ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠥᠪᠰᠢᠨ᠎ᠤ ᠬᠠᠤᠯᠢ (ᠲᠣᠯᠤᠭ᠎ᠠ)
ᠨᠡᠶ᠋ᠢᠲᠡᠯᠡᠭᠰᠡᠨ ᠴᠠᠭ᠄ 2024-04-25

      (2003 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2007 ᠣᠨ᠎ᠤ 12 ᠰᠠᠷ᠎ᠠ ᠵᠢᠨ 29᠎ᠤ ᠡᠳᠦᠷ᠎ᠤᠨ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠠᠩᠬ᠎ᠠ ᠤᠳᠠᠭ᠎ᠠ ᠵᠠᠰᠠᠪᠠ᠃ 2011 ᠣᠨ᠎ᠤ 4 ᠰᠠᠷ᠎ᠠ ᠵᠢᠨ 22᠎ᠤᠨ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠳᠤᠭ᠋ᠠᠷ ᠬᠤᠷᠠᠯᠳᠤᠭ᠋ᠠᠨ᠎ᠤ 《〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ᠎ᠤ 4 ᠰᠠᠷ᠎ᠠ ᠵᠢᠨ 29᠎ᠤ ᠡᠳᠦᠷ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ

《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠨᠠᠢ᠍ᠮᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)

 

       ᠳᠣᠯᠣᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ

  

    ᠨᠠᠶᠠᠨ ᠳᠣᠯᠣᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠵᠠᠮ ᠬᠠᠷᠢᠯᠴᠠᠭ᠋ᠠᠨ᠎ᠤ ᠴᠠᠭᠳᠠᠭ᠎ᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤ᠎ᠨᠢ ᠵᠠᠯᠠᠷᠠᠭᠤᠯᠬᠤ ᠬᠡᠷᠡᠭᠲᠡᠶ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠪᠣᠳᠠᠲᠤ ᠬᠡᠷᠡᠭ ᠪᠠ ᠲᠤᠰ ᠬᠠᠤᠯᠢ ᠵᠢᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠭᠡᠬᠦ ᠬᠡᠷᠡᠭᠲᠡᠶ᠃ ᠤᠢ᠍ᠢ᠍ᠯᠠ ᠪᠠᠶ᠋ᠢᠳᠠᠯ᠎ᠨᠢ ᠬᠦᠩᠭᠡᠠ ᠪᠠᠶ᠋ᠢᠵᠤ᠂ ᠵᠡᠮ ᠨᠡᠪᠲᠡᠷᠡᠯᠭᠡ ᠵᠢ ᠨᠥᠯᠥᠭᠡᠯᠡᠭᠰᠡᠨ ᠤᠢ᠍ᠭᠡᠢ ᠪᠠᠶ᠋ᠢᠪᠠᠯ᠂ ᠬᠠᠤᠯᠢ᠎ᠠᠴᠠ ᠵᠥᠷᠢᠴᠡᠭᠰᠡᠨ ᠤᠢ᠍ᠢ᠍ᠯᠠ ᠠᠵᠢᠯᠯᠠᠭ᠎ᠠ ᠵᠢ᠎ᠨᠢ ᠵᠢᠭ᠋ᠠᠨ ᠭᠠᠷᠭ᠋ᠠᠵᠤ᠂ ᠠᠮᠠ᠎ᠪᠠᠷ ᠰᠡᠷᠡᠮᠵᠢ ᠥᠭᠭᠦᠭᠰᠡᠨ᠎ᠤ ᠲᠡᠷᠠᠭ᠎ᠠ ᠲᠠᠯᠪᠢᠵᠤ ᠶᠠᠪᠤᠭᠤᠯᠤᠨ᠎ᠠ᠃

    ᠨᠠᠶᠠᠨ ᠨᠠᠢ᠍ᠮᠠᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠭᠡᠬᠦ ᠳᠦᠷᠦᠯ ᠵᠦᠢ᠍ᠯ᠎ᠳᠤ᠄ ᠰᠡᠷᠡᠮᠵᠢ ᠥᠭᠬᠦ᠂ ᠵᠣᠭᠤᠰ ᠵᠶ᠋ᠠᠷ ᠲᠣᠷᠭ᠋ᠠᠬᠤ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠳᠦᠷ ᠦᠯᠡᠳᠡᠭᠡᠵᠦ ᠠᠪᠬᠤ ᠪᠤᠶᠤ ᠬᠤᠷᠢᠶᠠᠨ ᠠᠪᠴᠤ ᠬᠦᠴᠦᠨ ᠦᠬᠡᠢ ᠪᠣᠯᠭ᠋ᠠᠬᠤ᠂ ᠳᠦᠷ ᠬᠤᠷᠢᠬᠤ ᠵᠡᠷᠭᠡ ᠪᠠᠭᠲᠠᠨ᠎ᠠ᠃

    ᠨᠠᠶᠠ ᠶᠢᠰᠦᠳᠦᠭᠡᠷ ᠵᠦᠢ᠍ᠯ ᠵᠠᠪᠠᠭ᠋ᠠᠨ ᠬᠥᠮᠦᠨ᠂ ᠲᠡᠷᠭᠡᠨ᠎ᠳᠤ ᠰᠠᠭᠤᠭᠴᠢ᠂ ᠮᠠᠰᠢᠨᠲᠤ ᠪᠤᠰᠤ ᠲᠡᠷᠭᠡᠨ᠎ᠤ ᠵᠢᠯᠣᠭᠤᠴᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠠᠬᠢ ᠵᠠᠮ ᠨᠡᠪᠲᠡᠷᠡᠯᠭᠡ ᠵᠢᠨ ᠲᠤᠬᠠᠶ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠳᠣᠩᠭᠤᠳᠬᠤ ᠪᠤᠶᠤ ᠲᠠᠪᠤᠨ ᠲᠥᠭᠦᠷᠢᠭ᠎ᠠᠴᠠ ᠳᠡᠭᠡᠭᠰᠢ ᠲᠠᠪᠢᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠮᠠᠰᠢᠨᠲᠤ ᠪᠤᠰᠤ ᠲᠡᠷᠭᠡᠨ᠎ᠤ ᠵᠢᠯᠣᠭᠤᠴᠢ ᠵᠣᠭᠤᠰ ᠵᠶ᠋ᠠᠷ ᠲᠣᠷᠭ᠋ᠠᠬᠤ ᠰᠢᠢ᠍ᠳᠭᠡᠯ᠎ᠢ ᠲᠡᠪᠴᠢᠬᠦ᠎ᠳᠤ ᠬᠦᠷᠪᠡᠯ᠂ ᠮᠠᠰᠢᠨᠲᠤ ᠪᠤᠰᠤ ᠲᠡᠷᠭᠡ ᠵᠢ᠎ᠨᠢ ᠦᠯᠡᠳᠡᠭᠡᠨ ᠠᠪᠴᠤ ᠪᠣᠯᠤᠨ᠎ᠠ᠃

    ᠶᠡᠷᠡᠳᠦᠭᠡᠷ ᠵᠦᠢ᠍ᠯ ᠮᠠᠰᠢᠨᠲᠤ ᠲᠡᠷᠭᠡᠨ᠎ᠤ ᠵᠢᠯᠣᠭᠤᠴᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠠᠬᠢ ᠵᠠᠮ ᠨᠡᠪᠲᠡᠷᠡᠯᠭᠡ ᠵᠢᠨ ᠲᠤᠬᠠᠶ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠰᠡᠷᠡᠮᠵᠢ ᠥᠭᠬᠦ ᠪᠤᠶᠤ ᠬᠤᠷᠢᠨ ᠲᠥᠭᠦᠷᠢᠭ᠎ᠠᠴᠠ ᠳᠡᠭᠡᠭᠰᠢ ᠬᠤᠶᠠᠷ ᠵᠠᠭᠤᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃ ᠲᠤᠰ ᠬᠠᠤᠯᠢ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃

    ᠶᠡᠷᠡᠨ ᠨᠢᠭᠡᠳᠦᠭᠡᠷ ᠵᠦᠢ᠍ᠯ ᠠᠷᠢᠬᠢ ᠤᠤᠭᠤᠭᠰᠠᠨ᠎ᠤ ᠳᠠᠷᠠᠭ᠎ᠠ ᠮᠠᠰᠢᠨᠲᠤ ᠲᠡᠷᠭᠡ ᠵᠢᠯᠣᠭᠤᠳᠤᠭᠰᠠᠨ ᠪᠠᠶ᠋ᠢᠪᠠᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠵᠢᠷᠭᠤᠭ᠋ᠠᠨ ᠰᠠᠷ᠎ᠠ ᠳᠦᠷ ᠦᠯᠡᠳᠡᠭᠡᠵᠦ ᠠᠪᠬᠤ᠎ᠪᠠᠷ ᠰᠢᠢ᠍ᠳᠭᠡᠵᠦ᠂ ᠮᠢᠩᠭ᠋ᠠᠨ ᠲᠥᠭᠦᠷᠢᠭ᠎ᠠᠴᠠ ᠳᠡᠭᠡᠭᠰᠢ ᠬᠤᠶᠠᠷ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃ ᠠᠷᠢᠬᠢ ᠤᠤᠭᠤᠭᠰᠠᠨ᠎ᠤ ᠳᠠᠷᠠᠭ᠎ᠠ ᠮᠠᠰᠢᠨᠲᠤ ᠲᠡᠷᠭᠡ ᠵᠢᠯᠣᠭᠤᠳᠤᠭ᠋ᠠᠳ ᠰᠢᠢ᠍ᠳᠭᠡᠭᠳᠡᠵᠦ᠂ ᠳᠠᠬᠢᠨᠲᠠ ᠠᠷᠢᠬᠢ ᠤᠤᠭᠤᠭᠰᠠᠨ᠎ᠤ ᠳᠠᠷᠠᠭ᠎ᠠ ᠮᠠᠰᠢᠨᠲᠤ ᠲᠡᠷᠭᠡ ᠵᠢᠯᠣᠭᠤᠳᠤᠭᠰᠠᠨ ᠪᠠᠶ᠋ᠢᠪᠠᠯ᠂ ᠠᠷᠪᠠᠨ ᠡᠳᠦᠷ᠎ᠠᠴᠠ ᠳᠣᠭᠤᠭᠰᠢ ᠲᠦᠷ ᠬᠤᠷᠢᠬᠤ᠎ᠪᠠᠷ ᠰᠢᠢ᠍ᠳᠭᠡᠵᠦ᠂ ᠮᠢᠩᠭ᠋ᠠᠨ ᠲᠥᠭᠦᠷᠢᠭ᠎ᠠᠴᠠ ᠳᠡᠭᠡᠭᠰᠢ ᠬᠤᠶᠠᠷ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃

     ᠰᠣᠭᠲᠣᠭᠤ᠎ᠪᠠᠷ ᠮᠠᠰᠢᠨᠲᠤ ᠲᠡᠷᠭᠡ ᠵᠢᠯᠣᠭᠤᠳᠤᠭᠰᠠᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠡᠭᠦᠨ᠎ᠢ ᠠᠷᠢᠬᠢ᠎ᠨᠢ ᠰᠡᠷᠭᠦᠲᠡᠯ᠎ᠡ ᠬᠢᠵᠠᠭ᠋ᠠᠷᠯᠠᠵᠤ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠵᠤ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠲᠠᠪᠤᠨ ᠵᠢᠯ᠎ᠤᠨ ᠳᠣᠲᠣᠷ᠎ᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠳᠠᠬᠢᠵᠤ ᠣᠯᠭᠤᠵᠤ ᠪᠣᠯᠬᠤ ᠦᠭᠡᠢ᠃

    ᠠᠷᠢᠬᠢ ᠤᠤᠭᠤᠭᠰᠠᠨ᠎ᠤ ᠳᠠᠷᠠᠭ᠎ᠠ ᠲᠡᠭᠡᠭᠡᠪᠦᠷᠢ ᠡᠵᠡᠩᠨᠡᠯᠲᠡ ᠵᠢᠨ ᠮᠠᠰᠢᠨᠲᠤ ᠲᠡᠷᠭᠡ ᠵᠢᠯᠣᠭᠤᠳᠤᠭᠰᠠᠨ ᠪᠠᠶ᠋ᠢᠪᠠᠯ᠂ ᠠᠷᠪᠠᠨ ᠲᠠᠪᠤᠨ ᠡᠳᠦᠷ ᠲᠦᠷ ᠬᠤᠷᠢᠬᠤ᠎ᠪᠠᠷ ᠰᠢᠢ᠍ᠳᠭᠡᠵᠦ᠂ ᠲᠠᠪᠤᠨ ᠮᠢᠩᠭ᠋ᠠᠨ ᠲᠥᠭᠦᠷᠢᠭ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠂ ᠲᠠᠪᠤᠨ ᠵᠢᠯ᠎ᠤᠨ ᠳᠣᠲᠣᠷ᠎ᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠳᠠᠬᠢᠵᠤ ᠣᠯᠭᠤᠵᠤ ᠪᠣᠯᠬᠤ ᠦᠭᠡᠢ᠃

    ᠰᠣᠭᠲᠣᠭᠤ᠎ᠪᠠᠷ ᠲᠡᠭᠡᠭᠡᠪᠦᠷᠢ ᠡᠵᠡᠩᠨᠡᠯᠲᠡ ᠵᠢᠨ ᠮᠠᠰᠢᠨᠲᠤ ᠲᠡᠷᠭᠡ ᠵᠢᠯᠣᠭᠤᠳᠤᠭᠰᠠᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠡᠭᠦᠨ᠎ᠢ ᠠᠷᠢᠬᠢ᠎ᠨᠢ ᠰᠡᠷᠭᠦᠲᠡᠯ᠎ᠡ ᠬᠢᠵᠠᠭ᠋ᠠᠷᠯᠠᠵᠤ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠵᠤ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠠᠷᠪᠠᠨ ᠵᠢᠯ᠎ᠤᠨ ᠳᠣᠲᠣᠷ᠎ᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠳᠠᠬᠢᠵᠤ ᠣᠯᠭᠤᠵᠤ ᠪᠣᠯᠬᠤ ᠦᠭᠡᠢ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠳᠠᠬᠢᠵᠤ ᠣᠯᠤᠭᠰᠠᠨ᠎ᠤ ᠳᠠᠷᠠᠭ᠎ᠠ ᠲᠡᠭᠡᠭᠡᠪᠦᠷᠢ ᠡᠵᠡᠩᠨᠡᠯᠲᠡ ᠵᠢᠨ ᠮᠠᠰᠢᠨᠲᠤ ᠲᠡᠷᠭᠡ ᠵᠢ ᠵᠢᠯᠣᠭᠤᠳᠴᠤ ᠪᠣᠯᠬᠤ ᠦᠭᠡᠢ᠃

    ᠠᠷᠢᠬᠢ ᠤᠤᠭᠤᠭᠰᠠᠨ᠎ᠤ ᠳᠠᠷᠠᠭ᠎ᠠ ᠪᠤᠶᠤ ᠰᠣᠭᠲᠣᠭᠤ᠎ᠪᠠᠷ ᠮᠠᠰᠢᠨᠲᠤ ᠲᠡᠷᠭᠡ ᠵᠢᠯᠣᠭᠤᠳᠤᠭ᠋ᠠᠳ ᠬᠦᠨᠳᠦ ᠶᠡᠭᠡ ᠵᠠᠮ ᠬᠠᠷᠢᠯᠴᠠᠭ᠋ᠠᠨ᠎ᠤ ᠭᠡᠨᠡᠳᠡᠯ ᠭᠠᠷᠭ᠋ᠠᠵᠤ᠂ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠪᠥᠭᠡᠳ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠂ ᠨᠠᠰᠤᠨ ᠲᠤᠷᠰᠢᠳᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠲᠠᠬᠢᠵᠤ ᠣᠯᠭᠤᠵᠤ ᠪᠣᠯᠬᠤ ᠦᠭᠡᠢ᠃

    ᠶᠡᠷᠡᠨ ᠬᠤᠶᠠᠳᠤᠭ᠋ᠠᠷ ᠵᠦᠢ᠍ᠯ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠲᠡᠷᠭᠡ ᠬᠥᠰᠬᠡ ᠵᠢᠨ ᠲᠡᠭᠡᠭᠡᠪᠦᠷᠢᠯᠡᠭᠰᠡᠨ ᠠᠶᠠᠨᠴᠢᠳ᠎ᠨᠢ ᠲᠣᠭᠲᠠᠭ᠋ᠠᠭᠰᠠᠨ ᠠᠶᠠᠨᠴᠢᠳ᠎ᠤᠨ ᠲᠤᠭ᠎ᠠ᠎ᠠᠴᠠ ᠬᠡᠲᠦᠷᠡᠭᠰᠡᠨ ᠪᠠᠶ᠋ᠢᠪᠠᠯ᠂ ᠬᠤᠶᠠᠷ ᠵᠠᠭᠤᠨ ᠲᠥᠭᠦᠷᠢᠭ᠎ᠠᠴᠠ ᠳᠡᠭᠡᠭᠰᠢ ᠲᠠᠪᠤᠨ ᠵᠠᠭᠤᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠲᠣᠭᠲᠠᠭ᠋ᠠᠭᠰᠠᠨ ᠠᠶᠠᠨᠴᠢᠳ᠎ᠤᠨ ᠲᠤᠭ᠎ᠠ᠎ᠠᠴᠠ ᠵᠠᠭᠤᠨ᠎ᠤ ᠬᠤᠷᠢ᠎ᠪᠠᠷ ᠬᠡᠲᠦᠷᠡᠭᠰᠡᠨ ᠪᠤᠶᠤ ᠲᠣᠭᠲᠠᠭ᠋ᠠᠯ᠎ᠢ ᠵᠥᠷᠢᠴᠡᠵᠦ ᠪᠠᠷᠠᠭ᠎ᠠ ᠲᠡᠭᠡᠭᠡᠪᠦᠷᠢᠯᠡᠭᠰᠡᠨ ᠪᠠᠶ᠋ᠢᠪᠠᠯ᠂ ᠲᠠᠪᠤᠨ ᠵᠠᠭᠤᠨ ᠲᠥᠭᠦᠷᠢᠭ᠎ᠠᠴᠠ ᠳᠡᠭᠡᠭᠰᠢ ᠬᠤᠶᠠᠷ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃

    ᠪᠠᠷᠠᠭ᠎ᠠ ᠲᠡᠭᠡᠭᠡᠪᠦᠷᠢᠯᠡᠬᠦ ᠮᠠᠰᠢᠨᠲᠤ ᠲᠡᠷᠭᠡ ᠬᠢᠨᠠᠨ ᠲᠣᠭᠲᠠᠭ᠋ᠠᠭᠰᠠᠨ ᠳᠠᠭ᠋ᠠᠭ᠋ᠠᠴᠠ ᠵᠢᠨ ᠬᠡᠮᠵᠢᠶ᠎ᠡ᠎ᠠᠴᠠ ᠬᠡᠲᠦᠷᠡᠭᠰᠡᠨ ᠪᠠᠶ᠋ᠢᠪᠠᠯ᠂ ᠬᠤᠶᠠᠷ ᠵᠠᠭᠤᠨ ᠲᠥᠭᠦᠷᠢᠭ᠎ᠠᠴᠠ ᠳᠡᠭᠡᠭᠰᠢ ᠲᠠᠪᠤᠨ ᠵᠠᠭᠤᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠢᠨᠠᠨ ᠲᠣᠭᠲᠠᠭ᠋ᠠᠭᠰᠠᠨ ᠳᠠᠭ᠋ᠠᠭ᠋ᠠᠴᠠ ᠵᠢᠨ ᠬᠡᠮᠵᠢᠶ᠎ᠡ᠎ᠠᠴᠠ ᠵᠠᠭᠤᠨ᠎ᠤ ᠭᠤᠴᠢ᠎ᠪᠠᠷ ᠬᠡᠲᠦᠷᠡᠭᠰᠡᠨ ᠪᠤᠶᠤ ᠲᠣᠭᠲᠠᠭ᠋ᠠᠯ᠎ᠢ ᠵᠥᠷᠢᠴᠡᠨ ᠠᠶᠠᠨᠴᠢᠨ᠎ᠢ ᠲᠡᠭᠡᠭᠡᠪᠦᠷᠢᠯᠡᠭᠰᠡᠨ ᠪᠠᠶ᠋ᠢᠪᠠᠯ᠂ ᠲᠠᠪᠤᠨ ᠵᠠᠭᠤᠨ ᠲᠥᠭᠦᠷᠢᠭ᠎ᠠᠴᠠ ᠳᠡᠭᠡᠭᠰᠢ ᠬᠤᠶᠠᠷ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃

   ᠡᠮᠦᠨᠡᠬᠢ ᠬᠤᠶᠠᠷ ᠪᠠᠳᠠᠭ᠎ᠲᠤ ᠳᠤᠷᠠᠳᠤᠭᠰᠠᠨ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠪᠠᠶ᠋ᠢᠳᠠᠯ ᠠᠷᠢᠯᠲᠠᠯ᠎ᠠ ᠮᠠᠰᠢᠨᠲᠤ ᠲᠡᠷᠭᠡ ᠵᠢ᠎ᠨᠢ ᠦᠯᠡᠳᠡᠭᠡᠨ ᠠᠪᠤᠨ᠎ᠠ᠃

     ᠲᠡᠭᠡᠭᠡᠪᠦᠷᠢ ᠵᠢᠨ ᠨᠢᠭᠡᠴᠢ ᠵᠢᠨ ᠲᠡᠷᠭᠡ ᠤᠨᠤᠭ᠎ᠠ᠎ᠳᠤ ᠲᠤᠰ ᠵᠦᠢ᠍ᠯ᠎ᠤᠨ ᠨᠢᠭᠡᠳᠦᠭᠡᠷ ᠪᠠᠳᠠᠭ᠂ ᠬᠤᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠵᠤ᠂ ᠰᠢᠢ᠍ᠳᠭᠡᠭᠳᠡᠭᠰᠡᠨ ᠪᠠᠶ᠋ᠢᠲᠠᠯ᠎ᠠ ᠵᠠᠰᠠᠷᠠᠬᠤ ᠦᠭᠡᠢ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠥᠮᠦᠨ᠎ᠢ ᠬᠤᠶᠠᠷ ᠮᠢᠩᠭ᠋ᠠᠨ ᠲᠥᠭᠦᠷᠢᠭ᠎ᠠᠴᠠ ᠳᠡᠭᠡᠭᠰᠢ ᠲᠠᠪᠤᠨ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃

   ᠶᠡᠷᠡᠨ ᠭᠤᠷᠪᠠᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠠᠬᠢ ᠮᠠᠰᠢᠨᠲᠤ ᠲᠡᠷᠭᠡ ᠵᠣᠭᠰᠣᠭ᠋ᠠᠬᠤ᠂ ᠳᠦᠷ ᠲᠡᠷᠭᠡ ᠵᠣᠭᠰᠣᠭ᠋ᠠᠬᠤ ᠲᠤᠬᠠᠶ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠢᠭ᠋ᠠᠨ ᠭᠠᠷᠭ᠋ᠠᠵᠤ ᠪᠣᠯᠬᠤ ᠪᠥᠭᠡᠳ ᠠᠮᠠ᠎ᠪᠠᠷ ᠰᠡᠷᠡᠮᠵᠢ ᠥᠭᠴᠦ᠂ ᠲᠡᠭᠦᠨ᠎ᠢ ᠲᠡᠷᠡ ᠳᠠᠷᠤᠶ᠎ᠳᠤ᠎ᠨᠢ ᠵᠠᠶ᠋ᠢᠯᠠᠭᠤᠯᠬᠤ᠎ᠪᠠᠷ ᠵᠠᠷᠯᠢᠭᠳᠠᠵᠤ ᠪᠣᠯᠤᠨ᠎ᠠ᠃

     ᠮᠠᠰᠢᠨᠲᠤ ᠲᠡᠷᠭᠡᠨ᠎ᠤ ᠵᠢᠯᠣᠭᠤᠴᠢ ᠬᠡᠷᠡᠭ᠎ᠤᠨ ᠳᠠᠯᠠᠪᠠᠢ᠎ᠳᠤ ᠪᠠᠶ᠋ᠢᠬᠤ ᠦᠬᠡᠢ ᠪᠤᠶᠤ ᠬᠡᠷᠡᠭ᠎ᠤᠨ ᠳᠠᠯᠠᠪᠠᠢ᠎ᠳᠤ ᠪᠠᠶ᠋ᠢᠪᠠᠴᠤ ᠲᠡᠷᠡ ᠳᠠᠷᠤᠶ᠎ᠳᠤ᠎ᠨᠢ ᠰᠠᠯᠵᠤ ᠶᠠᠪᠤᠬᠤ ᠵᠢ ᠲᠡᠪᠴᠢᠵᠦ᠂ ᠪᠤᠰᠤᠳ ᠲᠡᠷᠭᠡ ᠬᠥᠰᠬᠡ᠂ ᠶᠠᠪᠠᠭ᠋ᠠᠨ ᠬᠥᠮᠦᠨ᠎ᠤ ᠨᠡᠪᠲᠡᠷᠡᠬᠦ ᠵᠢ ᠬᠠᠷᠰᠢᠯᠠᠭᠰᠠᠨ ᠪᠠᠶ᠋ᠢᠪᠠᠯ᠂ ᠬᠤᠷᠢᠨ ᠲᠥᠭᠦᠷᠢᠭ᠎ᠠᠴᠠ ᠳᠡᠭᠡᠭᠰᠢ ᠬᠤᠶᠠᠷ ᠵᠠᠭᠤᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠬᠦ ᠪᠥᠭᠡᠳ ᠳᠤᠰ ᠮᠠᠰᠢᠨᠲᠤ ᠲᠡᠷᠭᠡ ᠵᠢ ᠵᠠᠮ ᠬᠠᠷᠢᠯᠴᠠᠭ᠎ᠠ ᠵᠢ ᠦᠯᠦ ᠬᠠᠷᠰᠢᠯᠠᠬᠤ ᠭᠠᠵᠠᠷ᠎ᠲᠤ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠭᠠᠵᠠᠷ᠎ᠲᠤ ᠴᠢᠷᠴᠦ ᠰᠢᠯᠵᠢᠭᠦᠯᠦᠨ ᠲᠠᠯᠪᠢᠵᠤ ᠪᠣᠯᠤᠨ᠎ᠠ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠡᠷᠭᠡ ᠴᠢᠷᠬᠦ᠎ᠳᠤ᠎ᠪᠠᠨ ᠲᠤᠬᠠᠶ ᠵᠢᠨ ᠬᠥᠮᠦᠨ᠎ᠠᠴᠠ ᠰᠦᠢ᠍ᠳᠬᠡᠯ ᠬᠤᠷᠢᠶᠠᠵᠤ ᠪᠣᠯᠬᠤ ᠦᠭᠡᠢ ᠪᠥᠭᠡᠳ ᠲᠡᠷᠭᠡ ᠲᠠᠯᠪᠢᠬᠤ ᠭᠠᠵᠠᠷ᠎ᠢ ᠲᠤᠬᠠᠶ ᠵᠢᠨ ᠬᠥᠮᠦᠨ᠎ᠳᠤ ᠴᠠᠭ ᠲᠤᠬᠠᠶ᠎ᠳᠤ᠎ᠨᠢ ᠮᠡᠳᠡᠭᠳᠡᠬᠦ ᠬᠡᠷᠡᠭᠲᠡᠶ᠃

    ᠵᠥᠪ ᠪᠤᠰᠤ ᠠᠷᠭ᠎ᠠ᠎ᠪᠠᠷ ᠲᠡᠷᠭᠡ ᠴᠢᠷᠦᠭᠰᠡᠨ᠎ᠠᠴᠠ ᠪᠤᠯᠵᠤ ᠮᠠᠰᠢᠨᠲᠤ ᠲᠡᠷᠭᠡ ᠵᠢ ᠡᠪᠳᠡᠵᠦ ᠰᠦᠢ᠍ᠳᠬᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃

     ᠶᠡᠷᠡᠨ ᠳᠥᠷᠪᠡᠳᠦᠭᠡᠷ ᠵᠦᠢ᠍ᠯ ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠲᠧᠭᠨᠢᠭ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ ᠪᠠᠶ᠋ᠢᠭᠤᠯᠤᠮᠵᠢ ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠲᠧᠭᠨᠢᠭ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ᠎ᠳᠤ᠎ᠪᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠦᠨ᠎ᠡ ᠬᠠᠩᠰᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠲᠣᠭᠲᠠᠭ᠋ᠠᠭᠰᠠᠨ ᠰᠦᠢ᠍ᠳᠬᠡᠯ ᠬᠤᠷᠢᠶᠠᠬᠤ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠭᠰᠠᠨ ᠪᠠᠶ᠋ᠢᠪᠠᠯ᠂ ᠢᠯᠡᠭᠦᠦ ᠬᠤᠷᠢᠶᠠᠭᠰᠠᠨ ᠰᠦᠢ᠍ᠳᠬᠡᠯ᠎ᠢ᠎ᠨᠢ ᠪᠤᠴᠠᠭ᠋ᠠᠵᠤ ᠥᠭᠬᠦ ᠪᠥᠭᠡᠳ ᠦᠨ᠎ᠡ ᠬᠠᠩᠰᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨ᠎ᠡ ᠬᠠᠩᠰᠢ ᠵᠢᠨ ᠬᠠᠤᠯᠢ》 ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃

    ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠲᠧᠭᠨᠢᠭ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ ᠪᠠᠶ᠋ᠢᠭᠤᠯᠤᠮᠵᠢ ᠮᠠᠰᠢᠨᠲᠤ ᠲᠡᠷᠭᠡ ᠵᠢᠨ ᠲᠤᠬᠠᠶ ᠤᠯᠤᠰ᠎ᠤᠨ ᠠᠮᠤᠷ ᠲᠦᠪᠰᠢᠨ᠎ᠤ ᠲᠧᠭᠨᠢᠭ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠰᠢᠯᠭ᠋ᠠᠨ ᠪᠠᠶ᠋ᠢᠴᠠᠭ᠋ᠠᠯᠲᠠ ᠬᠢᠭᠰᠡᠨ ᠦᠭᠡᠢ᠎ᠪᠠᠷ ᠬᠤᠳᠠᠯ ᠬᠠᠭᠤᠷᠮᠠᠭ ᠰᠢᠯᠭ᠋ᠠᠨ ᠪᠠᠶ᠋ᠢᠴᠠᠭ᠋ᠠᠯᠲᠠ ᠵᠢᠨ ᠦᠷ᠎ᠡ ᠳ᠋ᠦᠩ ᠭᠠᠷᠭ᠋ᠠᠭᠰᠠᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠷᠢᠶᠠᠭᠰᠠᠨ ᠰᠢᠯᠭ᠋ᠠᠨ ᠪᠠᠶ᠋ᠢᠴᠠᠭ᠋ᠠᠯᠲᠠ ᠵᠢᠨ ᠵᠠᠷᠤᠳᠠᠯ᠎ᠤᠨ ᠬᠢᠨᠢ ᠲᠠᠪᠤᠨ ᠳᠠᠬᠢᠨ᠎ᠠᠴᠠ ᠳᠡᠭᠡᠭᠰᠢ ᠠᠷᠪᠠᠨ ᠳᠠᠬᠢᠨ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠬᠦ ᠪᠥᠭᠡᠳ ᠰᠢᠯᠭ᠋ᠠᠨ ᠪᠠᠶ᠋ᠢᠴᠠᠭ᠋ᠠᠬᠤ ᠬᠢᠷᠢ ᠬᠡᠮ᠎ᠢ᠎ᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

    ᠶᠡᠷᠡᠨ ᠲᠠᠪᠤᠳᠤᠭ᠋ᠠᠷ ᠵᠦᠢ᠍ᠯ ᠵᠠᠮ᠎ᠳᠤ ᠭᠠᠷᠴᠤ ᠶᠠᠪᠤᠬᠤ ᠮᠠᠰᠢᠨᠲᠤ ᠲᠡᠷᠭᠡᠨ᠎ᠳᠤ ᠮᠠᠰᠢᠨᠲᠤ ᠲᠡᠷᠭᠡᠨ᠎ᠤ ᠨᠣᠮᠧᠷ᠎ᠤᠨ ᠫᠠᠶ᠋ᠢᠰᠠ ᠡᠯᠭᠦᠭᠰᠡᠨ ᠦᠭᠡᠶ᠂ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭ᠋ᠠᠳᠬᠠᠯ᠎ᠤᠨ ᠢᠯᠡᠳᠬᠡᠮᠵᠢ ᠳᠡᠮᠳᠡᠭ ᠲᠠᠯᠪᠢᠭᠰᠠᠨ ᠦᠬᠡᠢ ᠪᠤᠶᠤ ᠠᠶᠠᠯᠠᠨ ᠶᠠᠪᠤᠬᠤ ᠦᠨᠡᠮᠯᠡᠯ᠂ ᠵᠢᠯᠣᠭᠤᠳᠬᠤ ᠦᠨᠡᠮᠯᠡᠯ ᠵᠶ᠋ᠠᠨ ᠲᠡᠷᠭᠡᠨ᠎ᠳᠤ᠎ᠪᠠᠨ ᠠᠪᠴᠤ ᠶᠠᠪᠤᠭᠰᠠᠨ ᠦᠬᠡᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠮᠠᠰᠢᠨᠲᠤ ᠲᠡᠷᠭᠡ ᠵᠢ᠎ᠨᠢ ᠦᠯᠡᠳᠡᠭᠡᠨ ᠠᠪᠴᠤ᠂ ᠵᠣᠬᠢᠴᠠᠩᠭᠤᠶ ᠫᠠᠶ᠋ᠢᠰᠠ ᠦᠨᠡᠮᠯᠡᠯ᠂ ᠢᠯᠡᠳᠬᠡᠮᠵᠢ ᠳᠡᠮᠳᠡᠭ ᠬᠠᠩᠭ᠋ᠠᠯᠭ᠋ᠠᠬᠤ ᠪᠤᠶᠤ ᠵᠣᠬᠢᠴᠠᠩᠭᠤᠶ ᠭᠠᠷ ᠭᠦᠢ᠍ᠴᠡᠳᠬᠡᠯ ᠨᠥᠬᠦᠪᠥᠷᠢᠯᠡᠨ ᠬᠢᠯᠭᠡᠬᠦ᠎ᠪᠠᠷ ᠲᠤᠬᠠᠶ ᠵᠢᠨ ᠬᠥᠮᠦᠨ᠎ᠳᠤ ᠮᠡᠳᠡᠭᠳᠡᠬᠦ ᠬᠡᠷᠡᠭᠲᠡᠶ ᠪᠥᠭᠡᠳ ᠳᠤᠰ ᠬᠠᠤᠯᠢ ᠵᠢᠨ ᠶᠡᠷᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠰᠢᠢ᠍ᠳᠭᠡᠵᠦ ᠪᠣᠯᠤᠨ᠎ᠠ᠃ ᠲᠤᠬᠠᠶ ᠵᠢᠨ ᠬᠥᠮᠦᠨ ᠵᠣᠬᠢᠴᠠᠩᠭᠤᠶ ᠫᠠᠶ᠋ᠢᠰᠠ ᠦᠨᠡᠮᠯᠡᠯ᠂ ᠢᠯᠡᠳᠬᠡᠮᠵᠢ ᠳᠡᠮᠳᠡᠭ ᠬᠠᠩᠭ᠋ᠠᠭᠰᠠᠨ ᠪᠤᠶᠤ ᠵᠣᠬᠢᠴᠠᠩᠭᠤᠶ ᠭᠠᠷ ᠭᠦᠢ᠍ᠴᠡᠳᠬᠡᠯ ᠨᠥᠬᠦᠪᠥᠷᠢᠯᠡᠨ ᠬᠢᠭᠰᠡᠨ ᠪᠠᠶ᠋ᠢᠪᠠᠯ᠂ ᠮᠠᠰᠢᠨᠲᠤ ᠲᠡᠷᠭᠡ ᠵᠢ᠎ᠨᠢ ᠴᠠᠭ ᠲᠤᠬᠠᠶ᠎ᠳᠤ᠎ᠨᠢ ᠪᠤᠴᠠᠭ᠋ᠠᠵᠤ ᠥᠭᠬᠦ ᠬᠡᠷᠡᠭᠲᠡᠶ᠃

    ᠮᠠᠰᠢᠨᠲᠤ ᠲᠡᠷᠭᠡ ᠵᠢᠨ ᠨᠣᠮᠧᠷ᠎ᠤᠨ ᠫᠠᠶ᠋ᠢᠰᠠ ᠵᠢ ᠵᠣᠷᠢᠭᠤᠳᠠ ᠬᠠᠯᠬᠠᠯᠠᠵᠤ᠂ ᠭ᠋ᠬᠢᠷᠲᠦᠭᠦᠯᠦᠨ ᠰᠦᠢ᠍ᠳᠬᠡᠭᠰᠡᠨ ᠪᠤᠶᠤ ᠲᠣᠭᠲᠠᠭ᠋ᠠᠯ ᠶᠣᠰᠣᠭ᠋ᠠᠷ ᠲᠠᠭ᠋ᠠᠷᠠᠭᠤᠯᠤᠭᠰᠠᠨ ᠦᠬᠡᠢ ᠪᠠᠶ᠋ᠢᠪᠠᠯ᠂ ᠳᠤᠰ ᠬᠠᠤᠯᠢ ᠵᠢᠨ ᠶᠡᠷᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃

    ᠶᠡᠷᠡᠨ ᠵᠢᠷᠭᠤᠳᠤᠭ᠋ᠠᠷ ᠵᠦᠢ᠍ᠯ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ᠎ᠤᠨ ᠫᠠᠶ᠋ᠢᠰᠠ᠂ ᠠᠶᠠᠯᠠᠨ ᠶᠠᠪᠤᠬᠤ ᠦᠨᠡᠮᠯᠡᠯ᠂ ᠵᠢᠯᠣᠭᠤᠳᠬᠤ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ᠎ᠤᠨ ᠫᠠᠶ᠋ᠢᠰᠠ᠂ ᠠᠶᠠᠯᠠᠨ ᠶᠠᠪᠤᠬᠤ ᠦᠨᠡᠮᠯᠡᠯ᠂ ᠵᠢᠯᠣᠭᠤᠳᠬᠤ ᠦᠨᠡᠮᠯᠡᠯ᠎ᠢ ᠬᠡᠷᠡᠭᠯᠡᠭᠰᠡᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠷᠢᠶᠠᠨ ᠠᠪᠴᠤ᠂ ᠲᠤᠰ ᠮᠠᠰᠢᠨᠲᠤ ᠲᠡᠷᠭᠡ ᠵᠢ ᠦᠯᠡᠳᠡᠭᠡᠨ ᠠᠪᠴᠤ᠂ ᠠᠷᠪᠠᠨ ᠲᠠᠪᠤᠨ ᠡᠳᠦᠷ᠎ᠠᠴᠠ ᠳᠣᠭᠤᠭᠰᠢ ᠲᠦᠷ ᠬᠤᠷᠢᠬᠤ᠎ᠪᠠᠷ ᠰᠢᠢ᠍ᠳᠭᠡᠵᠦ᠂ ᠬᠤᠶᠠᠷ ᠮᠢᠩᠭ᠋ᠠᠨ ᠲᠥᠭᠦᠷᠢᠭ᠎ᠠᠴᠠ ᠳᠡᠭᠡᠭᠰᠢ ᠲᠠᠪᠤᠨ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

    ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭ᠋ᠠᠳᠬᠠᠯ᠎ᠤᠨ ᠢᠯᠡᠳᠬᠡᠮᠵᠢ ᠳᠡᠮᠳᠡᠭ᠎ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭ᠋ᠠᠳᠬᠠᠯ᠎ᠤᠨ ᠢᠯᠡᠳᠬᠡᠮᠵᠢ ᠳᠡᠮᠳᠡᠭ᠎ᠢ ᠬᠡᠷᠡᠭᠯᠡᠭᠰᠡᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠷᠢᠶᠠᠨ ᠠᠪᠴᠤ᠂ ᠲᠤᠰ ᠮᠠᠰᠢᠨᠲᠤ ᠲᠡᠷᠭᠡ ᠵᠢ ᠦᠯᠡᠳᠡᠭᠡᠨ ᠠᠪᠴᠤ᠂ ᠠᠷᠪᠠᠨ ᠡᠳᠦᠷ᠎ᠠᠴᠠ ᠳᠣᠭᠤᠭᠰᠢ ᠲᠦᠷ ᠬᠤᠷᠢᠬᠤ᠎ᠪᠠᠷ ᠰᠢᠢ᠍ᠳᠭᠡᠵᠦ᠂ ᠮᠢᠩᠭ᠋ᠠᠨ ᠲᠥᠭᠦᠷᠢᠭ᠎ᠠᠴᠠ ᠳᠡᠭᠡᠭᠰᠢ ᠭᠤᠷᠪᠠᠨ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

    ᠪᠤᠰᠤᠳ ᠲᠡᠷᠭᠡ ᠵᠢᠨ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ᠎ᠤᠨ ᠫᠠᠶ᠋ᠢᠰᠠ᠂ ᠠᠶᠠᠯᠠᠨ ᠶᠠᠪᠤᠬᠤ ᠦᠨᠡᠮᠯᠡᠯ᠂ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭ᠋ᠠᠳᠬᠠᠯ᠎ᠤᠨ ᠢᠯᠡᠳᠬᠡᠮᠵᠢ ᠳᠡᠮᠳᠡᠭ᠎ᠢ ᠬᠡᠷᠡᠭᠯᠡᠭᠰᠡᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠷᠢᠶᠠᠨ ᠠᠪᠴᠤ᠂ ᠳᠤᠰ ᠮᠠᠰᠢᠨᠲᠤ ᠲᠡᠷᠭᠡ ᠵᠢ ᠦᠯᠡᠳᠡᠭᠡᠨ ᠠᠪᠴᠤ᠂ ᠬᠤᠶᠠᠷ ᠮᠢᠩᠭ᠋ᠠᠨ ᠲᠥᠭᠦᠷᠢᠭ᠎ᠠᠴᠠ ᠳᠡᠭᠡᠭᠰᠢ ᠲᠠᠪᠤᠨ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠃

    ᠲᠤᠬᠠᠶ ᠵᠢᠨ ᠬᠥᠮᠦᠨ᠎ᠨᠢ ᠵᠣᠬᠢᠴᠠᠩᠭᠤᠶ ᠬᠠᠤᠯᠢ ᠶᠣᠰᠣᠨ᠎ᠤ ᠭᠡᠷᠡᠴᠢ ᠪᠢᠴᠢᠭ ᠬᠠᠩᠭ᠋ᠠᠭᠰᠠᠨ ᠪᠤᠶᠤ ᠵᠣᠬᠢᠴᠠᠩᠭᠤᠶ ᠭᠠᠷ ᠭᠦᠢ᠍ᠴᠡᠳᠬᠡᠯ᠎ᠢ ᠨᠥᠬᠦᠪᠥᠷᠢᠯᠡᠨ ᠬᠢᠭᠰᠡᠨ ᠪᠠᠶ᠋ᠢᠪᠠᠯ᠂ ᠮᠠᠰᠢᠨᠲᠤ ᠲᠡᠷᠭᠡ ᠵᠢ᠎ᠨᠢ ᠴᠠᠭ ᠲᠤᠬᠠᠶ᠎ᠳᠤ᠎ᠨᠢ ᠪᠤᠴᠠᠭ᠋ᠠᠵᠤ ᠥᠭᠬᠦ ᠬᠡᠷᠡᠭᠲᠡᠶ᠃

    ᠶᠡᠷᠡᠨ ᠳᠣᠯᠣᠳᠤᠭ᠋ᠠᠷ ᠵᠦᠢ᠍ᠯ ᠰᠡᠷᠡᠮᠵᠢ ᠵᠢᠨ ᠳᠤᠬᠢᠶᠠᠨ᠎ᠤ ᠡᠭᠦᠰᠬᠡᠭᠦᠷ᠂ ᠢᠯᠡᠳᠬᠡᠮᠵᠢ ᠳᠡᠮᠳᠡᠭ᠎ᠤᠨ ᠳ᠋ᠧᠩ᠎ᠤᠨ ᠵᠦᠢ᠍ᠯ᠎ᠢ ᠬᠠᠤᠯᠢ ᠪᠤᠰᠤ᠎ᠪᠠᠷ ᠤᠭᠰᠠᠷᠠᠭᠰᠠᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠯᠪᠠᠳᠠᠯᠭ᠎ᠠ᠎ᠪᠠᠷ ᠰᠠᠯᠭ᠋ᠠᠨ ᠠᠷᠢᠯᠭ᠋ᠠᠭ᠋ᠠᠳ᠂ ᠬᠤᠷᠢᠶᠠᠨ ᠠᠪᠴᠤ᠂ ᠬᠤᠶᠠᠷ ᠵᠠᠭᠤᠨ ᠲᠥᠭᠦᠷᠢᠭ᠎ᠠᠴᠠ ᠳᠡᠭᠡᠭᠰᠢ ᠬᠤᠶᠠᠷ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃

    ᠶᠡᠷᠡᠨ ᠨᠠᠢ᠍ᠮᠠᠳᠤᠭ᠋ᠠᠷ ᠵᠦᠢ᠍ᠯ ᠮᠠᠰᠢᠨᠲᠤ ᠲᠡᠷᠭᠡ ᠵᠢᠨ ᠥᠮᠴᠢᠯᠡᠭᠴᠢ᠂ ᠬᠠᠮᠢᠶᠠᠷᠤᠭᠴᠢ᠎ᠨᠢ ᠤᠯᠤᠰ᠎ᠤᠨ ᠲᠣᠭᠲᠠᠭ᠋ᠠᠯ ᠶᠣᠰᠣᠭ᠋ᠠᠷ ᠮᠠᠰᠢᠨᠲᠤ ᠲᠡᠷᠭᠡ ᠵᠢᠨ ᠭᠤᠷᠪᠠᠳᠤᠭ᠋ᠠᠷ ᠡᠲᠡᠭᠡᠳ᠎ᠤᠨ ᠬᠠᠷᠢᠭᠤᠴᠠᠯᠭ᠎ᠠ ᠵᠢᠨ ᠠᠯᠪᠠᠳᠠᠯᠭ᠎ᠠ ᠵᠢᠨ ᠳᠠᠭ᠋ᠠᠳᠬᠠᠯ᠎ᠢ ᠳᠠᠭ᠋ᠠᠳᠬᠠᠭᠤᠯᠤᠭᠰᠠᠨ ᠦᠭᠡᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠣᠭᠲᠠᠭ᠋ᠠᠯ ᠶᠣᠰᠣᠭ᠋ᠠᠷ ᠳᠠᠭ᠋ᠠᠳᠬᠠᠭᠤᠯᠬᠤ ᠪᠣᠯᠲᠠᠯ᠎ᠠ ᠲᠡᠷᠭᠡ ᠵᠢ᠎ᠨᠢ ᠦᠯᠡᠳᠡᠭᠡᠨ ᠠᠪᠬᠤ ᠵᠢᠨ ᠬᠠᠮᠲᠤ ᠲᠣᠭᠲᠠᠭ᠋ᠠᠭᠰᠠᠨ ᠳᠠᠭ᠋ᠠᠳᠬᠠᠭᠤᠯᠬᠤ ᠨᠠᠭ᠋ᠠᠳᠤ ᠵᠠᠬ᠎ᠠ ᠵᠢᠨ ᠬᠠᠷᠢᠭᠤᠴᠠᠯᠭ᠎ᠠ ᠵᠢᠨ ᠬᠢᠵᠠᠭ᠋ᠠᠷ ᠲᠤᠭ᠎ᠠ ᠶᠣᠰᠣᠭ᠋ᠠᠷ ᠲᠤᠰᠢᠶᠠᠬᠤ ᠶᠣᠰᠣᠲᠠᠶ ᠳᠠᠭ᠋ᠠᠳᠬᠠᠯ᠎ᠤᠨ ᠵᠠᠷᠤᠳᠠᠯ᠎ᠤᠨ ᠬᠢᠨᠢ ᠬᠤᠶᠠᠷ ᠳᠠᠬᠢᠨ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃

    ᠡᠮᠦᠨᠡᠬᠢ ᠪᠠᠳᠠᠭ᠎ᠤᠨ ᠶᠣᠰᠣᠭ᠋ᠠᠷ ᠲᠤᠰᠢᠶᠠᠭᠰᠠᠨ ᠲᠣᠷᠭ᠋ᠠᠭᠤᠯᠢ ᠵᠢᠨ ᠵᠣᠭᠤᠰ᠎ᠢ ᠪᠥᠬᠦᠳᠡ ᠵᠢ ᠵᠠᠮ ᠬᠠᠷᠢᠯᠴᠠᠭ᠋ᠠᠨ᠎ᠤ ᠭᠡᠨᠡᠳᠡᠯ᠎ᠤᠨ ᠨᠡᠶ᠋ᠢᠭᠡᠮ᠎ᠤᠨ ᠠᠪᠤᠷᠠᠨ ᠲᠤᠰᠠᠯᠠᠬᠤ ᠰᠠᠭᠤᠷᠢ ᠮᠥᠩᠭᠦ᠎ᠳᠤ ᠣᠷᠣᠭᠤᠯᠤᠨ᠎ᠠ᠃ ᠪᠣᠳᠠᠲᠠᠶ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠤᠭᠳᠠᠭ᠋ᠠᠨ᠎ᠠ᠃

    ᠶᠡᠷᠡ ᠶᠢᠰᠦᠳᠦᠭᠡᠷ ᠵᠦᠢ᠍ᠯ ᠲᠣᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠶᠠᠷ ᠵᠠᠭᠤᠨ ᠲᠥᠭᠦᠷᠢᠭ᠎ᠠᠴᠠ ᠳᠡᠭᠡᠭᠰᠢ ᠬᠤᠶᠠᠷ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠄

    (ᠨᠢᠭᠡ) ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠤᠭᠰᠠᠨ ᠦᠭᠡᠢ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠵᠶ᠋ᠠᠨ ᠬᠤᠷᠢᠶᠠᠭᠳᠠᠨ ᠬᠦᠴᠦᠨ ᠦᠭᠡᠢ ᠪᠣᠯᠭ᠋ᠠᠭᠳᠠᠭᠰᠠᠨ ᠪᠤᠶᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠳᠦᠷ ᠦᠯᠡᠳᠡᠭᠡᠵᠦ ᠠᠪᠤᠭᠰᠠᠨ ᠬᠤᠭᠤᠴᠠᠭ᠋ᠠᠨ᠎ᠳᠤ ᠮᠠᠰᠢᠨᠲᠤ ᠲᠡᠷᠭᠡ ᠵᠢᠯᠣᠭᠤᠳᠤᠭᠰᠠᠨ;

    (ᠬᠤᠶᠠᠷ) ᠮᠠᠰᠢᠨᠲᠤ ᠲᠡᠷᠭᠡ᠎ᠪᠠᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠤᠭᠰᠠᠨ ᠦᠬᠡᠢ ᠪᠤᠶᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠵᠶ᠋ᠠᠨ ᠬᠤᠷᠢᠶᠠᠭᠳᠠᠨ ᠬᠦᠴᠦᠨ ᠦᠬᠡᠢ ᠪᠣᠯᠭ᠋ᠠᠭᠳᠠᠭᠰᠠᠨ᠂ ᠳᠦᠷ ᠦᠯᠡᠳᠡᠭᠡᠵᠦ ᠠᠪᠤᠭᠰᠠᠨ ᠬᠥᠮᠦᠨ᠎ᠳᠤ ᠥᠭᠴᠦ ᠵᠢᠯᠣᠭᠤᠳᠣᠭᠤᠯᠤᠭᠰᠠᠨ;

     (ᠭᠤᠷᠪᠠ) ᠵᠠᠮ ᠬᠠᠷᠢᠯᠴᠠᠭ᠋ᠠᠨ᠎ᠤ ᠭᠡᠨᠡᠳᠡᠯ ᠭᠠᠷᠭ᠋ᠠᠭᠰᠠᠨ᠎ᠤ ᠲᠠᠷᠠᠭ᠎ᠠ ᠳᠤᠲᠠᠭ᠋ᠠᠭᠰᠠᠨ ᠪᠣᠯᠪᠠᠴᠤ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠭᠡᠢ;

     (ᠲᠦᠷᠪᠡ) ᠮᠠᠰᠢᠨᠲᠤ ᠲᠡᠷᠭᠡ᠎ᠨᠢ ᠲᠣᠭᠲᠠᠭ᠋ᠠᠭᠰᠠᠨ ᠴᠠᠭ᠎ᠤᠨ ᠬᠤᠷᠳᠤᠴᠠ᠎ᠠᠴᠠ ᠵᠠᠭᠤᠨ᠎ᠤ ᠲᠠᠪᠢ᠎ᠪᠠᠷ ᠳᠠᠪᠠᠭᠰᠠᠨ;

     (ᠲᠠᠪᠤ) ᠮᠠᠰᠢᠨᠲᠤ ᠲᠡᠷᠭᠡᠨ᠎ᠤ ᠵᠢᠯᠣᠭᠤᠴᠢ ᠵᠢ ᠠᠯᠪᠠᠳᠠᠵᠤ ᠪᠠᠶ᠋ᠢᠭ᠋ᠠᠳ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠮᠠᠰᠢᠨᠲᠤ ᠲᠡᠷᠭᠡ ᠵᠢ ᠠᠶᠤᠯᠭᠦᠶ᠎ᠪᠠᠷ ᠵᠢᠯᠣᠭᠤᠳᠬᠤ ᠱᠠᠭ᠋ᠠᠷᠳᠠᠯᠭ᠎ᠠ᠎ᠠᠴᠠ ᠵᠥᠷᠢᠴᠡᠭᠦᠯᠦᠨ ᠮᠠᠰᠢᠨᠲᠤ ᠲᠡᠷᠭᠡ ᠵᠢᠯᠣᠭᠤᠳᠣᠭᠤᠯᠵᠤ᠂ ᠵᠠᠮ ᠬᠠᠷᠢᠯᠴᠠᠭ᠋ᠠᠨ᠎ᠤ ᠭᠡᠨᠡᠳᠡᠯ ᠭᠠᠷᠭ᠋ᠠᠭᠰᠠᠨ ᠪᠣᠯᠪᠠᠴᠤ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠬᠡᠢ;

    (ᠵᠢᠷᠭᠤᠭ᠎ᠠ) ᠵᠡᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠤᠯᠲᠠ ᠵᠢᠨ ᠲᠣᠭᠲᠠᠭ᠋ᠠᠯ᠎ᠢ ᠵᠥᠷᠢᠴᠡᠨ ᠠᠯᠪᠠ᠎ᠪᠠᠷ ᠶᠠᠪᠤᠭ᠋ᠠᠳ ᠢᠳᠬᠠᠨ ᠬᠤᠷᠢᠭᠯᠠᠬᠤ ᠵᠢ ᠤᠢ᠍ᠯᠦ ᠰᠣᠨᠣᠰᠤᠭᠰᠠᠨ;

    (ᠲᠤᠯᠤᠭ᠎ᠠ) ᠵᠡᠮ ᠬᠠᠷᠢᠯᠴᠠᠭ᠋ᠠᠨ᠎ᠤ ᠲᠥᠬᠦᠭᠡᠷᠦᠮᠵᠢ ᠵᠢ ᠵᠣᠷᠢᠭᠤᠳᠠ ᠡᠪᠳᠡᠵᠦ ᠰᠦᠢ᠍ᠳᠬᠡᠭᠰᠡᠨ᠂ ᠰᠢᠯᠵᠢᠭᠦᠯᠦᠭᠰᠡᠨ᠂ ᠪᠠᠯᠠᠯᠤᠨ ᠥᠭᠡᠷᠡᠲᠦᠭᠦᠯᠦᠭᠡᠳ ᠬᠤᠣᠷ ᠬᠥᠨᠥᠭᠡᠯ ᠤᠴᠠᠷᠠᠭᠤᠯᠤᠭᠰᠠᠨ ᠪᠣᠯᠪᠠᠴᠤ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢ᠍ᠭᠡᠢ;

    (ᠨᠠᠢ᠍ᠮᠠ) ᠮᠠᠰᠢᠨ ᠲᠡᠷᠭᠡ ᠵᠢ ᠬᠠᠤᠯᠢ ᠪᠤᠰᠤ᠎ᠪᠠᠷ ᠬᠠᠰᠢᠵᠤ᠂ ᠬᠤᠴᠣᠷᠭ᠋ᠠᠨ ᠠᠪᠴᠤ᠂ ᠢᠳᠬᠠᠨ ᠬᠤᠷᠢᠭᠯᠠᠬᠤ ᠵᠢ ᠰᠣᠨᠣᠰᠬᠤ ᠤᠢ᠍ᠭᠡᠢ᠎ᠠᠴᠠ ᠪᠤᠯᠵᠦ ᠵᠡᠮ ᠬᠠᠷᠢᠯᠴᠠᠭ᠎ᠠ ᠵᠢ ᠬᠦᠨᠳᠦ ᠨᠣᠴᠢᠲᠠᠶ ᠪᠥᠭᠯᠡᠷᠡᠭᠦᠯᠦᠭᠰᠡᠨ ᠪᠤᠶᠤ ᠨᠡᠯᠢᠶᠡᠳ ᠶᠡᠭᠡ ᠡᠳ᠋ ᠬᠦᠷᠦᠩᠭᠡ ᠵᠢᠨ ᠬᠤᠬᠢᠷᠠᠯ ᠤᠴᠠᠷᠠᠭᠤᠯᠤᠭᠰᠠᠨ᠃

    ᠦᠢ᠍ᠯᠡ ᠠᠵᠢᠯᠯᠠᠭ᠋ᠠᠳᠠᠨ᠎ᠳᠤ ᠡᠮᠦᠨᠡᠬᠢ ᠪᠠᠳᠠᠭ᠎ᠤᠨ ᠬᠤᠶᠠᠳᠤᠭ᠋ᠠᠷ ᠵᠤᠷᠪᠤᠰ᠂ ᠳᠥᠷᠪᠡᠳᠦᠭᠡᠷ ᠵᠤᠷᠪᠤᠰ᠎ᠤᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠨᠢᠭᠡᠳᠦᠭᠡᠷ ᠵᠤᠷᠪᠤᠰ᠂ ᠭᠤᠷᠪᠠᠳᠤᠭ᠋ᠠᠷ ᠵᠤᠷᠪᠤᠰ᠂ ᠲᠠᠪᠤᠳᠤᠭ᠋ᠠᠷ ᠵᠤᠷᠪᠤᠰ᠎ᠠᠴᠠ ᠨᠠᠢ᠍ᠮᠠᠳᠤᠭ᠋ᠠᠷ ᠵᠤᠷᠪᠤᠰ ᠬᠦᠷᠲᠡᠯᠡᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠠᠷᠪᠠᠨ ᠲᠠᠪᠤᠨ ᠡᠳᠦᠷ᠎ᠠᠴᠠ ᠳᠣᠭᠤᠭᠰᠢ ᠲᠦᠷ ᠬᠤᠷᠢᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ᠃

     ᠵᠠᠭᠤᠳᠤᠭ᠋ᠠᠷ ᠵᠦᠢ᠍ᠯ ᠨᠡᠶ᠋ᠢᠯᠡᠭᠦᠯᠵᠦ ᠤᠭᠰᠠᠷᠠᠭᠰᠠᠨ ᠮᠠᠰᠢᠨᠲᠤ ᠲᠡᠷᠭᠡ ᠪᠤᠶᠤ ᠬᠡᠷᠡᠭᠴᠡᠭᠡ᠎ᠠᠴᠠ ᠭᠠᠷᠭ᠋ᠠᠬᠤ ᠪᠠᠷᠢᠮᠵᠢᠶ᠎ᠠ᠎ᠳᠤ ᠨᠢᠭᠡᠨᠲᠡ ᠬᠦᠷᠦᠭᠰᠡᠨ ᠮᠠᠰᠢᠨᠲᠤ ᠲᠡᠷᠭᠡ ᠵᠢ ᠵᠢᠯᠣᠭᠤᠳᠴᠤ ᠵᠠᠮ᠎ᠳᠤ ᠭᠠᠷᠴᠤ ᠶᠠᠪᠤᠭᠰᠠᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠷᠢᠶᠠᠨ ᠠᠪᠴᠤ᠂ ᠠᠯᠪᠠᠳᠠᠯᠭ᠎ᠠ᠎ᠪᠠᠷ ᠬᠡᠷᠡᠭᠴᠡᠭᠡ᠎ᠠᠴᠠ ᠭᠠᠷᠭ᠋ᠠᠭᠤᠯᠬᠤ ᠬᠡᠷᠡᠭᠲᠡᠶ᠃

    ᠡᠮᠦᠨᠡᠬᠢ ᠪᠠᠳᠠᠭ᠎ᠲᠤ ᠵᠢᠭᠰᠠᠭ᠋ᠠᠭᠰᠠᠨ ᠮᠠᠰᠢᠨᠲᠤ ᠲᠡᠷᠭᠡ ᠵᠢ ᠵᠢᠯᠣᠭᠤᠳᠴᠤ ᠵᠠᠮ᠎ᠳᠤ ᠭᠠᠷᠴᠤ ᠶᠠᠪᠤᠭᠰᠠᠨ ᠵᠢᠯᠣᠭᠤᠴᠢ ᠵᠢ ᠬᠤᠶᠠᠷ ᠵᠠᠭᠤᠨ ᠲᠥᠭᠦᠷᠢᠭ᠎ᠠᠴᠠ ᠳᠡᠭᠡᠭᠰᠢ ᠬᠤᠶᠠᠷ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠬᠦ ᠪᠥᠭᠡᠳ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃

    ᠬᠡᠷᠡᠭᠴᠡᠭᠡ᠎ᠠᠴᠠ ᠭᠠᠷᠭ᠋ᠠᠬᠤ ᠪᠠᠷᠢᠮᠵᠢᠶ᠎ᠠ᠎ᠳᠤ ᠨᠢᠭᠡᠨᠲᠡ ᠬᠦᠷᠦᠭᠰᠡᠨ ᠮᠠᠰᠢᠨᠲᠤ ᠲᠡᠷᠭᠡ ᠵᠢ ᠬᠤᠳᠠᠯᠳᠤᠭᠰᠠᠨ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠴᠤ᠂ ᠪᠣᠷᠣᠯᠠᠭᠤᠯᠤᠭᠰᠠᠨ ᠵᠣᠭᠤᠰ᠎ᠤᠨ ᠲᠤᠭ᠎ᠠ᠎ᠲᠠᠢ᠎ᠨᠢ ᠲᠡᠩᠴᠡᠭᠦᠦ ᠲᠣᠭ᠋ᠠᠨ᠎ᠤ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ᠂ ᠳᠤᠰ ᠮᠠᠰᠢᠨᠲᠤ ᠲᠡᠷᠭᠡ ᠵᠢ ᠳᠤᠰ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃

    ᠵᠠᠭᠤ ᠨᠢᠭᠡᠳᠦᠭᠡᠷ ᠵᠦᠢ᠍ᠯ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠥᠷᠢᠴᠡᠵᠦ᠂ ᠬᠦᠨᠳᠦ ᠶᠡᠭᠡ ᠵᠠᠮ ᠬᠠᠷᠢᠯᠴᠠᠭ᠋ᠠᠨ᠎ᠤ ᠭᠡᠨᠡᠳᠡᠯ ᠭᠠᠷᠭ᠋ᠠᠵᠤ᠂ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠪᠥᠭᠡᠳ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃

     ᠵᠠᠮ ᠬᠠᠷᠢᠯᠴᠠᠭ᠋ᠠᠨ᠎ᠤ ᠭᠡᠨᠡᠳᠡᠯ ᠭᠠᠷᠭ᠋ᠠᠭᠰᠠᠨ᠎ᠤ ᠳᠠᠷᠠᠭ᠎ᠠ ᠳᠤᠲᠠᠭ᠋ᠠᠭᠰᠠᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠂ ᠲᠡᠷᠡᠴᠢᠯᠡᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠨᠠᠰᠤᠨ ᠲᠤᠷᠰᠢᠳᠠ ᠳᠠᠬᠢᠵᠤ ᠣᠯᠭᠤᠵᠤ ᠪᠣᠯᠬᠤ ᠦᠭᠡᠢ᠃

    ᠵᠠᠭᠤ ᠬᠤᠶᠠᠳᠤᠭ᠋ᠠᠷ ᠵᠦᠢ᠍ᠯ ᠵᠢᠷᠭᠤᠭ᠋ᠠᠨ ᠰᠠᠷ᠎ᠠ ᠵᠢᠨ ᠳᠣᠲᠣᠷ᠎ᠠ ᠬᠤᠶᠠᠷ ᠤᠳᠠᠭ᠎ᠠ᠎ᠠᠴᠠ ᠳᠡᠭᠡᠭᠰᠢ ᠣᠨᠴᠠ ᠶᠡᠭᠡ ᠵᠠᠮ ᠬᠠᠷᠢᠯᠴᠠᠭ᠋ᠠᠨ᠎ᠤ ᠭᠡᠨᠡᠳᠡᠯ ᠭᠠᠷᠭ᠋ᠠᠭᠰᠠᠨ ᠶᠠᠪᠤᠳᠠᠯ᠎ᠳᠤ ᠭᠤᠣᠯ ᠬᠠᠷᠢᠭᠤᠴᠠᠯᠭ᠎ᠠ᠎ᠲᠠᠢ ᠪᠤᠶᠤ ᠪᠦᠬᠦ ᠬᠠᠷᠢᠭᠤᠴᠠᠯᠭ᠎ᠠ᠎ᠲᠠᠢ ᠲᠤᠰᠬᠠᠶ ᠲᠡᠭᠡᠭᠡᠪᠦᠷᠢ ᠵᠢᠨ ᠨᠢᠭᠡᠴᠢ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠠᠮᠤᠷ ᠲᠦᠪᠰᠢᠨ᠎ᠤ ᠳᠠᠯᠳᠠ ᠭᠡᠮ᠎ᠢ᠎ᠨᠢ ᠠᠷᠢᠯᠭ᠋ᠠᠭᠤᠯᠤᠨ᠎ᠠ᠂ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠭᠰᠠᠨ ᠦᠭᠡᠢ ᠮᠠᠰᠢᠨᠲᠤ ᠲᠡᠷᠭᠡ ᠵᠢᠨ ᠵᠠᠮ᠎ᠳᠤ ᠭᠠᠷᠴᠤ ᠶᠠᠪᠤᠬᠤ ᠵᠢ ᠴᠠᠭ᠋ᠠᠵᠠᠯᠠᠨ᠎ᠠ᠃

    ᠵᠠᠭᠤ ᠭᠤᠷᠪᠠᠳᠤᠭ᠋ᠠᠷ ᠵᠦᠢ᠍ᠯ ᠤᠯᠤᠰ᠎ᠤᠨ ᠮᠠᠰᠢᠨᠲᠤ ᠲᠡᠷᠭᠡ ᠵᠢᠨ ᠦᠢ᠍ᠯᠡᠳᠬᠦᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠮᠠᠰᠢᠨᠲᠤ ᠲᠡᠷᠭᠡ ᠵᠢᠨ ᠲᠤᠬᠠᠶ ᠤᠯᠤᠰ᠎ᠤᠨ ᠠᠮᠤᠷ ᠲᠦᠪᠰᠢᠨ᠎ᠤ ᠲᠤᠬᠠᠶ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠴᠢᠩᠭ᠎ᠠ ᠬᠢᠨᠠᠨ ᠪᠠᠶ᠋ᠢᠴᠠᠭ᠋ᠠᠭᠰᠠᠨ ᠦᠭᠡᠢ᠎ᠪᠠᠷ ᠬᠢᠷᠢ ᠲᠡᠩᠴᠡᠬᠦ ᠦᠭᠡᠢ ᠮᠠᠰᠢᠨᠲᠤ ᠲᠡᠷᠭᠡ ᠵᠢᠨ ᠬᠡᠯᠪᠡᠷᠢ ᠵᠢ ᠦᠢ᠍ᠯᠡᠳᠪᠦᠷᠢᠯᠡᠯ᠎ᠳᠤ ᠣᠷᠣᠭᠤᠯᠬᠤ ᠵᠢ ᠵᠥᠪᠰᠢᠶᠡᠷᠡᠭᠰᠡᠨ ᠪᠠᠶ᠋ᠢᠪᠠᠯ᠂ ᠬᠠᠷᠢᠭᠤᠴᠠᠯᠭ᠎ᠠ ᠪᠦᠬᠦᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠵᠡᠷᠭᠡ ᠳᠡᠰ᠎ᠢ᠎ᠨᠢ ᠪᠠᠭᠤᠷᠠᠭᠤᠯᠬᠤ ᠪᠤᠶᠤ ᠲᠤᠰᠢᠶᠠᠯ᠎ᠠᠴᠠ᠎ᠨᠢ ᠤᠭᠴᠠᠷᠠᠭᠤᠯᠬᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ᠃

    ᠮᠠᠰᠢᠨᠲᠤ ᠲᠡᠷᠭᠡ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠤᠯᠤᠰ᠎ᠤᠨ ᠮᠠᠰᠢᠨᠲᠤ ᠲᠡᠷᠭᠡᠨ᠎ᠤ ᠦᠢ᠍ᠯᠡᠳᠬᠦᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ ᠵᠶ᠋ᠠᠷ ᠦᠢ᠍ᠯᠡᠳᠪᠦᠷᠢᠯᠡᠭᠰᠡᠨ ᠮᠠᠰᠢᠨᠲᠤ ᠲᠡᠷᠭᠡᠨ᠎ᠤ ᠬᠡᠯᠪᠡᠷᠢ ᠮᠠᠰᠢᠨᠲᠤ ᠲᠡᠷᠭᠡ ᠵᠢᠨ ᠲᠤᠬᠠᠶ ᠤᠯᠤᠰ᠎ᠤᠨ ᠠᠮᠤᠷ ᠲᠦᠪᠰᠢᠨ᠎ᠤ ᠲᠤᠬᠠᠶ ᠲᠧᠭᠨᠢᠭ ᠮᠡᠷᠭᠡᠵᠢᠯ᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠦᠬᠡᠢ ᠪᠤᠶᠤ ᠮᠠᠰᠢᠨᠲᠤ ᠲᠡᠷᠭᠡ ᠵᠢᠨ ᠪᠦᠲᠦᠭᠡᠭᠳᠡᠬᠦᠨ᠎ᠤ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ ᠵᠢ ᠴᠢᠩᠭ᠎ᠠ ᠬᠢᠭᠰᠡᠨ ᠦᠬᠡᠢ᠎ᠠᠴᠠ ᠪᠤᠯᠵᠤ᠂ ᠶᠠᠰᠤ ᠴᠢᠨᠠᠷ᠎ᠨᠢ ᠬᠢᠷᠢ ᠳᠡᠩᠴᠡᠬᠦ ᠦᠬᠡᠢ ᠮᠠᠰᠢᠨᠲᠤ ᠲᠡᠷᠭᠡ ᠵᠢ ᠦᠢ᠍ᠯᠡᠳᠪᠦᠷᠢ᠎ᠠᠴᠠ ᠭᠠᠷᠭ᠋ᠠᠵᠤ ᠪᠣᠷᠣᠯᠠᠭᠤᠯᠤᠭᠰᠠᠨ ᠪᠠᠶ᠋ᠢᠪᠠᠯ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠢ᠍ᠯᠡᠳᠬᠦᠨ᠎ᠤ ᠶᠠᠰᠤ ᠴᠢᠨᠠᠷ᠎ᠤᠨ ᠬᠠᠤᠯᠢ》 ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃

    ᠤᠯᠤᠰ᠎ᠤᠨ ᠮᠠᠰᠢᠨᠲᠤ ᠲᠡᠷᠭᠡ ᠵᠢᠨ ᠦᠢ᠍ᠯᠡᠳᠬᠦᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠤᠭᠰᠠᠨ ᠦᠭᠡᠢ᠎ᠪᠠᠷ ᠦᠢ᠍ᠯᠡᠳᠪᠦᠷᠢᠯᠡᠬᠦ ᠮᠠᠰᠢᠨᠲᠤ ᠲᠡᠷᠭᠡ ᠵᠢᠨ ᠬᠡᠯᠪᠡᠷᠢ ᠵᠢ ᠳᠤᠷ᠎ᠠ᠎ᠪᠠᠷ ᠵᠶ᠋ᠠᠨ ᠦᠢ᠍ᠯᠡᠳᠪᠦᠷᠢᠯᠡᠵᠦ ᠪᠣᠷᠣᠯᠠᠭᠤᠯᠤᠭᠰᠠᠨ ᠪᠠᠶ᠋ᠢᠪᠠᠯ᠂ ᠬᠠᠤᠯᠢ ᠪᠤᠰᠤ᠎ᠪᠠᠷ ᠦᠢ᠍ᠯᠡᠳᠪᠦᠷᠢᠯᠡᠵᠦ ᠪᠣᠷᠣᠯᠠᠭᠤᠯᠤᠭᠰᠠᠨ ᠮᠠᠰᠢᠨᠲᠤ ᠲᠡᠷᠭᠡ ᠵᠢᠨ ᠪᠦᠲᠦᠭᠡᠭᠳᠡᠬᠦᠨ ᠵᠢᠴᠢ ᠰᠡᠯᠪᠢᠭ ᠲᠤᠨᠤᠭ᠎ᠢ᠎ᠨᠢ ᠬᠤᠷᠢᠶᠠᠨ ᠠᠪᠬᠤ ᠪᠥᠭᠡᠳ ᠬᠠᠤᠯᠢ ᠪᠤᠰᠤ ᠦᠢ᠍ᠯᠡᠳᠬᠦᠨ᠎ᠤ ᠦᠷᠳᠡᠭ᠎ᠤᠨ ᠬᠢᠨᠢ ᠭᠤᠷᠪᠠᠨ ᠳᠠᠬᠢᠨ᠎ᠠᠴᠠ ᠳᠡᠭᠡᠭᠰᠢ ᠲᠠᠪᠤᠨ ᠳᠠᠬᠢᠨ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠡᠵᠡᠩᠨᠡᠯᠲᠡ ᠵᠢᠨ ᠦᠨᠡᠮᠯᠡᠯ᠎ᠲᠠᠢ ᠪᠣᠯ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠡᠵᠡᠩᠨᠡᠯᠲᠡ ᠵᠢᠨ ᠦᠨᠡᠮᠯᠡᠯ᠎ᠢ᠎ᠨᠢ ᠬᠤᠷᠢᠶᠡᠠ ᠠᠪᠴᠤ ᠬᠦᠴᠦᠨ ᠤᠢ᠍ᠭᠡᠢ ᠪᠣᠯᠭ᠋ᠠᠨ᠎ᠠ᠂ ᠡᠵᠡᠩᠨᠡᠯᠲᠡ ᠵᠢᠨ ᠦᠨᠡᠮᠯᠡᠯ ᠤᠢ᠍ᠭᠡᠢ ᠪᠣᠯ ᠪᠠᠶ᠋ᠢᠴᠠᠭ᠋ᠠᠨ ᠪᠢᠲᠡᠭᠦᠮᠵᠢᠯᠡᠨ᠎ᠡ᠃

    ᠨᠡᠶ᠋ᠢᠯᠡᠭᠦᠯᠵᠦ ᠤᠭᠰᠠᠷᠠᠭᠰᠠᠨ ᠮᠠᠰᠢᠨᠲᠤ ᠲᠡᠷᠭᠡ ᠵᠢ ᠦᠢ᠍ᠯᠡᠳᠪᠦᠷᠢᠯᠡᠭᠰᠡᠨ᠂ ᠪᠣᠷᠣᠯᠠᠭᠤᠯᠤᠭᠰᠠᠨ ᠪᠤᠶᠤ ᠳᠤᠷ᠎ᠠ᠎ᠪᠠᠷ ᠵᠶ᠋ᠠᠨ ᠥᠭᠡᠷᠡᠴᠢᠯᠡᠨ ᠲᠣᠨᠣᠭᠯᠠᠭᠰᠠᠨ ᠮᠠᠰᠢᠨᠲᠤ ᠲᠡᠷᠭᠡ ᠵᠢ ᠦᠢ᠍ᠯᠡᠳᠪᠦᠷᠢᠯᠡᠭᠰᠡᠨ᠂ ᠪᠣᠷᠣᠯᠠᠭᠤᠯᠤᠭᠰᠠᠨ ᠪᠠᠶ᠋ᠢᠪᠠᠯ᠂ ᠲᠤᠰ ᠵᠦᠢ᠍ᠯ᠎ᠤᠨ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃

    ᠲᠤᠰ ᠵᠦᠢ᠍ᠯ᠎ᠤᠨ ᠬᠤᠶᠠᠳᠤᠭ᠋ᠠᠷ ᠪᠠᠳᠠᠭ᠂ ᠭᠤᠷᠪᠠᠳᠤᠭ᠋ᠠᠷ ᠪᠠᠳᠠᠭ᠂ ᠳᠥᠷᠪᠡᠳᠦᠭᠡᠷ ᠪᠠᠳᠠᠭ᠎ᠲᠤ ᠵᠢᠭᠰᠠᠭ᠋ᠠᠭᠰᠠᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠲᠠᠢ ᠪᠠᠶ᠋ᠢᠵᠤ᠂ ᠮᠠᠰᠢᠨᠲᠤ ᠲᠡᠷᠭᠡ ᠵᠢᠨ ᠲᠤᠬᠠᠶ ᠤᠯᠤᠰ᠎ᠤᠨ ᠠᠮᠤᠷ ᠲᠦᠪᠰᠢᠨ᠎ᠤ ᠲᠤᠬᠠᠶ ᠲᠧᠭᠨᠢᠭ ᠮᠡᠷᠭᠡᠵᠢᠯ᠎ᠤᠨ ᠪᠠᠷᠢᠮᠵᠢᠶ᠎ᠠ᠎ᠳᠤ ᠦᠯᠦ ᠨᠡᠶ᠋ᠢᠴᠡᠬᠦ ᠮᠠᠰᠢᠨᠲᠤ ᠲᠡᠷᠭᠡ ᠵᠢ ᠦᠢ᠍ᠯᠡᠳᠪᠦᠷᠢᠯᠡᠭᠰᠡᠨ ᠪᠤᠶᠤ ᠪᠣᠷᠣᠯᠠᠭᠤᠯᠤᠭ᠋ᠠᠳ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

    ᠵᠠᠭᠤ ᠳᠥᠷᠪᠡᠳᠦᠭᠡᠷ ᠵᠦᠢ᠍ᠯ ᠵᠥᠪᠰᠢᠶᠡᠷᠡᠭᠦᠯᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠵᠠᠮ᠎ᠢ ᠤᠬᠤᠵᠤ ᠮᠠᠯᠲᠠᠭᠰᠠᠨ᠂ ᠵᠠᠮ᠎ᠢ ᠡᠵᠡᠯᠡᠨ ᠬᠡᠷᠡᠭᠯᠡᠵᠦ ᠪᠠᠷᠢᠯᠭ᠎ᠠ ᠪᠠᠷᠢᠭᠰᠠᠨ ᠪᠤᠶᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠨᠥᠯᠥᠭᠡᠯᠡᠬᠦ ᠪᠤᠰᠤᠳ ᠠᠵᠢᠯᠯᠠᠭ᠎ᠠ ᠵᠢ ᠬᠢᠭᠰᠡᠨ ᠪᠠᠶ᠋ᠢᠪᠠᠯ᠂ ᠵᠠᠮ ᠬᠠᠷᠢᠯᠴᠠᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠬᠤ ᠵᠢᠨ ᠬᠠᠮᠲᠤ ᠤᠤᠯ᠎ᠤᠨ ᠪᠠᠶ᠋ᠢᠳᠠᠯ᠎ᠢ᠎ᠨᠢ ᠰᠡᠷᠭᠦᠭᠡᠯᠭᠡᠬᠦ ᠪᠥᠭᠡᠳ ᠬᠠᠤᠯᠢ ᠶᠣᠰᠣᠭ᠋ᠠᠷ ᠵᠣᠭᠤᠰ ᠵᠶ᠋ᠠᠷ ᠲᠣᠷᠭ᠋ᠠᠵᠤ ᠪᠣᠯᠤᠨ᠎ᠠ; ᠵᠠᠮ ᠨᠡᠪᠲᠡᠷᠡᠯᠭᠡ ᠵᠢᠨ ᠬᠥᠮᠦᠰ᠂ ᠲᠡᠷᠭᠡ ᠬᠥᠰᠬᠡ ᠵᠢᠴᠢ ᠪᠤᠰᠤᠳ ᠡᠳ᠋ ᠬᠦᠷᠦᠩᠭᠡ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃

    ᠡᠮᠦᠨᠡᠬᠢ ᠪᠠᠳᠠᠭ᠎ᠲᠤ ᠳᠤᠷᠠᠳᠤᠭᠰᠠᠨ ᠦᠢ᠍ᠯᠡ ᠠᠵᠢᠯᠯᠠᠭ᠎ᠠ᠎ᠲᠠᠢ ᠪᠠᠶ᠋ᠢᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠠᠵᠢᠯᠯᠠᠭ᠎ᠠ ᠵᠢ ᠨᠥᠯᠥᠭᠡᠯᠡᠭᠰᠡᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠵᠠᠮ ᠬᠠᠷᠢᠯᠴᠠᠭ᠎ᠠ ᠵᠢ ᠦᠳᠲᠡᠷ ᠲᠦᠷᠭᠡᠨ ᠰᠡᠷᠭᠦᠭᠡᠨ᠎ᠡ᠃

    ᠵᠠᠭᠤ ᠲᠠᠪᠤᠳᠤᠭ᠋ᠠᠷ ᠵᠦᠢ᠍ᠯ ᠵᠠᠮ᠎ᠤᠨ ᠪᠠᠷᠢᠯᠭ᠎ᠠ ᠵᠢᠨ ᠠᠵᠢᠯ ᠪᠤᠶᠤ ᠵᠠᠮ ᠡᠪᠳᠡᠷᠡᠵᠦ ᠰᠦᠢ᠍ᠳᠦᠭᠰᠡᠨ ᠪᠠᠶ᠋ᠢᠳᠠᠯ ᠭᠠᠷᠪᠠᠯ᠂ ᠴᠠᠭ ᠲᠤᠬᠠᠶ᠎ᠳᠤ᠎ᠨᠢ ᠰᠡᠷᠡᠮᠵᠢ ᠵᠢᠨ ᠲᠡᠮᠳᠡᠭ ᠲᠠᠯᠪᠢᠭᠰᠠᠨ ᠦᠭᠡᠶ᠂ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠶ᠂ ᠡᠰᠡᠬᠦᠯ᠎ᠡ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠵᠢ ᠲᠠᠭ᠋ᠠᠷᠠᠭᠤᠯᠬᠤ ᠶᠣᠰᠣᠲᠠᠶ ᠪᠠᠶ᠋ᠢᠲᠠᠯ᠎ᠠ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠂ ᠵᠠᠮ ᠬᠠᠷᠢᠯᠴᠠᠭ᠋ᠠᠨ᠎ᠤ ᠳᠡᠮᠳᠡᠭ ᠵᠢᠷᠤᠭ᠋ᠠᠰᠤ ᠵᠢ ᠪᠠᠶ᠋ᠢᠷᠢᠯᠠᠭᠤᠯᠤᠭᠰᠠᠨ ᠦᠬᠡᠢ ᠪᠤᠶᠤ ᠴᠠᠭ ᠲᠤᠬᠠᠶ᠎ᠳᠤ᠎ᠨᠢ ᠬᠤᠪᠢᠷᠠᠭᠤᠯᠬᠤ ᠶᠣᠰᠣᠲᠠᠶ ᠪᠠᠶ᠋ᠢᠲᠠᠯ᠎ᠠ ᠴᠠᠭ ᠲᠤᠬᠠᠶ᠎ᠳᠤ᠎ᠨᠢ ᠬᠤᠪᠢᠷᠠᠭᠤᠯᠤᠭᠰᠠᠨ ᠦᠬᠡᠢ᠎ᠠᠴᠠ ᠪᠤᠯᠵᠤ ᠵᠠᠮ ᠨᠡᠪᠲᠡᠷᠡᠯᠭᠡ ᠵᠢᠨ ᠬᠥᠮᠦᠰ᠂ ᠲᠡᠷᠭᠡ ᠬᠥᠰᠬᠡ ᠵᠢᠴᠢ ᠪᠤᠰᠤᠳ ᠡᠳ᠋ ᠬᠦᠷᠦᠩᠭᠡ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠭ᠎ᠠ ᠨᠢᠭᠡᠴᠢ᠎ᠨᠢ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃

    ᠵᠠᠭᠤ ᠵᠢᠷᠭᠤᠳᠤᠭ᠋ᠠᠷ ᠵᠦᠢ᠍ᠯ ᠵᠠᠮ᠎ᠤᠨ ᠬᠤᠶᠠᠷ ᠲᠠᠯ᠎ᠠ ᠵᠢᠴᠢ ᠲᠤᠰᠠᠭ᠋ᠠᠷᠯᠠᠬᠤ ᠪᠦᠰᠡ ᠳᠡᠭᠡᠷ᠎ᠡ ᠮᠣᠳᠣ᠂ ᠪᠤᠰᠤᠳ ᠤᠷᠭᠤᠮᠠᠯ ᠲᠠᠷᠢᠬᠤ ᠪᠤᠶᠤ ᠵᠠᠷ᠎ᠤᠨ ᠫᠠᠶ᠋ᠢᠰᠠ᠂ ᠬᠤᠭᠤᠯᠠᠶ ᠤᠲᠠᠰᠤ ᠵᠡᠷᠭᠡ ᠵᠢ ᠪᠠᠶ᠋ᠢᠷᠢᠯᠠᠭᠤᠯᠬᠤ᠎ᠳᠤ᠎ᠪᠠᠨ ᠵᠠᠮ᠎ᠤᠨ ᠳ᠋ᠧᠩ᠂ ᠵᠠᠮ ᠬᠠᠷᠢᠯᠴᠠᠭ᠋ᠠᠨ᠎ᠤ ᠳᠤᠬᠢᠶᠠᠨ ᠳ᠋ᠧᠩ᠂ ᠵᠠᠮ ᠬᠠᠷᠢᠯᠴᠠᠭ᠋ᠠᠨ᠎ᠤ ᠢᠯᠡᠳᠬᠡᠮᠵᠢ ᠳᠡᠮᠳᠡᠭ᠎ᠢ ᠬᠠᠯᠬᠠᠯᠠᠵᠤ᠂ ᠠᠮᠤᠷ ᠲᠦᠪᠰᠢᠨ᠎ᠤ ᠬᠠᠷᠠᠭ᠋ᠠᠨ ᠵᠠᠶ ᠵᠢ ᠬᠠᠷᠰᠢᠯᠠᠭᠰᠠᠨ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠦᠢ᠍ᠯᠡ ᠠᠵᠢᠯᠯᠠᠭ᠋ᠠᠳᠠᠨ᠎ᠢ ᠵᠠᠷᠯᠢᠭᠳᠠᠵᠤ ᠪᠠᠶ᠋ᠢᠭ᠋ᠠᠳ ᠬᠠᠷᠰᠢ ᠰᠠᠭ᠋ᠠᠳ᠎ᠢ᠎ᠨᠢ ᠠᠷᠢᠯᠭ᠋ᠠᠭᠤᠯᠤᠨ᠎ᠠ; ᠭᠦᠢ᠍ᠴᠡᠳᠬᠡᠬᠦ ᠵᠢ ᠲᠡᠪᠴᠢᠭᠰᠡᠨ ᠪᠠᠶ᠋ᠢᠪᠠᠯ᠂ ᠬᠤᠶᠠᠷ ᠵᠠᠭᠤᠨ ᠲᠥᠭᠦᠷᠢᠭ᠎ᠠᠴᠠ ᠳᠡᠭᠡᠭᠰᠢ ᠬᠤᠶᠠᠷ ᠮᠢᠩᠭ᠋ᠠᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠭᠡᠬᠦ ᠪᠥᠭᠡᠳ ᠬᠠᠷᠰᠢ ᠰᠠᠭ᠋ᠠᠳ᠎ᠢ ᠠᠯᠪᠠᠳᠠᠨ ᠠᠷᠢᠯᠭ᠋ᠠᠭᠤᠯᠵᠤ᠂ ᠬᠡᠷᠡᠭᠰᠡᠬᠦ ᠵᠠᠷᠤᠳᠠᠯ᠎ᠢ ᠦᠢ᠍ᠯᠡ ᠠᠵᠢᠯᠯᠠᠭ᠋ᠠᠳᠠᠨ ᠡᠭᠦᠷᠭᠡᠯᠡᠨ᠎ᠡ᠃

    ᠵᠠᠭᠤ ᠳᠣᠯᠣᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠋ᠠᠲᠤ ᠬᠥᠮᠦᠨ᠎ᠢ ᠳᠣᠩᠭᠤᠳᠬᠤ᠂ ᠬᠤᠶᠠᠷ ᠵᠠᠭᠤᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠳᠤ ᠵᠠᠮ ᠬᠠᠷᠢᠯᠴᠠᠭ᠋ᠠᠨ᠎ᠤ ᠴᠠᠭᠳᠠᠭ᠎ᠠ ᠲᠤᠬᠠᠶ ᠵᠢᠨ ᠭᠠᠵᠠᠷ᠎ᠲᠤ᠎ᠨᠢ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠲᠣᠭᠲᠠᠭ᠋ᠠᠯ ᠭᠠᠷᠭ᠋ᠠᠵᠤ ᠪᠣᠯᠬᠤ ᠪᠥᠭᠡᠳ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠲᠣᠭᠲᠠᠭ᠋ᠠᠯ᠎ᠤᠨ ᠪᠢᠴᠢᠭ ᠭᠠᠷᠭ᠋ᠠᠵᠤ ᠥᠭᠭᠦᠨ᠎ᠡ᠃

    ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠣᠭᠲᠠᠭ᠋ᠠᠯ᠎ᠤᠨ ᠪᠢᠴᠢᠭ᠎ᠲᠤ ᠲᠤᠬᠠᠶ ᠵᠢᠨ ᠬᠥᠮᠦᠨ᠎ᠤ ᠬᠠᠤᠯᠢ ᠵᠢ ᠵᠥᠷᠢᠴᠡᠭᠰᠡᠨ ᠪᠣᠳᠠᠲᠤ ᠬᠡᠷᠡᠭ᠂ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠦᠨᠳᠦᠰᠦ ᠪᠠᠷᠢᠮᠲᠠ᠂ ᠰᠢᠢ᠍ᠳᠭᠡᠯ᠎ᠤᠨ ᠠᠭᠤᠯᠭ᠎ᠠ᠂ ᠴᠠᠭ᠂ ᠭᠠᠵᠠᠷ ᠵᠢᠴᠢ ᠰᠢᠢ᠍ᠳᠭᠡᠯ᠎ᠤᠨ ᠪᠠᠶ᠋ᠢᠭᠤᠯᠭ᠎ᠠ ᠵᠢᠨ ᠨᠡᠷᠡᠶ᠋ᠢᠳᠦᠯ᠎ᠢ ᠲᠣᠳᠣᠷᠬᠠᠶ ᠪᠢᠴᠢᠬᠦ ᠵᠢᠨ ᠬᠠᠮᠲᠤ ᠬᠠᠤᠯᠢ ᠬᠡᠷᠡᠭᠵᠢᠭᠦᠯᠦᠭᠴᠢ ᠭᠠᠷ᠎ᠤᠨ ᠦᠰᠦᠭ ᠵᠢᠷᠤᠬᠤ ᠪᠤᠶᠤ ᠲᠠᠮᠠᠭ᠎ᠠ᠎ᠪᠠᠨ ᠳᠠᠷᠤᠬᠤ ᠬᠡᠷᠡᠭᠲᠡᠶ᠃

    ᠵᠠᠭᠤ ᠨᠠᠢ᠍ᠮᠠᠳᠤᠭ᠋ᠠᠷ ᠵᠦᠢ᠍ᠯ ᠲᠤᠬᠠᠶ ᠵᠢᠨ ᠬᠥᠮᠦᠨ ᠵᠣᠭᠤᠰ ᠵᠶ᠋ᠠᠷ ᠲᠣᠷᠭ᠋ᠠᠬᠤ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠣᠭᠲᠠᠭ᠋ᠠᠯ᠎ᠤᠨ ᠪᠢᠴᠢᠭ᠎ᠢ ᠣᠯᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠵᠢᠭ᠋ᠠᠨ ᠲᠣᠭᠲᠠᠭ᠋ᠠᠭᠰᠠᠨ ᠪᠠᠩᠬᠢ᠎ᠳᠤ ᠣᠴᠢᠵᠤ ᠲᠣᠷᠭ᠋ᠠᠭᠤᠯᠢ ᠵᠢᠨ ᠵᠣᠭᠤᠰ ᠵᠶ᠋ᠠᠨ ᠲᠤᠰᠢᠶᠠᠬᠤ

ᠬᠡᠷᠡᠭᠲᠡᠶ᠃

    ᠶᠠᠪᠠᠭ᠋ᠠᠨ ᠬᠥᠮᠦᠨ᠂ ᠲᠡᠷᠭᠡᠨ᠎ᠳᠤ ᠰᠠᠭᠤᠭᠴᠢ ᠪᠠ ᠮᠠᠰᠢᠨᠲᠤ ᠪᠤᠰᠤ ᠲᠡᠷᠭᠡᠨ᠎ᠤ ᠵᠢᠯᠣᠭᠤᠴᠢ ᠵᠢ ᠵᠣᠭᠤᠰ ᠵᠶ᠋ᠠᠷ ᠲᠣᠷᠭ᠋ᠠᠬᠤ᠎ᠳᠤ ᠲᠤᠬᠠᠶ ᠵᠢᠨ ᠬᠥᠮᠦᠨ᠎ᠨᠢ ᠣᠨᠳᠣᠣ ᠰᠠᠨᠠᠯ ᠦᠭᠡᠢ ᠪᠠᠶ᠋ᠢᠪᠠᠯ᠂ ᠲᠤᠬᠠᠶ ᠵᠢᠨ ᠲᠠᠯᠠᠪᠤᠷ᠎ᠲᠤ᠎ᠨᠢ ᠲᠣᠷᠭ᠋ᠠᠭᠤᠯᠢ ᠵᠢᠨ ᠵᠣᠭᠤᠰ᠎ᠢ ᠬᠤᠷᠢᠶᠠᠨ ᠠᠪᠴᠤ ᠪᠣᠯᠤᠨ᠎ᠠ᠃

    ᠵᠣᠭᠤᠰ ᠵᠶ᠋ᠠᠷ ᠲᠣᠷᠭ᠋ᠠᠬᠤ᠎ᠳᠤ᠎ᠪᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠨᠢᠭᠡᠳᠦᠯᠲᠡᠶ ᠦᠢ᠍ᠯᠡᠳᠴᠦ ᠲᠠᠷᠬᠠᠭ᠋ᠠᠭᠰᠠᠨ ᠵᠣᠭᠤᠰ ᠵᠶ᠋ᠠᠷ ᠲᠣᠷᠭ᠋ᠠᠬᠤ ᠪᠠᠷᠢᠮᠲᠠ ᠬᠢᠵᠦ ᠥᠭᠬᠦ ᠬᠡᠷᠡᠭᠲᠡᠶ; ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠨᠢᠭᠡᠳᠦᠯᠲᠡᠶ ᠦᠢ᠍ᠯᠡᠳᠴᠦ ᠲᠠᠷᠬᠠᠭ᠋ᠠᠭᠰᠠᠨ ᠵᠣᠭᠤᠰ ᠵᠶ᠋ᠠᠷ ᠲᠣᠷᠭ᠋ᠠᠬᠤ ᠪᠠᠷᠢᠮᠲᠠ ᠵᠢ ᠭᠠᠷᠭ᠋ᠠᠵᠤ ᠥᠭᠬᠦ ᠦᠭᠡᠢ ᠪᠠᠶ᠋ᠢᠪᠠᠯ᠂ ᠲᠤᠬᠠᠶ ᠵᠢᠨ ᠬᠥᠮᠦᠨ᠎ᠨᠢ ᠲᠣᠷᠭ᠋ᠠᠭᠤᠯᠢ ᠵᠢᠨ ᠵᠣᠭᠤᠰ ᠲᠤᠰᠢᠶᠠᠬᠤ ᠵᠢ ᠲᠡᠪᠴᠢᠬᠦ ᠡᠷᠬᠡ᠎ᠲᠠᠢ᠃

    ᠵᠠᠭᠤ ᠶᠢᠰᠦᠳᠦᠭᠡᠷ ᠵᠦᠢ᠍ᠯ ᠲᠤᠬᠠᠶ ᠵᠢᠨ ᠬᠥᠮᠦᠨ ᠬᠤᠭᠤᠴᠠᠭ᠎ᠠ ᠬᠡᠲᠦᠷᠡᠲᠡᠯ᠎ᠡ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠣᠭᠲᠠᠭ᠋ᠠᠯ᠎ᠢ ᠭᠦᠢ᠍ᠴᠡᠳᠬᠡᠬᠦ ᠦᠭᠡᠢ ᠪᠠᠶ᠋ᠢᠪᠠᠯ᠂ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠣᠭᠲᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠴᠤ ᠪᠣᠯᠤᠨ᠎ᠠ᠄

    (ᠨᠢᠭᠡ) ᠬᠤᠭᠤᠴᠠᠭ᠎ᠠ ᠲᠤᠯᠤᠭᠰᠠᠨ ᠪᠠᠶ᠋ᠢᠲᠠᠯ᠎ᠠ ᠲᠣᠷᠭ᠋ᠠᠭᠤᠯᠢ ᠵᠢᠨ ᠵᠣᠭᠤᠰ᠎ᠢ ᠲᠤᠰᠢᠶᠠᠬᠤ ᠦᠭᠡᠢ ᠪᠠᠶ᠋ᠢᠪᠠᠯ᠂ ᠡᠳᠦᠷ ᠪᠦᠷᠢ ᠲᠣᠷᠭ᠋ᠠᠭᠤᠯᠢ ᠵᠢᠨ ᠵᠣᠭᠤᠰ᠎ᠤᠨ ᠲᠣᠭ᠋ᠠᠨ᠎ᠤ ᠬᠢᠨᠢ ᠵᠠᠭᠤᠨ᠎ᠤ ᠭᠤᠷᠪᠠ᠎ᠪᠠᠷ ᠵᠣᠭᠤᠰ ᠵᠶ᠋ᠠᠷ ᠨᠡᠮᠡᠵᠦ ᠲᠣᠷᠭ᠋ᠠᠨ᠎ᠠ;

    (ᠬᠤᠶᠠᠷ) ᠠᠷᠠᠳ᠎ᠤᠨ ᠰᠢᠭᠦᠬᠦ ᠬᠤᠷᠢᠶᠠᠨ᠎ᠳᠤ ᠭᠤᠶᠤᠴᠢᠯᠠᠵᠤ ᠠᠯᠪᠠᠳᠠᠨ ᠭᠦᠢ᠍ᠴᠡᠳᠬᠡᠭᠦᠯᠬᠦ᠃

    ᠵᠠᠭᠤ ᠠᠷᠪᠠᠳᠤᠭ᠋ᠠᠷ ᠵᠦᠢ᠍ᠯ ᠡᠭᠦᠷᠭᠡ ᠲᠤᠰᠢᠶᠠᠯ ᠭᠦᠢ᠍ᠴᠡᠳᠬᠡᠵᠦ ᠪᠠᠶ᠋ᠢᠭ᠎ᠠ ᠵᠠᠮ ᠬᠠᠷᠢᠯᠴᠠᠭ᠋ᠠᠨ᠎ᠤ ᠴᠠᠭᠳᠠᠭ᠎ᠠ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠋ᠠᠲᠤ ᠬᠥᠮᠦᠨ᠎ᠳᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠳᠦᠷ ᠦᠯᠡᠳᠡᠭᠡᠵᠦ ᠠᠪᠬᠤ ᠪᠤᠶᠤ ᠬᠤᠷᠢᠶᠠᠨ ᠠᠪᠴᠤ ᠬᠦᠴᠦᠨ ᠦᠬᠡᠢ ᠪᠣᠯᠭ᠋ᠠᠬᠤ ᠰᠢᠢ᠍ᠳᠭᠡᠯ ᠥᠭᠬᠦ ᠬᠡᠷᠡᠭᠲᠡᠶ ᠭᠡᠵᠦ ᠦᠵᠡᠪᠡᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠤᠷᠢᠳᠠᠪᠠᠷ ᠦᠯᠡᠳᠡᠭᠡᠨ ᠠᠪᠬᠤ ᠵᠢᠨ ᠬᠠᠮᠲᠤ ᠬᠡᠷᠡᠭ᠎ᠢ ᠬᠤᠷᠢᠨ ᠲᠦᠷᠪᠡᠨ ᠴᠠᠭ᠎ᠤᠨ ᠳᠣᠲᠣᠷ᠎ᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠵᠦ ᠪᠣᠯᠤᠨ᠎ᠠ᠃

    ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠋ᠠᠲᠤ ᠬᠥᠮᠦᠨ ᠠᠷᠪᠠᠨ ᠲᠠᠪᠤᠨ ᠡᠳᠦᠷ᠎ᠤᠨ ᠳᠣᠲᠣᠷ᠎ᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠦᠷᠴᠦ ᠰᠢᠢ᠍ᠳᠪᠦᠷᠢᠯᠡᠯᠳᠡ ᠵᠢ ᠬᠦᠯᠢᠶᠡᠬᠦ ᠬᠡᠷᠡᠭᠲᠡᠶ᠃ ᠵᠦᠢ ᠶᠣᠰᠣᠨ᠎ᠤ ᠤᠴᠢᠷ ᠰᠢᠯᠲᠠᠭ᠋ᠠᠨ ᠦᠬᠡᠢ᠎ᠪᠠᠷ ᠬᠤᠭᠤᠴᠠᠭ᠎ᠠ ᠬᠡᠲᠦᠷᠡᠲᠡᠯ᠎ᠡ ᠰᠢᠢ᠍ᠳᠪᠦᠷᠢᠯᠡᠬᠦ ᠵᠢ ᠬᠦᠯᠢᠶᠡᠨ ᠠᠪᠤᠭᠰᠠᠨ ᠦᠬᠡᠢ ᠪᠠᠶ᠋ᠢᠪᠠᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠬᠡᠢ ᠪᠣᠯᠭ᠋ᠠᠨ᠎ᠠ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠳᠦᠷ ᠦᠯᠡᠳᠡᠭᠡᠵᠦ ᠠᠪᠬᠤ ᠪᠤᠶᠤ ᠬᠤᠷᠢᠶᠠᠨ ᠠᠪᠴᠤ ᠬᠦᠴᠦᠨ ᠦᠬᠡᠢ ᠪᠣᠯᠭ᠋ᠠᠬᠤ᠎ᠳᠤ ᠬᠦᠷᠪᠡᠯ᠂ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠣᠭᠲᠠᠭ᠋ᠠᠯ᠎ᠤᠨ ᠪᠢᠴᠢᠭ ᠬᠢᠵᠦ ᠥᠭᠬᠦ ᠬᠡᠷᠡᠭᠲᠡᠶ᠃

    ᠵᠠᠭᠤ ᠠᠷᠪᠠᠨ ᠨᠢᠭᠡᠳᠦᠭᠡᠷ ᠵᠦᠢ᠍ᠯ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠳ᠎ᠲᠤ ᠲᠦᠷ ᠬᠤᠷᠢᠬᠤ ᠵᠠᠰᠠᠭ ᠵᠠᠬᠢᠷᠭ᠋ᠠᠨ᠎ᠤ ᠰᠢᠢ᠍ᠳᠭᠡᠯ᠎ᠢ ᠰᠢᠶᠠᠨ᠂ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠪᠤᠶᠤ ᠰᠢᠶᠠᠨ᠎ᠤ ᠱᠠᠲᠤ᠎ᠲᠠᠢ ᠲᠡᠩᠴᠡᠬᠦ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠯᠭ᠎ᠠ᠎ᠠᠴᠠ ᠲᠠᠰᠤᠯᠤᠨ ᠲᠣᠭᠲᠠᠭ᠋ᠠᠨ᠎ᠠ᠃

    ᠵᠠᠭᠤ ᠠᠷᠪᠠᠨ ᠬᠤᠶᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠵᠢ ᠪᠠᠷᠢᠵᠤ ᠦᠯᠡᠳᠡᠭᠡᠬᠦ᠎ᠳᠤ᠎ᠪᠠᠨ ᠲᠤᠬᠠᠶ ᠵᠢᠨ ᠲᠠᠯᠠᠪᠤᠷ᠎ᠲᠤ᠎ᠨᠢ ᠭᠡᠷᠡᠴᠢ ᠪᠠᠷᠢᠮᠲᠠ ᠭᠠᠷᠭ᠋ᠠᠵᠤ ᠥᠭᠬᠦ ᠬᠡᠷᠡᠭᠲᠡᠶ ᠪᠥᠭᠡᠳ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠦᠷᠴᠦ ᠰᠢᠢ᠍ᠳᠪᠦᠷᠢᠯᠡᠯᠳᠡ ᠵᠢ ᠬᠦᠯᠢᠶᠡᠯᠭᠡᠬᠦ᠎ᠪᠠᠷ ᠲᠤᠬᠠᠶ ᠵᠢᠨ ᠬᠥᠮᠦᠨ᠎ᠳᠤ ᠮᠡᠳᠡᠭᠳᠡᠬᠦ ᠬᠡᠷᠡᠭᠲᠡᠶ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠤᠴᠣᠷᠭ᠋ᠠᠨ ᠠᠪᠤᠭᠰᠠᠨ ᠲᠡᠷᠭᠡ ᠵᠢ ᠰᠠᠶ᠋ᠢᠲᠤᠷ ᠬᠠᠳᠠᠭ᠋ᠠᠯᠠᠨ ᠬᠠᠮᠢᠶᠠᠷᠬᠤ ᠬᠡᠷᠡᠭᠲᠡᠶ᠂ ᠬᠡᠷᠡᠭᠯᠡᠵᠦ ᠪᠣᠯᠬᠤ ᠦᠭᠡᠢ᠃

    ᠬᠤᠭᠤᠴᠠᠭ᠎ᠠ ᠬᠡᠲᠦᠷᠡᠲᠡᠯ᠎ᠡ ᠰᠢᠢ᠍ᠳᠪᠦᠷᠢᠯᠡᠭᠦᠯᠬᠦ᠎ᠪᠠᠷ ᠢᠷᠡᠬᠦ ᠦᠭᠡᠢ ᠪᠥᠭᠡᠳ ᠵᠠᠷᠯᠠᠨ ᠨᠡᠶ᠋ᠢᠲᠡᠯᠡᠭᠡᠳ ᠭᠤᠷᠪᠠᠨ ᠰᠠᠷ᠎ᠠ ᠪᠣᠯᠲᠠᠯ᠎ᠠ ᠮᠥᠨ ᠰᠢᠢ᠍ᠳᠪᠦᠷᠢᠯᠡᠭᠦᠯᠬᠦ᠎ᠪᠠᠷ ᠢᠷᠡᠬᠦ ᠦᠭᠡᠢ ᠪᠠᠶ᠋ᠢᠪᠠᠯ᠂ ᠬᠤᠴᠣᠷᠭ᠋ᠠᠨ ᠠᠪᠤᠭᠰᠠᠨ ᠲᠡᠷᠭᠡ ᠬᠥᠰᠬᠡ ᠵᠢ ᠬᠠᠤᠯᠢ ᠶᠣᠰᠣᠭ᠋ᠠᠷ ᠰᠢᠢ᠍ᠳᠪᠦᠷᠢᠯᠡᠨ᠎ᠡ᠃

    ᠵᠠᠭᠤ ᠠᠷᠪᠠᠨ ᠭᠤᠷᠪᠠᠳᠤᠭ᠋ᠠᠷ ᠵᠦᠢ᠍ᠯ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠳᠦᠷ ᠦᠯᠡᠳᠡᠭᠡᠵᠦ ᠠᠪᠬᠤ ᠬᠤᠭᠤᠴᠠᠭ᠎ᠠ ᠵᠢ ᠰᠢᠢ᠍ᠳᠭᠡᠯ ᠥᠭᠬᠦ ᠲᠣᠭᠲᠠᠭ᠋ᠠᠯ ᠬᠦᠴᠦᠨ᠎ᠲᠠᠢ ᠪᠣᠯᠤᠭᠰᠠᠨ ᠡᠳᠦᠷ᠎ᠠᠴᠠ ᠡᠬᠢᠯᠡᠵᠦ ᠪᠤᠳᠤᠨ᠎ᠠ; ᠰᠢᠢ᠍ᠳᠭᠡᠯ ᠥᠭᠬᠦ ᠲᠣᠭᠲᠠᠭ᠋ᠠᠯ ᠬᠦᠴᠦᠨ᠎ᠲᠠᠢ ᠪᠣᠯᠬᠤ᠎ᠠᠴᠠ ᠡᠮᠦᠨ᠎ᠡ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠤᠷᠢᠳᠠᠪᠠᠷ ᠦᠯᠡᠳᠡᠭᠡᠵᠦ ᠠᠪᠤᠭᠰᠠᠨ ᠪᠠᠶ᠋ᠢᠪᠠᠯ᠂ ᠦᠯᠡᠳᠡᠭᠡᠵᠦ ᠠᠪᠤᠭᠰᠠᠨ ᠨᠢᠭᠡ ᠡᠳᠦᠷ᠎ᠢ ᠳᠦᠷ ᠦᠯᠡᠳᠡᠭᠡᠵᠦ ᠠᠪᠬᠤ ᠬᠤᠭᠤᠴᠠᠭ᠎ᠠ ᠵᠢᠨ ᠨᠢᠭᠡ ᠡᠳᠦᠷ ᠵᠶ᠋ᠠᠷ ᠰᠠᠭᠤᠯᠭ᠋ᠠᠨ ᠪᠣᠳᠤᠨ᠎ᠠ᠃

    ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠬᠡᠢ ᠪᠣᠯᠭ᠋ᠠᠭᠰᠠᠨ᠎ᠤ ᠳᠠᠷᠠᠭ᠎ᠠ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠳᠠᠬᠢᠵᠤ ᠭᠤᠶᠤᠴᠢᠯᠠᠨ ᠠᠪᠬᠤ ᠬᠤᠭᠤᠴᠠᠭ᠎ᠠ ᠵᠢ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃

     ᠵᠠᠭᠤ ᠠᠷᠪᠠᠨ ᠳᠥᠷᠪᠡᠳᠦᠭᠡᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠮ ᠬᠠᠷᠢᠯᠴᠠᠭ᠋ᠠᠨ᠎ᠤ ᠮᠡᠷᠭᠡᠵᠢᠯ᠎ᠤᠨ ᠬᠢᠨᠠᠨ ᠡᠵᠡᠮᠳᠡᠯ᠎ᠤᠨ ᠲᠡᠮᠳᠡᠭᠯᠡᠯ᠎ᠤᠨ ᠮᠠᠲ᠋ᠧᠷᠢᠶᠠᠯ᠎ᠢ ᠦᠨᠳᠦᠰᠦᠯᠡᠨ᠂ ᠬᠠᠤᠯᠢ ᠵᠢ ᠵᠥᠷᠢᠴᠡᠭᠰᠡᠨ ᠮᠠᠰᠢᠨᠲᠤ ᠲᠡᠷᠭᠡ ᠵᠢᠨ ᠥᠮᠴᠢᠯᠡᠭᠴᠢ ᠪᠤᠶᠤ ᠬᠠᠮᠢᠶᠠᠷᠤᠭᠴᠢ ᠵᠢ ᠬᠠᠤᠯᠢ ᠶᠣᠰᠣᠭ᠋ᠠᠷ ᠰᠢᠢ᠍ᠳᠭᠡᠵᠦ ᠪᠣᠯᠤᠨ᠎ᠠ᠃ ᠵᠢᠯᠣᠭᠤᠴᠢ ᠵᠢ᠎ᠨᠢ ᠨᠤᠲᠠᠯᠠᠨ ᠲᠣᠭᠲᠠᠭ᠋ᠠᠵᠤ ᠴᠢᠳᠠᠪᠠᠯ᠂ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠬᠠᠤᠯᠢ ᠶᠣᠰᠣᠭ᠋ᠠᠷ ᠰᠢᠢ᠍ᠳᠭᠡᠵᠦ ᠪᠣᠯᠤᠨ᠎ᠠ᠃

   ᠵᠠᠭᠤ ᠠᠷᠪᠠᠨ ᠲᠠᠪᠤᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠴᠠᠭᠳᠠᠭ᠎ᠠ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠶ᠋ᠢᠪᠠᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ᠄

  (ᠨᠢᠭᠡ) ᠬᠠᠤᠯᠢ᠎ᠳᠤ ᠲᠣᠭᠲᠠᠭ᠋ᠠᠭᠰᠠᠨ ᠨᠥᠬᠦᠴᠡᠯ᠎ᠳᠤ ᠦᠯᠦ ᠨᠡᠶ᠋ᠢᠴᠡᠬᠦ ᠮᠠᠰᠢᠨᠲᠤ ᠲᠡᠷᠭᠡ᠎ᠳᠤ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ᠎ᠤᠨ ᠫᠠᠶ᠋ᠢᠰᠠ᠂ ᠠᠶᠠᠯᠠᠨ ᠶᠠᠪᠤᠬᠤ ᠦᠨᠡᠮᠯᠡᠯ᠂ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ ᠣᠯᠭᠤᠭᠰᠠᠨ;

  (ᠬᠤᠶᠠᠷ) ᠬᠠᠤᠯᠢ᠎ᠳᠤ ᠲᠣᠭᠲᠠᠭ᠋ᠠᠭᠰᠠᠨ ᠨᠥᠬᠦᠴᠡᠯ᠎ᠳᠤ ᠦᠯᠦ ᠨᠡᠶ᠋ᠢᠴᠡᠬᠦ ᠮᠠᠰᠢᠨᠲᠤ ᠲᠡᠷᠭᠡ᠎ᠳᠤ ᠴᠠᠭᠳᠠᠭ᠋ᠠᠨ᠎ᠤ ᠲᠡᠷᠭᠡ᠂ ᠭᠠᠯ ᠤᠨᠲᠠᠷᠠᠭ᠋ᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠵᠢᠨ ᠠᠶᠤᠯ᠎ᠠᠴᠠ ᠠᠪᠤᠷᠠᠬᠤ ᠲᠡᠷᠭᠡ ᠵᠢᠨ ᠰᠡᠷᠡᠮᠵᠢ ᠵᠢᠨ ᠳᠤᠬᠢᠶᠠᠨ᠎ᠤ ᠡᠭᠦᠰᠬᠡᠭᠦᠷ᠂ ᠢᠯᠡᠳᠬᠡᠮᠵᠢ ᠳᠡᠮᠳᠡᠭ᠎ᠤᠨ ᠳ᠋ᠧᠩ᠎ᠤᠨ ᠵᠦᠢ᠍ᠯ᠎ᠢ ᠤᠭᠰᠠᠷᠠᠵᠤ᠂ ᠬᠡᠷᠡᠭᠯᠡᠵᠦ᠂ ᠢᠯᠡᠳᠬᠡᠮᠵᠢ ᠳᠡᠮᠳᠡᠭ᠎ᠤᠨ ᠬᠡ ᠤᠭ᠋ᠠᠯᠵᠠ ᠰᠦᠷᠴᠢᠨ ᠲᠦᠷᠬᠢᠬᠦ ᠵᠢ ᠵᠥᠪᠰᠢᠶᠡᠷᠡᠭᠰᠡᠨ;

  (ᠭᠤᠷᠪᠠ) ᠵᠢᠯᠣᠭᠤᠳᠬᠤ ᠵᠢ ᠵᠥᠪᠰᠢᠶᠡᠷᠡᠬᠦ ᠨᠥᠬᠦᠴᠡᠯ᠎ᠳᠤ ᠨᠡᠶ᠋ᠢᠴᠡᠬᠦ ᠦᠭᠡᠢ᠂ ᠰᠢᠯᠭ᠋ᠠᠯᠲᠠ ᠵᠢ ᠥᠩᠭᠡᠷᠡᠭᠡᠭᠰᠡᠨ ᠦᠭᠡᠢ ᠪᠤᠶᠤ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ ᠬᠥᠮᠦᠨ᠎ᠳᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠭᠤᠭᠰᠠᠨ;

  (ᠲᠦᠷᠪᠡ) ᠵᠣᠭᠤᠰ ᠵᠶ᠋ᠠᠷ ᠲᠣᠷᠭ᠋ᠠᠬᠤ ᠲᠣᠭᠲᠠᠭ᠋ᠠᠯ ᠭᠠᠷᠭ᠋ᠠᠬᠤ ᠪᠠ ᠲᠣᠷᠭ᠋ᠠᠭᠤᠯᠢ ᠵᠢᠨ ᠵᠣᠭᠤᠰ᠎ᠢ ᠬᠤᠷᠢᠶᠡᠠ ᠠᠪᠬᠤ ᠵᠢ ᠰᠠᠯᠭ᠋ᠠᠬᠤ ᠲᠦᠷᠢᠮ᠎ᠢ ᠬᠡᠷᠡᠭᠵᠢᠭᠦᠯᠦᠭᠰᠡᠨ ᠤᠢ᠍ᠭᠡᠢ ᠪᠤᠶᠤ ᠬᠠᠤᠯᠢ ᠶᠣᠰᠣᠭ᠋ᠠᠷ ᠬᠤᠷᠢᠶᠠᠭᠰᠠᠨ ᠰᠦᠢ᠍ᠳᠬᠡᠯ᠂ ᠬᠤᠷᠢᠶᠠᠭᠰᠠᠨ ᠲᠣᠷᠭ᠋ᠠᠭᠤᠯᠢ ᠵᠢᠨ ᠵᠣᠭᠤᠰ ᠵᠢᠴᠢ ᠬᠤᠷᠢᠶᠡᠠ ᠠᠪᠤᠭᠰᠠᠨ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ ᠲᠣᠭᠲᠠᠭ᠋ᠠᠯ ᠶᠣᠰᠣᠭ᠋ᠠᠷ ᠪᠦᠬᠦᠠ᠎ᠢ ᠤᠯᠤᠰ᠎ᠤᠨ ᠰᠡᠩ᠎ᠳᠤ ᠡᠰᠡ ᠲᠤᠰᠢᠶᠠᠭᠰᠠᠨ;

   (ᠲᠠᠪᠤ) ᠵᠢᠯᠣᠭᠤᠴᠢ ᠵᠢᠨ ᠰᠤᠷᠭ᠋ᠠᠭᠤᠯᠢ ᠪᠤᠶᠤ ᠵᠢᠯᠣᠭᠤᠴᠢ ᠵᠢᠨ ᠪᠣᠯᠪᠠᠰᠤᠷᠠᠯ᠎ᠤᠨ ᠠᠩᠬᠢ᠂ ᠮᠠᠰᠢᠨᠲᠤ ᠲᠡᠷᠭᠡ ᠰᠡᠯᠪᠢᠨ ᠵᠠᠰᠠᠬᠤ ᠦᠢ᠍ᠯᠡᠳᠪᠦᠷᠢ ᠪᠤᠶᠤ ᠰᠦᠢ᠍ᠳᠬᠡᠯ ᠬᠤᠷᠢᠶᠠᠬᠤ ᠲᠡᠷᠭᠡᠨ ᠵᠣᠭᠰᠣᠭ᠋ᠠᠯ ᠵᠡᠷᠭᠡ ᠡᠵᠡᠩᠨᠡᠯᠲᠡ ᠵᠢᠨ ᠠᠵᠢᠯᠯᠠᠭ᠎ᠠ ᠡᠷᠬᠢᠯᠡᠭᠰᠡᠨ ᠪᠤᠶᠤ ᠲᠡᠭᠦᠨ᠎ᠳᠤ ᠣᠷᠣᠯᠴᠠᠭᠰᠠᠨ;

   (ᠵᠢᠷᠭᠤᠭ᠎ᠠ) ᠡᠭᠦᠷᠭᠡ ᠲᠤᠰᠢᠶᠠᠯ᠎ᠤᠨ ᠵᠶ᠋ᠠᠨ ᠲᠦᠬᠦᠮ᠎ᠢ ᠠᠰᠢᠭᠯᠠᠨ ᠪᠤᠰᠤᠳ᠎ᠤᠨ ᠵᠣᠭᠤᠰ ᠮᠥᠩᠭᠦ ᠡᠳ᠋ ᠪᠣᠳᠠᠰ᠎ᠢ ᠬᠦᠯᠢᠶᠡᠠ ᠠᠪᠤᠭᠰᠠᠨ ᠪᠤᠶᠤ ᠪᠤᠰᠤᠳ ᠠᠰᠢᠭ ᠲᠤᠰᠠ ᠣᠯᠤᠭᠰᠠᠨ;

   (ᠲᠤᠯᠤᠭ᠎ᠠ) ᠲᠡᠷᠭᠡ ᠬᠥᠰᠬᠡ᠂ ᠮᠠᠰᠢᠨᠲᠤ ᠲᠡᠷᠭᠡᠨ᠎ᠤ ᠠᠶᠠᠯᠠᠨ ᠶᠠᠪᠤᠬᠤ ᠦᠨᠡᠮᠯᠡᠯ᠂ ᠵᠢᠯᠣᠭᠤᠴᠢ ᠵᠢᠨ ᠦᠨᠡᠮᠯᠡᠯ᠂ ᠲᠡᠷᠭᠡᠨ᠎ᠤ ᠨᠣᠮᠧᠷ᠎ᠤᠨ ᠫᠠᠶ᠋ᠢᠰᠠ ᠵᠢ ᠬᠠᠤᠯᠢ ᠵᠢ ᠵᠥᠷᠢᠴᠡᠨ ᠦᠯᠡᠳᠡᠭᠡᠵᠦ ᠠᠪᠤᠭᠰᠠᠨ;

    (ᠨᠠᠢ᠍ᠮᠠ) ᠬᠠᠤᠯᠢ ᠶᠣᠰᠣᠭ᠋ᠠᠷ ᠦᠯᠡᠳᠡᠭᠡᠨ ᠠᠪᠤᠭᠰᠠᠨ ᠲᠡᠷᠭᠡ ᠵᠢ ᠬᠡᠷᠡᠭᠯᠡᠭᠰᠡᠨ;

   (ᠶᠢᠰᠦ) ᠲᠤᠬᠠᠶ ᠵᠢᠨ ᠭᠠᠵᠠᠷ᠎ᠲᠤ᠎ᠨᠢ ᠲᠣᠷᠭ᠋ᠠᠭᠤᠯᠢ ᠵᠢᠨ ᠵᠣᠭᠤᠰ ᠬᠤᠷᠢᠶᠠᠬᠤ᠎ᠳᠤ᠎ᠪᠠᠨ ᠵᠣᠭᠤᠰ ᠵᠶ᠋ᠠᠷ ᠲᠣᠷᠭ᠋ᠠᠬᠤ ᠪᠠᠷᠢᠮᠲᠠ ᠪᠢᠴᠢᠵᠦ ᠥᠭᠭᠦᠭᠰᠡᠨ ᠦᠭᠡᠢ ᠪᠤᠶᠤ ᠲᠣᠷᠭ᠋ᠠᠭᠤᠯᠢ ᠵᠢᠨ ᠵᠣᠭᠤᠰ᠎ᠤᠨ ᠲᠤᠭ᠎ᠠ ᠵᠢ ᠦᠨᠡᠨ ᠮᠥᠨ ᠵᠶ᠋ᠠᠷ᠎ᠨᠢ ᠡᠰᠡ ᠲᠠᠭᠯᠠᠭᠰᠠᠨ;

   (ᠠᠷᠪᠠ) ᠬᠤᠪᠢ ᠵᠢᠨ ᠨᠠᠶ᠋ᠢᠷ ᠬᠠᠷᠠᠵᠤ ᠬᠠᠤᠯᠢ ᠶᠣᠰᠣ ᠵᠢ ᠵᠥᠷᠢᠴᠡᠨ᠂ ᠵᠠᠮ ᠬᠠᠷᠢᠯᠴᠠᠭ᠋ᠠᠨ᠎ᠤ ᠭᠡᠨᠡᠳᠡᠯ᠎ᠢ ᠭᠤᠣᠯᠴᠢ ᠪᠤᠰᠤ᠎ᠪᠠᠷ ᠰᠢᠢ᠍ᠳᠪᠦᠷᠢᠯᠡᠭᠰᠡᠨ;

   (ᠠᠷᠪᠠᠨ ᠨᠢᠭᠡ) ᠮᠠᠰᠢᠨᠲᠤ ᠲᠡᠷᠭᠡ ᠵᠢᠨ ᠫᠠᠶ᠋ᠢᠰᠠ ᠦᠨᠡᠮᠯᠡᠯ᠎ᠤᠨ ᠭᠠᠷ ᠭᠦᠢ᠍ᠴᠡᠳᠬᠡᠯ ᠬᠢᠬᠦ ᠵᠢ ᠵᠣᠷᠢᠭᠤᠳᠠ ᠭᠠᠴᠢᠵᠤ᠂ ᠤᠳᠠᠭ᠋ᠠᠰᠢᠷᠠᠭᠤᠯᠤᠭᠰᠠᠨ;

  (ᠠᠷᠪᠠᠨ ᠬᠤᠶᠠᠷ) ᠪᠠᠴᠢᠮ ᠡᠭᠦᠷᠭᠡ ᠭᠦᠢ᠍ᠴᠡᠳᠬᠡᠬᠦ ᠪᠤᠰᠤ ᠦᠶ᠎ᠡ᠎ᠳᠤ ᠰᠡᠷᠡᠮᠵᠢ ᠵᠢᠨ ᠳᠤᠬᠢᠶᠠᠨ᠎ᠤ ᠡᠭᠦᠰᠬᠡᠭᠦᠷ᠂ ᠢᠯᠡᠳᠬᠡᠮᠵᠢ ᠳᠡᠮᠳᠡᠭ᠎ᠤᠨ ᠳ᠋ᠧᠩ᠎ᠤᠨ ᠵᠦᠢ᠍ᠯ᠎ᠢ ᠬᠡᠷᠡᠭᠯᠡᠭᠰᠡᠨ;

    (ᠠᠷᠪᠠᠨ ᠭᠤᠷᠪᠠ) ᠬᠡᠪ᠎ᠤᠨ ᠶᠣᠰᠣᠭ᠋ᠠᠷ ᠶᠠᠪᠤᠵᠤ ᠪᠠᠶ᠋ᠢᠭ᠎ᠠ ᠲᠡᠷᠭᠡ ᠵᠢ ᠲᠣᠭᠲᠠᠭ᠋ᠠᠯ᠎ᠠᠴᠠ ᠵᠥᠷᠢᠴᠡᠨ ᠬᠠᠰᠢᠵᠤ ᠪᠠᠶ᠋ᠢᠴᠠᠭ᠋ᠠᠭᠰᠠᠨ;

    (ᠠᠷᠪᠠᠨ ᠲᠦᠷᠪᠡ) ᠪᠠᠴᠢᠮ ᠠᠯᠪᠠᠨ ᠠᠵᠢᠯ ᠭᠦᠢ᠍ᠴᠡᠳᠬᠡᠬᠦ ᠪᠤᠰᠤ ᠴᠠᠭ᠎ᠲᠤ ᠮᠠᠰᠢᠨᠲᠤ ᠲᠡᠷᠭᠡ ᠵᠢ ᠬᠠᠰᠢᠵᠤ ᠰᠠᠭᠤᠭᠰᠠᠨ;

    (ᠠᠷᠪᠠᠨ ᠲᠠᠪᠤ) ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠯᠦ ᠭᠦᠢ᠍ᠴᠡᠳᠬᠡᠭᠰᠡᠨ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠡᠮᠦᠨᠡᠬᠢ ᠪᠠᠳᠠᠭ᠎ᠲᠤ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠵᠣᠬᠢᠴᠠᠩᠭᠤᠶ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ᠃

    ᠵᠠᠭᠤ ᠠᠷᠪᠠᠨ ᠵᠢᠷᠭᠤᠳᠤᠭ᠋ᠠᠷ ᠵᠦᠢ᠍ᠯ ᠲᠤᠰ ᠬᠠᠤᠯᠢ ᠵᠢᠨ ᠵᠠᠭᠤ ᠠᠷᠪᠠᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠵᠠᠮ ᠬᠠᠷᠢᠯᠴᠠᠭ᠋ᠠᠨ᠎ᠤ ᠴᠠᠭᠳᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ᠎ᠳᠤ ᠬᠦᠷᠪᠡᠯ᠂ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠲᠣᠭᠲᠠᠭ᠋ᠠᠯ ᠭᠠᠷᠭ᠋ᠠᠬᠤ᠎ᠠᠴᠠ᠎ᠪᠠᠨ ᠡᠮᠦᠨ᠎ᠡ ᠲᠡᠭᠦᠨ᠎ᠤ ᠡᠭᠦᠷᠭᠡ ᠲᠤᠰᠢᠶᠠᠯ ᠭᠦᠢ᠍ᠴᠡᠳᠬᠡᠬᠦ ᠵᠢ ᠵᠣᠭᠰᠣᠭ᠋ᠠᠵᠤ ᠪᠣᠯᠤᠨ᠎ᠠ; ᠴᠢᠬᠤᠯᠠᠲᠠᠶ ᠦᠶ᠎ᠡ᠎ᠳᠤ ᠲᠤᠰᠠᠭ᠋ᠠᠷᠯᠠᠨ ᠬᠤᠷᠢᠵᠤ ᠪᠣᠯᠤᠨ᠎ᠠ᠃

     ᠲᠤᠰ ᠬᠠᠤᠯᠢ ᠵᠢᠨ ᠵᠠᠭᠤ ᠠᠷᠪᠠᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠵᠠᠮ ᠬᠠᠷᠢᠯᠴᠠᠭ᠋ᠠᠨ᠎ᠤ ᠴᠠᠭᠳᠠᠭ᠎ᠠ ᠵᠡᠷᠭᠡ ᠳᠡᠰ᠎ᠢ᠎ᠨᠢ ᠪᠠᠭᠤᠷᠠᠭᠤᠯᠬᠤ ᠪᠤᠶᠤ ᠲᠤᠰᠢᠶᠠᠯ᠎ᠠᠴᠠ᠎ᠨᠢ ᠤᠭᠴᠠᠷᠠᠭᠤᠯᠬᠤ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠠᠶ᠋ᠢᠪᠠᠯ᠂ ᠠᠵᠢᠯ᠎ᠠᠴᠠ᠎ᠨᠢ ᠵᠣᠭᠰᠣᠭ᠋ᠠᠵᠤ ᠪᠣᠯᠤᠨ᠎ᠠ᠃

    ᠵᠠᠮ ᠬᠠᠷᠢᠯᠴᠠᠭ᠋ᠠᠨ᠎ᠤ ᠴᠠᠭᠳᠠᠭ᠎ᠠ ᠠᠵᠢᠯ᠎ᠠᠴᠠ᠎ᠪᠠᠨ ᠬᠥᠭᠡᠭᠡᠭᠳᠡᠬᠦ ᠰᠢᠢ᠍ᠳᠭᠡᠯ ᠣᠯᠤᠭᠰᠠᠨ ᠪᠤᠶᠤ ᠠᠵᠢᠯ᠎ᠠᠴᠠ᠎ᠪᠠᠨ ᠵᠣᠭᠰᠣᠭ᠋ᠠᠭᠳᠠᠭᠰᠠᠨ ᠪᠠᠶ᠋ᠢᠪᠠᠯ᠂ ᠴᠠᠭᠳᠠᠭ᠋ᠠᠨ᠎ᠤ ᠴᠣᠯᠠ ᠵᠢ᠎ᠨᠢ ᠬᠦᠴᠦᠨ ᠦᠭᠡᠢ ᠪᠣᠯᠭ᠋ᠠᠬᠤ ᠬᠡᠷᠡᠭᠲᠡᠶ; ᠲᠤᠰᠢᠶᠠᠯ᠎ᠠᠴᠠ᠎ᠨᠢ ᠤᠭᠴᠠᠷᠠᠭᠤᠯᠬᠤ᠎ᠠᠴᠠ ᠳᠣᠷᠣᠭᠰᠢᠬᠢ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠴᠠᠭᠳᠠᠭ᠋ᠠᠨ᠎ᠤ ᠴᠣᠯᠠ ᠵᠢ ᠪᠠᠭᠤᠷᠠᠭᠤᠯᠬᠤ ᠬᠡᠷᠡᠭᠲᠡᠶ᠃

    ᠵᠠᠭᠤ ᠠᠷᠪᠠᠨ ᠳᠣᠯᠣᠳᠤᠭ᠋ᠠᠷ ᠵᠦᠢ᠍ᠯ ᠵᠠᠮ ᠬᠠᠷᠢᠯᠴᠠᠭ᠋ᠠᠨ᠎ᠤ ᠴᠠᠭᠳᠠᠭ᠎ᠠ ᠡᠷᠬᠡ ᠲᠤᠰᠢᠶᠠᠯ ᠵᠶ᠋ᠠᠨ ᠠᠰᠢᠭᠯᠠᠨ ᠤᠯᠠᠨ ᠨᠡᠶ᠋ᠢᠲᠡ ᠵᠢᠨ ᠵᠣᠭᠤᠰ ᠮᠥᠩᠭᠦ ᠡᠳ᠋ ᠪᠣᠳᠠᠰ᠎ᠢ ᠬᠠᠤᠯᠢ ᠪᠤᠰᠤ᠎ᠪᠠᠷ ᠡᠵᠡᠮᠰᠢᠵᠦ᠂ ᠬᠡᠭᠡᠯᠢ ᠠᠪᠴᠤ ᠬᠠᠭ᠍ᠤᠤᠯᠢ ᠢᠳᠡᠭᠰᠡᠨ ᠪᠤᠶᠤ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠭ᠋ᠠᠳ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

    ᠵᠠᠭᠤ ᠠᠷᠪᠠᠨ ᠨᠠᠢ᠍ᠮᠠᠳᠤᠭ᠋ᠠᠷ ᠵᠦᠢ᠍ᠯ  ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠵᠠᠮ ᠬᠠᠷᠢᠯᠴᠠᠭ᠋ᠠᠨ᠎ᠤ ᠴᠠᠭᠳᠠᠭ᠎ᠠ᠎ᠳᠤ ᠲᠤᠰ ᠬᠠᠤᠯᠢ ᠵᠢᠨ ᠵᠠᠭᠤ ᠠᠷᠪᠠᠨ ᠲᠠᠪᠤᠳᠤᠭ᠋ᠠᠷ ᠵᠦᠢ᠍ᠯ᠎ᠳᠤ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠵᠦ᠂ ᠲᠤᠬᠠᠶ ᠵᠢᠨ ᠬᠥᠮᠦᠨ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃

 

ᠢᠷᠡᠯᠲᠡ᠄ ᠦᠪᠦᠷ ᠮᠤᠩᠭᠤᠯ᠎ᠤᠨ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ