠴᠠᠭ᠎ᠠ᠎ᠲᠠᠢ᠎ᠪᠠᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ ᠠᠵᠢᠯ᠎ᠤᠨ ᠦᠷ᠎ᠡ ᠪᠦᠲᠦᠮᠵᠢ ᠵᠢ ᠵᠠᠷᠯᠠᠨ ᠮᠡᠳᠡᠭᠳᠡᠵᠦ᠂ ᠨᠡᠶ᠋ᠢᠭᠡᠮ ᠨᠡᠶ᠋ᠢᠲᠡ᠎ᠳᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠵᠦ᠂ ᠴᠣᠬᠢᠯᠲᠠ ᠥᠭᠴᠦ ᠰᠦᠷᠳᠡᠭᠦᠯᠬᠦ ᠦᠷ᠎ᠡ ᠪᠦᠲᠦᠮᠵᠢ ᠵᠢ ᠭᠦᠨᠵᠡᠭᠡᠶ᠋ᠢᠷᠡᠭᠦᠯᠪᠡ᠃ 《ᠠᠷᠠᠳ ᠪᠠ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ》 ᠰᠤᠷᠪᠤᠯᠵᠢᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠩᠭ᠋ᠠᠳᠬᠠᠪᠠ᠃ 2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠪᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠮᠢ ᠠᠬᠤᠶ ᠵᠢᠨ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠪᠥᠬᠥ ᠠᠷᠠᠳ ᠵᠶ᠋ᠠᠷ ᠵᠶ᠋ᠠᠨ ᠬᠢᠨᠠᠯᠲᠠ ᠬᠠᠮᠢᠶᠠᠷᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ᠂ ᠪᠥᠬᠥ ᠨᠡᠶ᠋ᠢᠭᠡᠮ᠎ᠤᠨ ᠬᠠᠤᠯᠢ᠎ᠪᠠᠷ ᠵᠠᠰᠠᠬᠤ ᠤᠬᠠᠮᠰᠠᠷ ᠪᠠ ᠠᠮᠢ ᠠᠬᠤᠢ ᠣᠷᠴᠢᠨ ᠣᠷᠴᠢᠨ ᠠᠬᠤᠢ ᠵᠢ ᠬᠠᠮᠠᠭ᠋ᠠᠯᠠᠬᠤ ᠤᠬᠠᠮᠰᠠᠷ᠎ᠢ ᠦᠷᠭᠦᠯᠵᠢᠯᠡᠨ ᠴᠢᠩᠭ᠋ᠠᠳᠬᠠᠨ᠎ᠠ᠃


      ᠰᠤᠷᠪᠤᠯᠵᠢᠯᠠᠭᠴᠢ᠄ ᠨᠢᠳᠤᠨᠤᠨ᠎ᠠᠴᠠ ᠨᠠᠭ᠋ᠠᠰᠢ ᠪᠥᠬᠥ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠠᠮᠢ ᠠᠬᠤᠶ ᠣᠷᠴᠢᠨ ᠲᠣᠭᠣᠷᠢᠨ᠎ᠤ ᠡᠬᠢ ᠪᠠᠶᠠᠯᠢᠭ᠎ᠲᠤ ᠬᠣᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠤᠨ ᠳᠤᠮᠳᠠ ᠶᠠᠮᠠᠷ ᠶᠠᠮᠠᠷ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠪᠠᠶ᠋ᠢᠬᠤ ᠪᠣᠶ?
      ᠲᠸᠩ ᠹᠸᠢ᠄ 2023 ᠣᠨ᠎ᠠᠴᠠ ᠨᠠᠭ᠋ᠠᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ 《ᠪᠥᠬᠥ ᠭᠣᠭᠴᠣᠭ᠎ᠠ᠂ ᠪᠥᠬᠥ ᠬᠦᠴᠦᠨ ᠵᠦᠢ᠍ᠯ᠂ ᠪᠥᠬᠥ ᠬᠡᠯᠬᠢᠶ᠎ᠡ》 ᠵᠢᠨ ᠳᠡᠩᠨᠡᠨ ᠰᠢᠢ᠍ᠳᠪᠦᠷᠢᠯᠡᠬᠦ ᠱᠠᠭ᠋ᠠᠷᠳᠠᠯᠭ᠎ᠠ ᠶᠣᠰᠣᠭ᠋ᠠᠷ᠂ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠰᠦᠪᠡᠭᠴᠢ ᠵᠢᠨ ᠠᠷᠭ᠎ᠠ ᠵᠠᠮ᠎ᠢ ᠥᠷᠭᠡᠳᠬᠡᠨ᠂ ᠬᠡᠷᠡᠭ᠎ᠢ ᠢᠯᠡᠷᠡᠭᠦᠯᠵᠦ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠳᠥᠯᠭᠢᠨ ᠠᠬᠢᠭᠤᠯᠵᠤ᠂ ᠨᠢᠭᠡ ᠪᠦᠯᠦᠭ ᠨᠡᠶ᠋ᠢᠲᠡᠯᠢᠭ ᠴᠢᠨᠠᠷᠲᠠᠶ ᠬᠡᠷᠡᠭ᠎ᠢ ᠢᠯᠡᠷᠡᠭᠦᠯᠵᠦ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠦᠴᠦᠲᠡᠶ ᠰᠦᠷᠳᠡᠭᠦᠯᠦᠯ ᠪᠣᠯᠤᠭᠰᠠᠨ ᠪᠠᠶ᠋ᠢᠨ᠎ᠠ᠃ ᠥᠨᠥᠳᠦᠷ 6 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠪᠡ᠄
      1. ᠪᠤᠭᠤᠲᠤ ᠬᠣᠲᠠ ᠵᠢᠨ ᠸᠠᠩ ᠣᠪᠣᠭᠲᠤ ᠵᠡᠷᠭᠡ ᠬᠥᠮᠦᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠬᠡᠷᠡᠭ
      2021 ᠣᠨ᠎ᠤ 11 ᠰᠠᠷ᠎ᠠ᠎ᠠᠴᠠ 2023 ᠣᠨ᠎ᠤ 4 ᠰᠠᠷ᠎ᠠ ᠪᠣᠯᠲᠠᠯ᠎ᠠ᠂ ᠨᠢᠭᠡᠨ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢᠨ ᠲᠥᠬᠥᠭᠡᠷᠦᠮᠵᠢ ᠵᠢᠨ ᠡᠵᠡᠩᠨᠡᠯᠲᠡ ᠵᠢ ᠬᠠᠷᠢᠭᠤᠴᠠᠵᠤ ᠪᠠᠶ᠋ᠢᠭᠰᠠᠨ ᠠᠵᠢᠯᠳᠠᠨ ᠸᠠᠩ ᠣᠪᠣᠭᠲᠤ ᠲᠥᠬᠥᠭᠡᠷᠦᠮᠵᠢ ᠵᠢᠨ ᠲᠡᠭᠡᠭᠡᠪᠦᠷᠢᠯᠡᠨ ᠬᠠᠮᠠᠭ᠋ᠠᠯᠠᠬᠤ ᠵᠢ ᠬᠠᠷᠢᠭᠤᠴᠠᠵᠤ ᠪᠠᠶ᠋ᠢᠭᠰᠠᠨ ᠭᠤᠷᠪᠠᠳᠤᠭ᠋ᠠᠷ ᠲᠠᠯ᠎ᠠ ᠵᠢᠨ ᠺᠣᠮᠫᠠᠨᠢ ᠵᠢᠨ ᠮᠡᠷᠭᠡᠵᠢᠯᠲᠡᠨ ᠴᠠᠩ ᠣᠪᠣᠭᠲᠤ᠎ᠲᠠᠢ ᠬᠠᠮᠲᠤᠷᠠᠨ᠂ ᠠᠦ᠋ᠲ᠋ᠣ᠋ ᠬᠢᠨᠠᠨ ᠬᠡᠮᠵᠢᠯᠲᠡ ᠵᠢᠨ ᠲᠥᠬᠥᠭᠡᠷᠦᠮᠵᠢ᠎ᠳᠤ ᠭᠠᠷ ᠵᠶ᠋ᠠᠷ ᠲᠣᠭᠲᠠᠮᠠᠯ ᠬᠡᠮᠵᠢᠭᠳᠡᠯ᠎ᠢ ᠲᠣᠬᠢᠷᠠᠭᠤᠯᠵᠤ᠂ ᠠᠦ᠋ᠲ᠋ᠣ᠋ ᠬᠢᠨᠠᠨ ᠬᠡᠮᠵᠢᠯᠲᠡ ᠵᠢᠨ ᠲᠥᠬᠥᠭᠡᠷᠦᠮᠵᠢ ᠵᠢᠨ ᠲᠣᠭ᠎ᠠ ᠪᠠᠷᠢᠮᠲᠠ ᠵᠢ ᠥᠭᠡᠷᠡᠲᠦᠭᠦᠯᠵᠦ᠂ ᠬᠦᠬᠦᠷ᠎ᠤᠨ ᠳᠠᠪᠬᠤᠷ ᠢᠰᠦᠯ᠂ ᠠᠽᠣᠲ᠎ᠤᠨ ᠢᠰᠦᠮᠡᠭ ᠵᠡᠷᠭᠡ ᠪᠣᠬᠢᠷᠲᠤᠯ ᠪᠣᠳᠠᠰ᠎ᠢ ᠭᠠᠳᠠᠭᠰᠢᠯᠠᠭᠤᠯᠪᠠ᠃ 2023 ᠣᠨ᠎ᠤ 4 ᠰᠠᠷ᠎ᠠ᠎ᠳᠤ᠂ ᠪᠤᠭᠤᠲᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠲᠣᠰ ᠬᠡᠷᠡᠭ᠎ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠸᠠᠩ ᠣᠪᠣᠭᠲᠤ ᠪᠣᠯᠤᠨ ᠴᠠᠩ ᠣᠪᠣᠭᠲᠤ ᠬᠣᠶᠠᠷ ᠬᠥᠮᠦᠨ᠎ᠢ ᠪᠠᠷᠢᠪᠴᠢᠯᠠᠪᠠ᠃ ᠲᠣᠰ ᠬᠡᠷᠡᠭ ᠪᠣᠯ ᠪᠣᠬᠢᠷᠲᠤᠯ ᠪᠣᠳᠠᠰ ᠭᠠᠳᠠᠭᠰᠢᠯᠠᠭᠤᠯᠬᠤ ᠭᠣᠤᠯᠳᠠᠯᠭ᠎ᠠ᠎ᠲᠠᠢ ᠨᠢᠭᠡᠴᠢ ᠵᠢᠨ ᠠᠵᠢᠯᠲᠠᠨ ᠠᠵᠢᠯᠴᠢᠨ᠎ᠤ ᠳᠣᠲᠣᠷ᠎ᠠ ᠭᠠᠳᠠᠨ᠎ᠠ ᠰᠥᠯᠪᠡᠭᠡᠯᠳᠦᠨ ᠬᠠᠤᠯᠢ ᠪᠤᠰᠤ᠎ᠪᠠᠷ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠨᠡᠶ᠋ᠢᠲᠡᠯᠢᠭ ᠬᠡᠷᠡᠭ ᠮᠥᠨ᠂ ᠲᠣᠰ ᠬᠡᠷᠡᠭ᠎ᠢ ᠠᠮᠵᠢᠯᠲᠠᠲᠠᠶ ᠳᠡᠩᠨᠡᠨ ᠢᠯᠡᠷᠡᠭᠦᠯᠦᠭᠰᠡᠨ᠎ᠨᠢ ᠡᠶ᠋ᠢᠮᠦᠷᠬᠦ ᠶᠠᠯᠠᠲᠤ ᠠᠵᠢᠯᠯᠠᠭ᠎ᠠ ᠵᠢ ᠬᠦᠴᠦᠲᠡᠶ ᠰᠦᠷᠳᠡᠭᠦᠯᠵᠦ᠂ ᠠᠵᠤ ᠠᠬᠤᠶ᠋ᠢᠯᠠᠯ᠎ᠤᠨ ᠬᠠᠮᠢᠶᠠᠷᠤᠯᠲᠠ ᠪᠠ ᠥᠪᠡᠷ᠎ᠢ᠎ᠪᠠᠨ ᠴᠢᠩᠭ᠎ᠠ ᠱᠠᠭ᠋ᠠᠷᠳᠠᠬᠤ ᠵᠢ ᠳᠥᠯᠭᠢᠨ ᠠᠬᠢᠭᠤᠯᠵᠤ᠂ ᠪᠠᠶ᠋ᠢᠴᠠᠭ᠋ᠠᠨ ᠰᠢᠯᠭ᠋ᠠᠭᠰᠠᠨ ᠲᠣᠭ᠎ᠠ ᠪᠠᠷᠢᠮᠲᠠ ᠵᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶ᠋ᠢᠬᠤ ᠵᠢ ᠦᠨᠡᠨ ᠬᠦ᠌ ᠪᠠᠲᠤᠯᠠᠭᠰᠠᠨ ᠪᠠᠶ᠋ᠢᠨ᠎ᠠ᠃
      2. ᠠᠯᠠᠱ᠌ᠠ ᠠᠶ᠋ᠢᠮᠠᠭ᠎ᠤᠨ ᠠᠯᠠᠱ᠌ᠠ ᠪᠠᠷᠠᠭᠤᠨ ᠬᠣᠰᠢᠭᠤᠨ᠎ᠤ ᠨᠢᠭᠡᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠬᠡᠷᠡᠭ
      ᠠᠯᠠᠱ᠌ᠠ ᠠᠶ᠋ᠢᠮᠠᠭ᠎ᠤᠨ ᠠᠯᠠᠱ᠌ᠠ ᠪᠠᠷᠠᠭᠤᠨ ᠬᠣᠰᠢᠭᠤᠨ᠎ᠤ ᠨᠢᠭᠡᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠦᠢ᠍ᠯᠡᠳᠪᠦᠷᠢᠯᠡᠭᠰᠡᠨ᠎ᠤ ᠳᠠᠷᠠᠭ᠋ᠠᠬᠢ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠦᠢ᠍ᠯᠡᠳᠪᠦᠷᠢ ᠵᠢᠨ ᠲᠣᠭᠣᠷᠢᠭ᠎ᠤᠨ ᠭᠠᠳᠠᠨ᠎ᠠ ᠪᠠ ᠬᠤᠪᠢ᠎ᠪᠠᠷ ᠵᠶ᠋ᠠᠨ ᠪᠠᠶ᠋ᠢᠭᠤᠯᠤᠭᠰᠠᠨ ᠳᠠᠯᠳᠠ ᠬᠤᠳᠳᠤᠭ᠎ᠲᠤ ᠭᠠᠳᠠᠭᠰᠢᠯᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠪᠠᠶ᠋ᠢᠴᠠᠭ᠋ᠠᠨ ᠰᠢᠯᠭ᠋ᠠᠯᠲᠠ᠎ᠪᠠᠷ ᠳᠠᠮᠵᠢᠨ᠂ ᠬᠠᠤᠯᠢ ᠪᠤᠰᠤ᠎ᠪᠠᠷ ᠭᠠᠳᠠᠭᠰᠢᠯᠠᠭᠤᠯᠤᠭᠰᠠᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ᠎ᠨᠢ ᠠᠶᠤᠯᠲᠠᠢ ᠬᠠᠶᠠᠭᠳᠠᠮᠠᠯ ᠪᠣᠳᠠᠰ᠎ᠲᠤ ᠲᠣᠭ᠋ᠠᠴᠠᠭᠳᠠᠨ᠎ᠠ᠃ 2023 ᠣᠨ᠎ᠤ 5 ᠰᠠᠷ᠎ᠠ᠎ᠳᠤ᠂ ᠠᠯᠠᠱ᠌ᠠ ᠪᠠᠷᠠᠭᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠣᠰ ᠬᠡᠷᠡᠭ᠎ᠢ ᠳᠡᠩᠨᠡᠨ ᠢᠯᠡᠷᠡᠭᠦᠯᠵᠦ᠂ 6 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠠᠮᠢ ᠠᠬᠤᠶ ᠵᠢᠨ ᠣᠷᠴᠢᠨ ᠨᠥᠬᠥᠴᠡᠯ᠎ᠤᠨ ᠠᠶᠤᠯ ᠲᠦᠭᠰᠢᠭᠦᠷᠢ ᠵᠢᠨ ᠨᠠᠩ ᠶᠡᠬᠡ ᠳᠠᠯᠳᠠ ᠬᠡᠮ᠎ᠢ ᠪᠣᠶ ᠪᠣᠯᠭ᠋ᠠᠵᠤ ᠮᠡᠳᠡᠬᠦ᠎ᠠᠴᠠ ᠵᠠᠶ᠋ᠢᠯᠠᠰᠬᠢᠵᠡᠶ᠃
      3. ᠬᠢᠩᠭ᠋ᠠᠨ ᠠᠶ᠋ᠢᠮᠠᠭ᠎ᠤᠨ ᠵᠠᠯᠠᠶ᠋ᠢᠳ ᠬᠣᠰᠢᠭᠤᠨ᠎ᠤ ᠡᠦ ᠤᠪᠤᠭᠲᠠᠨ᠎ᠤ ᠬᠠᠤᠯᠢ ᠪᠤᠰᠤ᠎ᠪᠠᠷ ᠭᠣᠣᠯ᠎ᠤᠨ ᠡᠯᠡᠰᠦ ᠮᠠᠯᠲᠠᠭᠰᠠᠨ ᠬᠡᠷᠡᠭ
      2020 ᠣᠨ᠎ᠠᠴᠠ 2021 ᠣᠨ ᠪᠣᠯᠲᠠᠯ᠎ᠠ᠂ ᠦ᠋ ᠣᠪᠣᠭᠲᠤ ᠠᠵᠢᠯᠲᠠᠨ᠂ ᠮᠠᠰᠢᠨ ᠮᠧᠬᠠᠨᠢᠭ ᠵᠶ᠋ᠠᠨ ᠵᠣᠬᠢᠶᠠᠨ ᠪᠠᠶ᠋ᠢᠭᠤᠯᠵᠤ᠂ ᠵᠠᠯᠠᠶ᠋ᠢᠳ ᠬᠣᠰᠢᠭᠤᠨ᠎ᠤ ᠴᠤᠤᠯ ᠭᠣᠤᠯ᠎ᠤᠨ ᠵᠠᠮ᠎ᠤᠨ ᠬᠡᠪᠴᠢᠶᠡᠨ᠎ᠳᠤ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠤᠨ ᠬᠡᠪᠴᠢᠶᠡᠨ᠎ᠠᠴᠠ ᠳᠠᠪᠠᠵᠤ 14.5 ᠲᠦᠮᠡ ᠭᠠᠷᠤᠶ ᠪᠣᠰᠣᠭ᠎ᠠ ᠳᠥᠷᠪᠡᠯᠵᠢᠨ ᠮᠧᠲᠷ ᠬᠠᠶ᠋ᠢᠷ ᠴᠢᠯᠠᠭᠤ ᠵᠢ ᠬᠠᠤᠯᠢ ᠪᠤᠰᠤ᠎ᠪᠠᠷ ᠨᠡᠭᠡᠭᠡᠨ ᠮᠠᠯᠲᠠᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 510 ᠭᠠᠷᠤᠶ ᠲᠦᠮᠡᠨ ᠲᠥᠭᠥᠷᠢᠭ᠎ᠲᠤ ᠬᠦᠷᠴᠡᠶ᠃ 2023 ᠣᠨ᠎ᠤ 1 ᠰᠠᠷ᠎ᠠ᠎ᠳᠤ᠂ ᠬᠢᠩᠭ᠋ᠠᠨ ᠠᠶ᠋ᠢᠮᠠᠭ᠎ᠤᠨ ᠵᠠᠯᠠᠶ᠋ᠢᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠲᠣᠰ ᠬᠡᠷᠡᠭ᠎ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠡᠤ ᠣᠪᠣᠭᠲᠤ ᠵᠢ ᠪᠠᠷᠢᠪᠴᠢᠯᠠᠵᠤ᠂ 3.8 ᠲᠦᠮᠡ ᠭᠠᠷᠤᠶ ᠪᠣᠰᠣᠭ᠎ᠠ ᠳᠥᠷᠪᠡᠯᠵᠢᠨ ᠮᠧᠲᠷ ᠭᠣᠤᠯ᠎ᠤᠨ ᠡᠯᠡᠰᠦ ᠵᠢ  ᠪᠠᠶ᠋ᠢᠴᠠᠭ᠋ᠠᠨ ᠢᠯᠡᠷᠡᠭᠦᠯᠵᠦ᠂ ᠴᠤᠤᠯ ᠭᠣᠤᠯ᠎ᠤᠨ ᠤᠷᠤᠰᠬᠠᠯ᠎ᠤᠨ ᠲᠣᠭᠲᠠᠭᠤᠨ ᠪᠠ ᠠᠮᠢ ᠠᠬᠤᠶ ᠵᠢᠨ ᠠᠮᠤᠷ ᠲᠦᠪᠰᠢᠨ᠎ᠢ ᠪᠠᠲᠤᠯᠠᠭᠰᠠᠨ ᠪᠠᠶ᠋ᠢᠨ᠎ᠠ᠃
      4. ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠢᠦᠶ ᠣᠪᠣᠭᠲᠤ ᠵᠡᠷᠭᠡ ᠬᠥᠮᠦᠰ᠎ᠤᠨ ᠬᠠᠤᠯᠢ ᠪᠤᠰᠤ᠎ᠪᠠᠷ ᠬᠠᠷ᠎ᠠ ᠰᠢᠷᠣᠶ ᠵᠢᠨ ᠬᠦᠯᠦᠷ᠎ᠡ ᠮᠠᠯᠲᠠᠭᠰᠠᠨ ᠬᠡᠷᠡᠭ
      2021 ᠣᠨ᠎ᠤ 12 ᠰᠠᠷ᠎ᠠ᠎ᠠᠴᠠ 2023 ᠣᠨ᠎ᠤ 3 ᠰᠠᠷ᠎ᠠ ᠪᠣᠯᠲᠠᠯ᠎ᠠ᠂ ᠢᠦᠶ ᠣᠪᠣᠭᠲᠤ ᠵᠡᠷᠭᠡ ᠬᠥᠮᠦᠰ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠥᠬᠡᠶ ᠪᠠᠶ᠋ᠢᠳᠠᠯ ᠳᠣᠤᠷ᠎ᠠ᠂ ᠠᠵᠢᠯᠲᠠᠨ᠂ ᠮᠠᠰᠢᠨ ᠮᠧᠬᠠᠨᠢᠭ᠎ᠢ ᠵᠣᠬᠢᠶᠠᠨ ᠪᠠᠶ᠋ᠢᠭᠤᠯᠵᠤ ᠦᠨᠳᠦᠰᠦᠨ ᠲᠠᠷᠢᠶᠠᠨ ᠭᠠᠵᠠᠷ ᠳᠡᠭᠡᠷ᠎ᠡ ᠬᠠᠤᠯᠢ ᠪᠤᠰᠤ᠎ᠪᠠᠷ ᠬᠠᠷ᠎ᠠ ᠰᠢᠷᠣᠶ ᠵᠢᠨ ᠬᠦᠯᠦᠷ᠎ᠡ ᠮᠠᠯᠲᠠᠭᠤᠯᠵᠤ᠂ 38.53 ᠮᠥ᠍ ᠦᠨᠳᠦᠰᠦᠨ ᠲᠠᠷᠢᠶᠠᠨ ᠭᠠᠵᠠᠷ᠎ᠢ ᠡᠪᠳᠡᠵᠦ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 128 ᠲᠦᠮᠡᠨ ᠲᠥᠭᠥᠷᠢᠭ᠎ᠲᠤ ᠬᠦᠷᠴᠡᠶ᠃ 2023 ᠣᠨ᠎ᠤ 3 ᠰᠠᠷ᠎ᠠ᠎ᠳᠤ᠂ ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠣᠰ ᠬᠡᠷᠡᠭ᠎ᠢ ᠳᠡᠩᠨᠡᠨ ᠢᠯᠡᠷᠡᠭᠦᠯᠵᠦ᠂ 4 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ 1.28 ᠲᠦᠮᠡᠨ ᠪᠣᠰᠣᠭ᠎ᠠ ᠳᠥᠷᠪᠡᠯᠵᠢᠨ ᠮᠧᠲᠷ ᠬᠠᠷ᠎ᠠ ᠰᠢᠷᠣᠶ ᠵᠢᠨ ᠬᠦᠯᠦᠷ᠎ᠡ ᠪᠠᠶ᠋ᠢᠴᠠᠭ᠋ᠠᠨ ᠭᠠᠷᠭ᠋ᠠᠵᠤ᠂ 《ᠲᠠᠷᠢᠶᠠᠨ ᠭᠠᠵᠠᠷ᠎ᠲᠠᠬᠢ ᠮᠠᠯᠤᠷ ᠥᠲᠡᠭᠡ》 ᠵᠢ ᠬᠦᠴᠦᠲᠡᠶ ᠬᠠᠮᠠᠭ᠋ᠠᠯᠠᠪᠠ᠃
      5. ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠲᠦᠩ ᠣᠪᠣᠭᠲᠤ ᠵᠢᠨ ᠨᠤᠲᠤᠭ ᠪᠡᠯᠴᠢᠭᠡᠷ᠂ ᠣᠶ᠋ᠢᠲᠤ ᠭᠠᠵᠠᠷ᠎ᠢ ᠬᠠᠤᠯᠢ ᠪᠤᠰᠤ᠎ᠪᠠᠷ ᠬᠠᠭ᠋ᠠᠯᠪᠤᠷᠢᠯᠠᠭᠰᠠᠨ ᠬᠡᠷᠡᠭ
      ᠲᠦᠩ ᠣᠪᠣᠭᠲᠤ ᠳᠠᠭ᠋ᠠᠭ᠋ᠠᠴᠢᠯᠠᠭᠰᠠᠨ ᠭᠠᠵᠠᠷ ᠰᠢᠷᠣᠶ᠎ᠳᠤ᠎ᠪᠠᠨ ᠬᠠᠤᠯᠢ ᠪᠤᠰᠤ᠎ᠪᠠᠷ ᠨᠤᠲᠤᠭ ᠪᠡᠯᠴᠢᠭᠡᠷ᠂ ᠣᠶ᠋ᠢᠲᠤ ᠭᠠᠵᠠᠷ᠎ᠢ ᠬᠠᠭ᠋ᠠᠯᠪᠤᠷᠢᠯᠠᠭᠰᠠᠨ ᠪᠥᠭᠡᠳ ᠪᠤᠰᠤᠳ᠎ᠲᠤ ᠰᠢᠯᠵᠢᠭᠦᠯᠦᠨ ᠳᠠᠭ᠋ᠠᠭ᠋ᠠᠴᠢᠯᠠᠭᠤᠯᠵᠤ ᠲᠠᠷᠢᠮᠠᠯ᠎ᠤᠨ ᠵᠦᠢ᠍ᠯ ᠳᠠᠷᠢᠭᠤᠯᠤᠭ᠋ᠠᠳ᠂ ᠨᠤᠲᠤᠭ ᠪᠡᠯᠴᠢᠭᠡᠷ᠂ ᠣᠶ᠋ᠢᠲᠤ ᠭᠠᠵᠠᠷ᠎ᠤᠨ ᠤᠤᠯ᠎ᠤᠨ ᠤᠷᠭᠤᠮᠠᠯ᠎ᠤᠨ ᠬᠤᠴᠢᠯᠭ᠎ᠠ ᠵᠢ ᠡᠪᠳᠡᠵᠦ᠂ 1661.265 ᠮᠦ᠍ ᠨᠤᠲᠤᠭ ᠪᠡᠯᠴᠢᠭᠡᠷ᠂ ᠣᠶ᠋ᠢᠲᠤ ᠭᠠᠵᠠᠷ᠎ᠲᠤ ᠬᠣᠯᠪᠣᠭᠳᠠᠭᠰᠠᠨ ᠪᠠᠶ᠋ᠢᠨ᠎ᠠ᠃ 2023 ᠣᠨ᠎ᠤ 7 ᠰᠠᠷ᠎ᠠ᠎ᠳᠤ᠂ ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠣᠰ ᠬᠡᠷᠡᠭ᠎ᠢ ᠳᠡᠩᠨᠡᠨ ᠢᠯᠡᠷᠡᠭᠦᠯᠵᠦ᠂ ᠲᠦᠩ ᠣᠪᠣᠭᠲᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ᠎ᠠᠴᠠ ᠪᠣᠯᠵᠣ 2 ᠵᠢᠯ ᠬᠤᠭᠤᠴᠠᠭ᠎ᠠ᠎ᠲᠠᠢ ᠬᠣᠷᠢᠬᠤ᠎ᠪᠠᠷ ᠰᠢᠳᠬᠡᠭᠳᠡᠵᠦ᠂ 3 ᠵᠢᠯ ᠬᠣᠶ᠋ᠢᠰᠢᠯᠠᠭᠤᠯᠤᠨ᠂ 2 ᠲᠦᠮᠡᠨ ᠲᠥᠭᠥᠷᠢᠭ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠵᠦ᠂ ᠬᠠᠤᠯᠢ ᠵᠢ ᠵᠥᠷᠢᠴᠡᠵᠦ ᠣᠯᠤᠭᠰᠠᠨ 139.4 ᠲᠦᠮᠡᠨ ᠲᠥᠭᠥᠷᠢᠭ᠎ᠢ ᠨᠡᠬᠡᠮᠵᠢᠯᠡᠨ ᠲᠤᠰᠢᠶᠠᠯᠭ᠋ᠠᠵᠠᠶ᠃
      6. ᠲᠦᠩᠯᠢᠶᠣᠤ ᠬᠣᠲᠠ ᠵᠢᠨ ᠵᠠᠷᠤᠳ ᠬᠣᠰᠢᠭᠤᠨ᠎ᠤ ᠰᠧ ᠣᠪᠣᠭᠲᠤ ᠵᠢᠨ ᠮᠥᠬᠥᠬᠦ ᠰᠢᠬᠠᠭᠰᠠᠨ ᠬᠣᠪᠣᠷ ᠨᠠᠨᠳᠢᠨ ᠵᠡᠷᠯᠢᠭ ᠲᠤᠷᠤᠭ ᠪᠤᠭᠤ ᠵᠢᠨ ᠡᠪᠡᠷ᠎ᠢ ᠬᠠᠤᠯᠢ ᠪᠤᠰᠤ᠎ᠪᠠᠷ ᠵᠥᠭᠡᠭᠡᠪᠦᠷᠢᠯᠡᠭᠰᠡᠨ ᠬᠡᠷᠡᠭ
      2023 ᠣᠨ᠎ᠤ 5 ᠰᠠᠷ᠎ᠠ᠎ᠳᠤ᠂ ᠲᠦᠩᠯᠢᠶᠣᠤ ᠬᠣᠲᠠ ᠵᠢᠨ ᠵᠠᠷᠤᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠮᠥᠬᠥᠬᠦ ᠰᠢᠬᠠᠭᠰᠠᠨ ᠬᠣᠪᠣᠷ ᠨᠠᠨᠳᠢᠨ ᠵᠡᠷᠯᠢᠭ ᠲᠤᠷᠤᠭ ᠪᠤᠭᠤ ᠵᠢᠨ ᠡᠪᠡᠷ᠎ᠢ ᠬᠠᠤᠯᠢ ᠪᠤᠰᠤ᠎ᠪᠠᠷ ᠵᠥᠭᠡᠭᠡᠪᠦᠷᠢᠯᠡᠭᠰᠡᠨ ᠬᠡᠷᠡᠭ᠎ᠢ ᠳᠡᠩᠨᠡᠨ ᠢᠯᠡᠷᠡᠭᠦᠯᠪᠡ᠃ ᠪᠠᠶ᠋ᠢᠴᠠᠭ᠋ᠠᠭᠰᠠᠨ ᠵᠶ᠋ᠠᠷ᠂ ᠶᠠᠯ᠎ᠠ ᠬᠢᠭᠰᠡᠨ ᠰᠡᠵᠢᠭᠳᠡᠨ ᠰᠧ ᠣᠪᠣᠭᠲᠤ ᠵᠠᠷᠤᠳ ᠬᠣᠰᠢᠭᠤᠨ᠎ᠤ ᠲᠤᠵᠢᠨᠬᠠᠨ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠢᠴᠢ ᠡᠷᠬᠢᠨ ᠲᠣᠭᠣᠷᠢᠨ᠎ᠤ ᠭᠠᠵᠠᠷ᠎ᠠᠴᠠ ᠬᠡᠭᠡᠷ᠎ᠡ ᠵᠢᠨ ᠲᠤᠷᠤᠭ ᠪᠤᠭᠤ ᠵᠢᠨ ᠡᠪᠡᠷ᠎ᠢ ᠬᠤᠳᠠᠯᠳᠤᠨ ᠠᠪᠤᠭ᠋ᠠᠳ ᠭᠠᠳᠠᠷ ᠣᠷᠣᠨ᠎ᠳᠤ ᠠᠪᠠᠴᠢᠵᠤ ᠪᠣᠷᠣᠯᠠᠭᠤᠯᠬᠤ᠎ᠪᠠᠷ ᠪᠡᠯᠡᠳᠬᠡᠵᠦ᠂ ᠰᠡᠭᠦᠯᠡᠷ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠲᠡᠭᠦᠨ᠎ᠤ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ ᠨᠡᠶ᠋ᠢᠲᠡ 612 ᠬᠡᠭᠡᠷ᠎ᠡ ᠵᠢᠨ ᠲᠤᠷᠤᠭ ᠪᠤᠭᠤ ᠵᠢᠨ ᠡᠪᠡᠷ᠎ᠢ ᠪᠠᠶ᠋ᠢᠴᠠᠭ᠋ᠠᠨ ᠭᠠᠷᠭ᠋ᠠᠵᠤ᠂ ᠬᠦᠨᠳᠦ᠎ᠨᠢ 1900 ᠭᠠᠷᠤᠶ ᠵᠢᠩ ᠪᠠᠢ᠌ᠪᠠ᠃ ᠰᠧ ᠣᠪᠣᠭᠲᠤ ᠬᠣᠪᠣᠷ ᠨᠠᠨᠳᠢᠨ᠂ ᠮᠥᠬᠥᠬᠦ ᠰᠢᠬᠠᠭᠰᠠᠨ ᠬᠡᠭᠡᠷ᠎ᠡ ᠵᠢᠨ ᠠᠮᠢᠲᠠᠨ᠎ᠳᠤ ᠬᠣᠣᠷ ᠬᠥᠨᠥᠭᠡᠯ ᠤᠴᠠᠷᠠᠭᠤᠯᠤᠭᠰᠠᠨ ᠶᠠᠯ᠎ᠠ ᠬᠢᠭᠰᠡᠨ᠎ᠠᠴᠠ ᠪᠣᠯᠵᠤ 1 ᠵᠢᠯ ᠬᠤᠭᠤᠴᠠᠭ᠎ᠠ᠎ᠲᠠᠢ ᠬᠣᠷᠢᠬᠤ᠎ᠪᠠᠷ ᠰᠢᠳᠬᠡᠭᠳᠡᠵᠦ᠂ 1 ᠵᠢᠯ ᠬᠣᠶ᠋ᠢᠰᠢᠯᠠᠭᠤᠯᠤᠨ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠵᠡᠶ᠃ ᠲᠣᠰ ᠬᠡᠷᠡᠭ᠎ᠢ ᠠᠮᠵᠢᠯᠲᠠ᠎ᠲᠠᠢ᠎ᠪᠠᠷ ᠳᠡᠩᠨᠡᠨ ᠢᠯᠡᠷᠡᠭᠦᠯᠦᠭᠰᠡᠨ᠎ᠨᠢ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠬᠦᠴᠦᠲᠡᠶ ᠬᠠᠮᠠᠭ᠋ᠠᠯᠠᠵᠤ᠂ ᠬᠣᠪᠣᠷ ᠨᠠᠨᠳᠢᠨ᠂ ᠮᠥᠬᠥᠬᠦ ᠰᠢᠬᠠᠭᠰᠠᠨ ᠬᠡᠭᠡᠷ᠎ᠡ ᠵᠢᠨ ᠠᠮᠢᠲᠠᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠪᠦᠲᠦᠮᠵᠢᠲᠡᠶ᠎ᠪᠠᠷ ᠰᠦᠷᠳᠡᠭᠦᠯᠦᠭᠰᠡᠨ ᠪᠠᠶ᠋ᠢᠨ᠎ᠠ᠃
      ᠰᠤᠷᠪᠤᠯᠵᠢᠯᠠᠭᠴᠢ᠄ ᠡᠨᠡ ᠵᠢᠯ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠬᠦᠷᠢᠶᠡᠨ᠎ᠳᠤ ᠶᠠᠮᠠᠷ ᠶᠠᠮᠠᠷ ᠴᠣᠬᠢᠯᠲᠠ ᠥᠭᠬᠦ ᠭᠣᠣᠯᠳᠠᠯᠭ᠎ᠠ᠎ᠲᠠᠢ ᠪᠤᠢ?
      ᠲᠸᠩ ᠹᠸᠢ᠄ ᠡᠨᠡ ᠵᠢᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠺᠦᠨᠯᠦ᠋ᠨ 2024》 《ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠬᠢᠨ ᠬᠠᠮᠠᠭ᠋ᠠᠯᠠᠬᠤ ᠠᠵᠢᠯᠯᠠᠭ᠎ᠠ》 ᠪᠠ 《ᠬᠠᠲᠤᠨ ᠭᠣᠤᠯ᠎ᠢ ᠬᠠᠮᠠᠭ᠋ᠠᠯᠠᠬᠤ》 ᠲᠤᠰᠬᠠᠶ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠠᠲᠤᠨ ᠭᠣᠤᠯ ᠪᠠ 《ᠨᠢᠭᠡ ᠨᠠᠭᠤᠷ ᠬᠣᠶᠠᠷ ᠲᠡᠯᠡᠶ》 ᠵᠢᠨ ᠠᠮᠢ ᠠᠬᠤᠶ ᠵᠢᠨ ᠵᠠᠰᠠᠯᠲᠠ᠂ ᠠᠮᠢ ᠠᠬᠤᠶ ᠵᠢᠨ ᠣᠷᠴᠢᠨ ᠲᠣᠭᠣᠷᠢᠨ᠂ ᠣᠶ ᠰᠢᠭᠤᠶ ᠨᠤᠲᠤᠭ ᠪᠡᠯᠴᠢᠭᠡᠷ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠵᠡᠷᠭᠡ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠲᠤᠰᠬᠠᠶ ᠴᠣᠬᠢᠯᠲᠠ ᠥᠭᠬᠦ ᠪᠠ ᠬᠡᠷᠡᠭ᠎ᠢ ᠲᠥᠪᠯᠡᠷᠡᠭᠦᠯᠦᠨ ᠢᠯᠡᠷᠡᠭᠦᠯᠵᠦ ᠪᠣᠭᠣᠮᠲᠠ ᠰᠢᠪᠲᠤᠯᠬᠤ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃ ᠣᠷᠴᠢᠨ ᠠᠬᠤᠶ ᠵᠢ ᠪᠣᠬᠢᠷᠲᠤᠭᠤᠯᠬᠤ ᠠᠰᠠᠭᠤᠳᠠᠯ᠎ᠳᠤ ᠴᠢᠭᠯᠡᠭᠦᠯᠦᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠠᠶᠤᠯᠲᠠᠶ ᠬᠠᠶᠠᠭᠳᠠᠮᠠᠯ ᠪᠣᠳᠠᠰ᠎ᠢ ᠭᠠᠳᠠᠭᠰᠢᠯᠠᠭᠤᠯᠤᠭᠰᠠᠨ᠂ ᠴᠢᠳᠬᠤᠭᠰᠠᠨ᠂ ᠰᠢᠢ᠍ᠳᠪᠦᠷᠢᠯᠡᠭᠰᠡᠨ ᠵᠡᠷᠭᠡ ᠬᠥᠷᠥᠰᠥ ᠰᠢᠷᠣᠶ ᠵᠢ ᠪᠣᠬᠢᠷᠲᠤᠭᠤᠯᠤᠭᠰᠠᠨ ᠶᠠᠯᠠᠲᠤ ᠠᠵᠢᠯᠯᠠᠭ᠎ᠠ᠎ᠳᠤ ᠪᠦᠬᠦ ᠦᠶᠡᠯᠡᠯ᠎ᠤᠨ ᠬᠤᠭᠤᠴᠠᠭ᠎ᠠ᠎ᠲᠠᠢ᠎ᠪᠠᠷ ᠴᠣᠬᠢᠯᠲᠠ ᠥᠭᠴᠦ᠂ ᠣᠷᠴᠢᠨ ᠠᠬᠤᠶ ᠵᠢᠨ ᠨᠥᠯᠥᠭᠡᠯᠡᠯ᠎ᠤᠨ ᠦᠨᠡᠯᠡᠯᠲᠡ ᠵᠢᠨ ᠬᠠᠭᠤᠷᠮᠠᠭ ᠵᠶ᠋ᠠᠷ ᠵᠣᠬᠢᠶᠠᠬᠤ ᠵᠢᠴᠢ ᠮᠠᠰᠢᠨᠲᠤ ᠲᠡᠷᠭᠡ᠎ᠲᠠᠢ ᠬᠣᠯᠪᠣᠭᠳᠠᠵᠤ ᠣᠷᠴᠢᠨ ᠠᠬᠤᠶ ᠵᠢ ᠪᠣᠬᠢᠷᠲᠤᠭᠤᠯᠤᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠷᠴᠢᠨ ᠠᠬᠤᠶ ᠵᠢᠨ ᠶᠠᠰᠤ ᠴᠢᠨᠠᠷ᠎ᠤᠨ ᠬᠢᠵᠠᠭ᠋ᠠᠷ ᠱᠤᠭᠤᠮ᠎ᠢ ᠰᠠᠶ᠋ᠢᠲᠤᠷ ᠰᠠᠬᠢᠨ ᠬᠠᠮᠠᠭ᠋ᠠᠯᠠᠨ᠎ᠠ᠃ ᠬᠠᠲᠤᠨ ᠭᠣᠣᠯ ᠪᠠ 《ᠨᠢᠭᠡ ᠨᠠᠭᠤᠷ ᠬᠣᠶᠠᠷ ᠳᠠᠯᠠᠢ》 ᠵᠡᠷᠭᠡ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠵᠠᠰᠠᠯᠲᠠ ᠵᠢᠨ ᠲᠤᠪᠤᠢ᠍ᠢ᠍ᠮ᠎ᠠ ᠠᠰᠠᠭᠤᠳᠠᠯ᠎ᠳᠤ ᠴᠢᠭᠯᠡᠭᠦᠯᠦᠨ᠂ ᠪᠦᠬᠦ ᠰᠠᠪᠠ ᠭᠠᠵᠠᠷ᠎ᠳᠤ ᠬᠠᠤᠯᠢ ᠪᠤᠰᠤ᠎ᠪᠠᠷ ᠭᠠᠵᠠᠷ ᠡᠵᠡᠯᠡᠭᠰᠡᠨ᠂ ᠬᠠᠤᠯᠢ ᠪᠤᠰᠤ᠎ᠪᠠᠷ ᠡᠯᠡᠰᠦ ᠮᠠᠯᠲᠠᠭᠰᠠᠨ᠂ ᠬᠠᠤᠯᠢ ᠪᠤᠰᠤ᠎ᠪᠠᠷ ᠠᠩᠨᠠᠵᠤ ᠱᠦᠭᠦᠭᠰᠡᠨ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ ᠭᠣᠣᠯ ᠮᠥᠷᠡᠨ ᠨᠠᠭᠤᠷ ᠴᠥᠭᠥᠷᠥᠮ᠎ᠤᠨ ᠴᠠᠭᠳᠠᠭ᠋ᠠᠨ᠎ᠤ ᠳᠠᠷᠤᠭ᠎ᠠ ᠵᠢᠨ ᠲᠦᠷᠢᠮ ᠪᠠ ᠴᠠᠭᠳᠠᠭ᠋ᠠᠨ᠎ᠤ ᠶᠠᠪᠤᠳᠠᠯ᠎ᠤᠨ ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠰᠠᠶ᠋ᠢᠲᠤᠷ ᠰᠠᠬᠢᠨ ᠬᠠᠮᠠᠭ᠋ᠠᠯᠠᠨ᠎ᠠ᠃ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠭᠰᠡᠨ ᠲᠤᠪᠤᠢ᠍ᠢ᠍ᠮ᠎ᠠ ᠠᠰᠠᠭᠤᠳᠠᠯ᠎ᠳᠤ ᠴᠢᠭᠯᠡᠭᠦᠯᠦᠨ᠂ ᠬᠡᠭᠡᠷ᠎ᠡ ᠵᠢᠨ ᠡᠮ᠎ᠳᠤ ᠣᠷᠣᠬᠤ ᠤᠷᠭᠤᠮᠠᠯ᠎ᠢ ᠬᠤᠯᠠᠭ᠋ᠠᠶ᠋ᠢᠯᠠᠨ ᠮᠠᠯᠲᠠᠬᠤ᠂ ᠬᠠᠤᠯᠢ ᠪᠤᠰᠤ᠎ᠪᠠᠷ ᠠᠩ ᠠᠩᠨᠠᠬᠤ᠂ ᠬᠠᠷ᠎ᠠ ᠬᠥᠷᠥᠰᠥᠨ᠎ᠤ ᠡᠬᠢ ᠪᠠᠶᠠᠯᠢᠭ᠎ᠢ ᠬᠤᠯᠠᠭ᠋ᠠᠶ᠋ᠢᠯᠠᠨ ᠮᠠᠯᠲᠠᠬᠤ᠂ ᠤᠢ ᠮᠣᠳᠣ ᠵᠢ ᠬᠤᠯᠠᠭ᠋ᠠᠶ᠋ᠢᠯᠠᠨ ᠣᠭᠲᠣᠯᠵᠤ ᠳᠤᠷ᠎ᠠ᠎ᠪᠠᠷ ᠵᠶ᠋ᠠᠨ ᠣᠭᠲᠣᠯᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠪᠦᠬᠦ ᠲᠠᠯ᠎ᠠ᠎ᠪᠠᠷ ᠴᠣᠬᠢᠯᠲᠠ ᠥᠭᠴᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠰᠠᠶ᠋ᠢᠲᠤᠷ ᠰᠠᠬᠢᠨ ᠬᠠᠮᠠᠭ᠋ᠠᠯᠠᠨ᠎ᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠡᠪᠳᠡᠭᠰᠡᠨ ᠲᠤᠪᠤᠢ᠍ᠢ᠍ᠮ᠎ᠠ ᠠᠰᠠᠭᠤᠳᠠᠯ᠎ᠳᠤ ᠴᠢᠭᠯᠡᠭᠦᠯᠦᠨ᠂ ᠬᠤᠯᠠᠭ᠋ᠠᠶ᠋ᠢᠯᠠᠨ ᠮᠠᠯᠲᠠᠭᠰᠠᠨ ᠪᠠ ᠬᠡᠲᠦᠷᠡᠲᠡᠯ᠎ᠡ ᠮᠠᠯᠲᠠᠭᠰᠠᠨ᠂ ᠬᠣᠪᠣᠷ ᠰᠢᠷᠣᠶ ᠵᠢ ᠬᠠᠤᠯᠢ ᠪᠤᠰᠤ᠎ᠪᠠᠷ ᠨᠡᠭᠡᠭᠡᠨ ᠮᠠᠯᠲᠠᠭᠰᠠᠨ ᠵᠡᠷᠭᠡ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠪᠦᠬᠦ ᠭᠣᠭᠴᠣᠭ᠎ᠠ᠎ᠪᠠᠷ ᠴᠣᠬᠢᠯᠲᠠ ᠥᠭᠴᠦ᠂ ᠬᠡᠪᠰᠢᠭᠰᠡᠨ ᠨᠡᠭᠦᠷᠡᠰᠦᠨ᠎ᠤ ᠵᠠᠰᠠᠯᠲᠠ ᠵᠢ ᠲᠦᠯᠬᠢᠨ ᠠᠬᠢᠭᠤᠯᠵᠤ᠂ ᠡᠬᠢ ᠪᠠᠶᠠᠯᠢᠭ᠎ᠤᠨ ᠠᠰᠢᠭᠯᠠᠯᠲᠠ ᠵᠢᠨ ᠳᠡᠭᠡᠳᠦ ᠱᠤᠭᠤᠮ᠎ᠢ ᠰᠠᠶ᠋ᠢᠲᠤᠷ ᠰᠠᠬᠢᠨ ᠬᠠᠮᠠᠭ᠋ᠠᠯᠠᠨ᠎ᠠ᠃

 

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ