ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠥᠪᠰᠢᠨ᠎ᠤ ᠬᠠᠤᠯᠢ (ᠲᠠᠪᠤ)
ᠨᠡᠶ᠋ᠢᠲᠡᠯᠡᠭᠰᠡᠨ ᠴᠠᠭ᠄ 2024-04-25

     (2003 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2007 ᠣᠨ᠎ᠤ 12 ᠰᠠᠷ᠎ᠠ ᠵᠢᠨ 29᠎ᠤ ᠡᠳᠦᠷ᠎ᠤᠨ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠠᠩᠬ᠎ᠠ ᠤᠳᠠᠭ᠎ᠠ ᠵᠠᠰᠠᠪᠠ᠃ 2011 ᠣᠨ᠎ᠤ 4 ᠰᠠᠷ᠎ᠠ ᠵᠢᠨ 22᠎ᠤᠨ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠳᠤᠭ᠋ᠠᠷ ᠬᠤᠷᠠᠯᠳᠤᠭ᠋ᠠᠨ᠎ᠤ 《〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ᠎ᠤ 4 ᠰᠠᠷ᠎ᠠ ᠵᠢᠨ 29᠎ᠤ ᠡᠳᠦᠷ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ

《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠨᠠᠢ᠍ᠮᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)

 

      ᠲᠠᠪᠤᠳᠤᠭ᠋ᠠᠷ ᠪᠦᠯᠦᠭ   ᠵᠠᠮ ᠬᠠᠷᠢᠯᠴᠠᠭ᠋ᠠᠨ᠎ᠤ ᠭᠡᠨᠡᠳᠡᠯ᠎ᠢ ᠰᠢᠢ᠍ᠳᠪᠦᠷᠢᠯᠡᠬᠦ

 

    ᠳᠠᠯᠠᠳᠤᠭ᠋ᠠᠷ ᠵᠦᠢ᠍ᠯ  ᠵᠠᠮ ᠳᠡᠭᠡᠷ᠎ᠡ ᠵᠠᠮ ᠬᠠᠷᠢᠯᠴᠠᠭ᠋ᠠᠨ᠎ᠤ ᠭᠡᠨᠡᠳᠡᠯ ᠭᠠᠷᠪᠠᠯ᠂ ᠲᠡᠷᠭᠡᠨ᠎ᠤ ᠵᠢᠯᠣᠭᠤᠴᠢ ᠲᠡᠷᠡ ᠳᠠᠷᠤᠶ᠎ᠳᠤ᠎ᠨᠢ ᠲᠡᠷᠭᠡ᠎ᠪᠠᠨ ᠵᠣᠭᠰᠣᠭ᠋ᠠᠵᠤ᠂ ᠲᠤᠬᠠᠶ ᠵᠢᠨ ᠲᠠᠯᠠᠪᠤᠷ᠎ᠢ ᠬᠠᠮᠠᠭ᠋ᠠᠯᠠᠬᠤ ᠬᠡᠷᠡᠭᠲᠡᠶ; ᠬᠥᠮᠦᠨ᠎ᠢ ᠦᠬᠦᠭᠦᠯᠵᠦ ᠰᠢᠷᠬᠠᠲᠤᠭᠤᠯᠤᠭᠰᠠᠨ ᠪᠠᠶ᠋ᠢᠪᠠᠯ᠂ ᠲᠡᠷᠭᠡᠨ᠎ᠤ ᠵᠢᠯᠣᠭᠤᠴᠢ᠎ᠨᠢ ᠰᠢᠷᠬᠠᠲᠤᠭᠰᠠᠳ᠎ᠢ ᠲᠡᠷᠡ ᠳᠠᠷᠤᠶ᠎ᠳᠤ᠎ᠨᠢ ᠲᠦᠷᠭᠡᠨ ᠠᠪᠤᠷᠠᠬᠤ ᠵᠢᠨ ᠬᠠᠮᠲᠤ ᠡᠭᠦᠷᠭᠡ ᠭᠦᠢ᠍ᠴᠡᠳᠬᠡᠵᠦ ᠪᠠᠶ᠋ᠢᠭ᠎ᠠ ᠵᠠᠮ ᠬᠠᠷᠢᠯᠴᠠᠭ᠋ᠠᠨ᠎ᠤ ᠴᠠᠭᠳᠠᠭ᠎ᠠ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠦᠳᠲᠡᠷ ᠲᠦᠷᠭᠡᠨ ᠮᠡᠳᠡᠭᠦᠯᠬᠦ ᠬᠡᠷᠡᠭᠲᠡᠶ᠃ ᠰᠢᠷᠬᠠᠲᠤᠭᠰᠠᠨ ᠬᠥᠮᠦᠨ᠎ᠢ ᠲᠦᠷᠭᠡᠨ ᠠᠪᠤᠷᠠᠬᠤ ᠵᠢᠨ ᠬᠠᠷᠠᠭ᠎ᠠ᠎ᠪᠠᠷ ᠬᠡᠷᠡᠭ᠎ᠤᠨ ᠲᠠᠯᠠᠪᠠᠢ ᠵᠢ ᠬᠤᠪᠢᠷᠠᠭᠤᠯᠤᠭᠰᠠᠨ ᠪᠠᠶ᠋ᠢᠪᠠᠯ᠂ ᠣᠷᠣᠨ ᠪᠠᠶ᠋ᠢᠷᠢ ᠵᠢ᠎ᠨᠢ ᠲᠣᠳᠣᠷᠬᠠᠶ᠋ᠢᠯᠠᠵᠤ ᠥᠭᠬᠦ ᠬᠡᠷᠡᠭᠲᠡᠶ᠃ ᠲᠡᠷᠭᠡᠨ᠎ᠳᠤ ᠰᠠᠭᠤᠭᠴᠢ᠂ ᠨᠠᠭ᠋ᠠᠰᠢ ᠴᠠᠭ᠋ᠠᠰᠢ ᠥᠩᠭᠡᠷᠡᠬᠦ ᠲᠡᠷᠭᠡᠨ᠎ᠤ ᠵᠢᠯᠣᠭᠤᠴᠢ᠂ ᠨᠠᠭ᠋ᠠᠰᠢ ᠴᠠᠭ᠋ᠠᠰᠢ ᠥᠩᠭᠡᠷᠡᠬᠦ ᠶᠠᠪᠠᠭ᠋ᠠᠨ ᠬᠥᠮᠦᠨ ᠬᠠᠮᠵᠢᠬᠤ ᠬᠡᠷᠡᠭᠲᠡᠶ᠃

     ᠵᠠᠮ ᠳᠡᠭᠡᠷ᠎ᠡ ᠵᠠᠮ ᠬᠠᠷᠢᠯᠴᠠᠭ᠋ᠠᠨ᠎ᠤ ᠭᠡᠨᠡᠳᠡᠯ ᠭᠠᠷᠤᠭ᠋ᠠᠳ ᠬᠥᠮᠦᠨ᠎ᠢ ᠦᠬᠦᠭᠦᠯᠵᠦ ᠰᠢᠷᠬᠠᠲᠤᠭᠤᠯᠤᠭᠰᠠᠨ ᠦᠭᠡᠢ ᠪᠥᠭᠡᠳ ᠲᠤᠬᠠᠶ ᠵᠢᠨ ᠬᠥᠮᠦᠨ᠎ᠨᠢ ᠪᠣᠳᠠᠲᠤ ᠬᠡᠷᠡᠭ ᠵᠢᠴᠢ ᠪᠤᠢ ᠪᠣᠯᠤᠭᠰᠠᠨ ᠰᠢᠯᠲᠠᠭ᠋ᠠᠨ᠎ᠤ ᠲᠤᠬᠠᠶ ᠮᠠᠷᠭᠤᠯᠳᠤᠭ᠋ᠠᠨ ᠦᠭᠡᠢ ᠪᠠᠶ᠋ᠢᠪᠠᠯ᠂ ᠲᠡᠷᠡ ᠳᠠᠷᠤᠶ᠎ᠳᠤ᠎ᠨᠢ ᠬᠡᠷᠡᠭ᠎ᠤᠨ ᠲᠠᠯᠠᠪᠠᠢ᠎ᠠᠴᠠ ᠵᠠᠶ᠋ᠢᠯᠠᠵᠤ᠂ ᠵᠠᠮ ᠬᠠᠷᠢᠯᠴᠠᠭ᠎ᠠ ᠵᠢ ᠰᠡᠷᠭᠦᠭᠡᠵᠦ᠂ ᠬᠤᠬᠢᠷᠠᠯ᠎ᠢ ᠲᠦᠯᠦᠬᠦ ᠤᠴᠢᠷ ᠶᠠᠪᠤᠳᠠᠯ᠎ᠢ ᠥᠪᠡᠰᠦᠪᠡᠨ ᠵᠥᠪᠳᠡᠯᠴᠡᠨ ᠰᠢᠢ᠍ᠳᠪᠦᠷᠢᠯᠡᠵᠦ ᠪᠣᠯᠤᠨ᠎ᠠ; ᠲᠤᠬᠠᠶ ᠵᠢᠨ ᠲᠠᠯᠠᠪᠤᠷ᠎ᠠᠴᠠ ᠳᠠᠷᠦ᠋ᠢ᠍ᠬᠠᠨ ᠵᠠᠶ᠋ᠢᠯᠠᠬᠤ ᠦᠭᠡᠢ ᠪᠠᠶ᠋ᠢᠪᠠᠯ᠂ ᠵᠢᠵᠢᠭᠦᠷᠯᠡᠵᠦ ᠪᠠᠶ᠋ᠢᠭ᠎ᠠ ᠵᠠᠮ ᠬᠠᠷᠢᠯᠴᠠᠭ᠋ᠠᠨ᠎ᠤ ᠴᠠᠭᠳᠠᠭ᠎ᠠ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠦᠳᠲᠡᠷ ᠲᠦᠷᠭᠡᠨ ᠮᠡᠳᠡᠭᠦᠯᠬᠦ ᠬᠡᠷᠡᠭᠲᠡᠶ᠃

     ᠵᠠᠮ ᠳᠡᠭᠡᠷ᠎ᠡ ᠵᠠᠮ ᠬᠠᠷᠢᠯᠴᠠᠭ᠋ᠠᠨ᠎ᠤ ᠭᠡᠨᠡᠳᠡᠯ ᠭᠠᠷᠤᠭ᠋ᠠᠳ ᠵᠥᠪᠬᠡᠨ ᠡᠳ᠋ ᠬᠥᠷᠤᠩᠭᠡ ᠵᠢᠨ ᠬᠥᠩᠭᠡᠪᠲᠦᠷ ᠬᠤᠬᠢᠷᠠᠯ ᠤᠴᠠᠷᠠᠭᠤᠯᠤᠭᠰᠠᠨ ᠪᠥᠭᠡᠳ ᠦᠨᠳᠦᠰᠦᠨ ᠪᠣᠳᠠᠲᠤ ᠬᠡᠷᠡᠭ᠎ᠨᠢ ᠲᠣᠳᠣᠷᠬᠠᠶ ᠪᠠᠶ᠋ᠢᠪᠠᠯ᠂ ᠲᠤᠬᠠᠶ ᠵᠢᠨ ᠬᠥᠮᠦᠨ᠎ᠨᠢ ᠤᠷᠢᠳᠠᠪᠠᠷ ᠬᠡᠷᠡᠭ᠎ᠤᠨ ᠲᠠᠯᠠᠪᠠᠢ᠎ᠠᠴᠠ ᠵᠠᠶ᠋ᠢᠯᠠᠭᠰᠠᠨ᠎ᠤ ᠲᠠᠷᠠᠭ᠎ᠠ ᠰᠠᠶᠢ ᠵᠥᠪᠳᠡᠯᠴᠡᠨ ᠰᠢᠢ᠍ᠳᠪᠦᠷᠢᠯᠡᠬᠦ ᠬᠡᠷᠡᠭᠲᠡᠶ᠃

    ᠳᠠᠯᠠᠨ ᠨᠢᠭᠡᠳᠦᠭᠡᠷ ᠵᠦᠢ᠍ᠯ ᠲᠡᠷᠭᠡ ᠬᠥᠰᠬᠡ ᠵᠠᠮ ᠬᠠᠷᠢᠯᠴᠠᠭ᠋ᠠᠨ᠎ᠤ ᠭᠡᠨᠡᠳᠡᠯ ᠭᠠᠷᠤᠭᠰᠠᠨ᠎ᠤ ᠳᠠᠷᠠᠭ᠎ᠠ ᠳᠤᠲᠠᠭ᠋ᠠᠭᠰᠠᠨ ᠪᠠᠶ᠋ᠢᠪᠠᠯ᠂ ᠡ᠊ᠨᠳᠡᠯ ᠭᠠᠷᠤᠭᠰᠠᠨ ᠲᠤᠬᠠᠶ ᠵᠢᠨ ᠲᠠᠯᠠᠪᠤᠷ᠎ᠢ ᠣᠯᠵᠤ ᠦᠵᠡᠭᠰᠡᠨ ᠬᠥᠮᠦᠰ ᠪᠠ ᠪᠠᠶ᠋ᠢᠳᠠᠯ᠎ᠢ ᠮᠡᠳᠡᠬᠦ ᠪᠤᠰᠤᠳ ᠬᠥᠮᠦᠰ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠵᠠᠮ ᠬᠠᠷᠢᠯᠴᠠᠭ᠋ᠠᠨ᠎ᠤ ᠴᠠᠭᠳᠠᠭ᠎ᠠ᠎ᠳᠤ ᠢᠯᠡᠴᠢᠯᠡᠨ ᠮᠡᠳᠡᠭᠦᠯᠬᠦ ᠬᠡᠷᠡᠭᠲᠡᠶ᠃ ᠢᠯᠡᠴᠢᠯᠡᠨ ᠮᠡᠳᠡᠭᠦᠯᠦᠭᠰᠡᠨ᠎ᠨᠢ ᠦᠨᠡᠨ ᠪᠣᠳᠠᠲᠠᠶ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠱᠠᠩᠨᠠᠨ ᠬᠥᠬᠢᠭᠦᠯᠬᠦ ᠬᠡᠷᠡᠭᠲᠡᠶ᠃

     ᠲᠠᠯᠠᠨ ᠬᠤᠶᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠮ ᠬᠠᠷᠢᠯᠴᠠᠭ᠋ᠠᠨ᠎ᠤ ᠭᠡᠨᠡᠳᠡᠯ᠎ᠤᠨ ᠰᠡᠷᠡᠮᠵᠢ ᠵᠢᠨ ᠮᠡᠳᠡᠭᠡ ᠵᠢ ᠣᠯᠤᠭᠰᠠᠨ᠎ᠤ ᠲᠠᠷᠠᠭ᠎ᠠ᠂ ᠲᠡᠷᠡ ᠳᠠᠷᠤᠶ᠎ᠳᠤ᠎ᠨᠢ ᠵᠠᠮ ᠬᠠᠷᠢᠯᠴᠠᠭ᠋ᠠᠨ᠎ᠤ ᠴᠠᠭᠳᠠᠭ᠎ᠠ ᠵᠢ ᠲᠣᠮᠢᠯᠠᠨ ᠲᠤᠬᠠᠶ ᠵᠢᠨ ᠲᠠᠯᠠᠪᠤᠷ᠎ᠲᠤ ᠣᠴᠢᠭᠤᠯᠵᠤ᠂ ᠰᠢᠷᠬᠠᠲᠤᠭᠰᠠᠳ᠎ᠢ ᠠᠪᠤᠷᠠᠬᠤ ᠠᠵᠢᠯ᠎ᠢ ᠤᠷᠢᠳᠠᠪᠠᠷ ᠵᠣᠬᠢᠶᠠᠨ ᠪᠠᠶ᠋ᠢᠭᠤᠯᠬᠤ ᠵᠢᠨ ᠬᠠᠮᠲᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠵᠠᠮ ᠬᠠᠷᠢᠯᠴᠠᠭ᠎ᠠ ᠵᠢ ᠠᠯᠢ ᠲᠦᠷᠭᠡᠨ ᠵᠶ᠋ᠠᠷ ᠰᠡᠷᠭᠦᠭᠡᠬᠦ ᠬᠡᠷᠡᠭᠲᠡᠶ᠃

    ᠵᠠᠮ ᠬᠠᠷᠢᠯᠴᠠᠭ᠋ᠠᠨ᠎ᠤ ᠴᠠᠭᠳᠠᠭ᠎ᠠ ᠵᠠᠮ ᠬᠠᠷᠢᠯᠴᠠᠭ᠋ᠠᠨ᠎ᠤ ᠭᠡᠨᠡᠳᠡᠯ᠎ᠤᠨ ᠬᠡᠷᠡᠭ᠎ᠤᠨ ᠳᠠᠯᠠᠪᠠᠢ ᠵᠢ ᠬᠠᠶ᠋ᠢᠨ ᠰᠢᠯᠭ᠋ᠠᠵᠤ᠂ ᠪᠠᠶ᠋ᠢᠴᠠᠭ᠋ᠠᠵᠤ᠂ ᠭᠡᠷᠡᠴᠢ ᠪᠠᠷᠢᠮᠲᠠ ᠴᠤᠭᠯᠠᠭᠤᠯᠬᠤ ᠬᠡᠷᠡᠭᠲᠡᠶ; ᠭᠡᠷᠡᠴᠢ ᠪᠠᠷᠢᠮᠲᠠ ᠴᠤᠭᠯᠠᠭᠤᠯᠬᠤ ᠬᠡᠷᠡᠭᠴᠡᠭᠡ᠎ᠠᠴᠠ ᠪᠤᠯᠵᠦ ᠡ᠊ᠨᠳᠡᠯ ᠭᠠᠷᠤᠭᠰᠠᠨ ᠲᠡᠷᠭᠡ ᠵᠢ ᠬᠤᠴᠣᠷᠭ᠋ᠠᠨ ᠠᠪᠴᠤ ᠪᠣᠯᠤᠨ᠎ᠠ᠂ ᠭᠡᠪᠡᠴᠦ ᠰᠠᠶ᠋ᠢᠲᠤᠷ ᠬᠠᠳᠠᠭ᠋ᠠᠯᠠᠨ ᠬᠠᠮᠢᠶᠠᠷᠴᠤ᠂ ᠬᠢᠨᠠᠨ ᠪᠠᠶ᠋ᠢᠴᠠᠭ᠋ᠠᠬᠤ᠎ᠳᠤ ᠪᠡᠯᠡᠳᠬᠡᠬᠦ ᠬᠡᠷᠡᠭᠲᠡᠶ᠃

    ᠲᠤᠬᠠᠶ ᠵᠢᠨ ᠬᠥᠮᠦᠨ᠎ᠤ ᠪᠡᠶ᠎ᠡ ᠮᠠᠬᠠᠪᠣᠳ᠂ ᠣᠶᠣᠨ ᠮᠡᠳᠡᠷᠡᠯ᠎ᠤᠨ ᠪᠠᠶ᠋ᠢᠳᠠᠯ ᠵᠡᠷᠭᠡ ᠵᠢᠨ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠰᠢᠯᠭ᠋ᠠᠨ ᠪᠠᠶ᠋ᠢᠴᠠᠭ᠋ᠠᠯᠲᠠ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠤᠰᠬᠠᠶ ᠪᠠᠶ᠋ᠢᠭᠤᠯᠤᠮᠵᠢ᠎ᠳᠤ ᠨᠠᠶ᠋ᠢᠳᠠᠵᠤ ᠰᠢᠯᠭ᠋ᠠᠨ ᠲᠣᠭᠲᠠᠭ᠋ᠠᠯᠭ᠋ᠠᠬᠤ ᠬᠡᠷᠡᠭᠲᠡᠶ᠃ ᠰᠢᠯᠭ᠋ᠠᠨ ᠲᠣᠭᠲᠠᠭ᠋ᠠᠭᠰᠠᠨ ᠳ᠋ᠦᠩ᠎ᠳᠤ ᠰᠢᠯᠭ᠋ᠠᠨ ᠲᠣᠭᠲᠠᠭ᠋ᠠᠭᠴᠢ ᠭᠠᠷ᠎ᠤᠨ ᠤᠢ᠍ᠰᠦᠭ ᠵᠢᠷᠤᠬᠤ ᠬᠡᠷᠡᠭᠲᠡᠶ᠃

    ᠲᠠᠯᠠᠨ ᠭᠤᠷᠪᠠᠳᠤᠭ᠋ᠠᠷ ᠵᠦᠢ᠍ᠯ ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠮ ᠬᠠᠷᠢᠯᠴᠠᠭ᠋ᠠᠨ᠎ᠤ ᠭᠡᠨᠡᠳᠡᠯ᠎ᠤᠨ ᠬᠡᠷᠡᠭ᠎ᠤᠨ ᠳᠠᠯᠠᠪᠠᠢ ᠵᠢ ᠬᠠᠶ᠋ᠢᠨ ᠰᠢᠯᠭ᠋ᠠᠭᠰᠠᠨ᠂ ᠪᠠᠶ᠋ᠢᠴᠠᠭ᠋ᠠᠭᠰᠠᠨ᠂ ᠪᠠᠶ᠋ᠢᠴᠠᠭ᠋ᠠᠭᠰᠠᠨ ᠪᠠᠶ᠋ᠢᠳᠠᠯ ᠪᠣᠯᠤᠨ ᠬᠤᠯᠪᠣᠭᠳᠠᠯ ᠪᠦᠬᠦᠢ ᠰᠢᠯᠭ᠋ᠠᠨ ᠪᠠᠶ᠋ᠢᠴᠠᠭ᠋ᠠᠯᠲᠠ᠂ ᠬᠢᠨᠠᠨ ᠲᠣᠭᠲᠠᠭ᠋ᠠᠯᠲᠠ ᠵᠢᠨ ᠳ᠋ᠦᠩᠨᠡᠯᠲᠡ ᠵᠢ ᠦᠨᠳᠦᠰᠦᠯᠡᠨ᠂ ᠵᠠᠮ ᠬᠠᠷᠢᠯᠴᠠᠭ᠋ᠠᠨ᠎ᠤ ᠭᠡᠨᠡᠳᠡᠯ᠎ᠢ ᠮᠠᠭ᠋ᠠᠳᠯᠠᠨ ᠲᠣᠭᠲᠠᠭ᠋ᠠᠭᠰᠠᠨ ᠪᠢᠴᠢᠭ᠎ᠢ ᠴᠠᠭ ᠲᠤᠬᠠᠶ᠎ᠳᠤ᠎ᠨᠢ ᠵᠣᠬᠢᠶᠠᠵᠤ᠂ ᠵᠠᠮ ᠬᠠᠷᠢᠯᠴᠠᠭ᠋ᠠᠨ᠎ᠤ ᠭᠡᠨᠡᠳᠡᠯ᠎ᠢ ᠰᠢᠢ᠍ᠳᠪᠦᠷᠢᠯᠡᠬᠦ ᠭᠡᠷᠡᠴᠢ ᠪᠠᠷᠢᠮᠲᠠ ᠪᠣᠯᠭ᠋ᠠᠬᠤ ᠬᠡᠷᠡᠭᠲᠡᠶ᠃ ᠵᠠᠮ ᠬᠠᠷᠢᠯᠴᠠᠭ᠋ᠠᠨ᠎ᠤ ᠭᠡᠨᠡᠳᠡᠯ᠎ᠢ ᠮᠠᠭ᠋ᠠᠳᠯᠠᠨ ᠲᠣᠭᠲᠠᠭ᠋ᠠᠭᠰᠠᠨ ᠪᠢᠴᠢᠭ᠎ᠲᠤ ᠵᠠᠮ ᠬᠠᠷᠢᠯᠴᠠᠭ᠋ᠠᠨ᠎ᠤ ᠭᠡᠨᠡᠳᠡᠯ᠎ᠤᠨ ᠦᠨᠳᠦᠰᠦᠨ ᠪᠣᠳᠠᠲᠤ ᠬᠡᠷᠡᠭ᠂ ᠪᠦᠲᠦᠭᠰᠡᠨ ᠰᠢᠯᠲᠠᠭ᠋ᠠᠨ ᠪᠠ ᠲᠤᠬᠠᠶ ᠵᠢᠨ ᠬᠥᠮᠦᠨ᠎ᠤ ᠬᠠᠷᠢᠭᠤᠴᠠᠯᠭ᠎ᠠ ᠵᠢ ᠲᠣᠳᠣᠷᠬᠠᠶ ᠪᠢᠴᠢᠬᠦ ᠵᠢᠨ ᠬᠠᠮᠲᠤ ᠲᠤᠬᠠᠶ ᠵᠢᠨ ᠬᠥᠮᠦᠨ᠎ᠳᠤ ᠬᠦᠷᠭᠡᠬᠦ ᠬᠡᠷᠡᠭᠲᠡᠶ᠃

    ᠳᠠᠯᠠᠨ ᠳᠥᠷᠪᠡᠳᠦᠭᠡᠷ ᠵᠦᠢ᠍ᠯ ᠲᠤᠬᠠᠶ ᠵᠢᠨ ᠬᠥᠮᠦᠨ ᠵᠠᠮ ᠬᠠᠷᠢᠯᠴᠠᠭ᠋ᠠᠨ᠎ᠤ ᠭᠡᠨᠡᠳᠡᠯ᠎ᠤᠨ ᠬᠤᠬᠢᠷᠠᠯ᠎ᠢ ᠲᠦᠯᠦᠬᠦ ᠲᠤᠬᠠᠶ ᠮᠠᠷᠭᠤᠯᠳᠤᠭ᠋ᠠᠨ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠡᠶᠡᠳᠡᠭᠦᠯᠦᠭᠦᠯᠬᠦ᠎ᠪᠠᠷ ᠭᠤᠶᠤᠴᠢᠯᠠᠵᠤ ᠪᠣᠯᠤᠨ᠎ᠠ᠂ ᠠᠷᠠᠳ᠎ᠤᠨ ᠰᠢᠭᠦᠬᠦ ᠬᠤᠷᠢᠶᠠᠨ᠎ᠳᠤ ᠰᠢᠭᠤᠳ ᠢᠷᠭᠡᠨ᠎ᠤ ᠬᠡᠷᠡᠭ᠎ᠤᠨ ᠵᠠᠭ᠋ᠠᠯᠳᠤᠯᠭ᠎ᠠ ᠭᠠᠷᠭ᠋ᠠᠭᠰᠠᠨ ᠴᠤ᠌ ᠪᠣᠯᠤᠨ᠎ᠠ᠃

    ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠶᠡᠳᠡᠭᠦᠯᠭᠡ᠎ᠪᠠᠷ ᠳᠠᠮᠵᠢᠭ᠋ᠠᠳ ᠲᠤᠬᠠᠶ ᠵᠢᠨ ᠬᠥᠮᠦᠨ᠎ᠨᠢ ᠬᠡᠯᠡᠯᠴᠡᠭᠡᠷ ᠲᠣᠭᠲᠠᠵᠤ ᠴᠢᠳᠠᠭᠰᠠᠨ ᠦᠭᠡᠢ ᠪᠤᠶᠤ ᠡᠶᠡᠳᠡᠭᠦᠯᠭᠡ ᠵᠢᠨ ᠪᠢᠴᠢᠭ ᠬᠦᠴᠦᠨ᠎ᠲᠠᠢ ᠪᠣᠯᠤᠭᠰᠠᠨ᠎ᠤ ᠳᠠᠷᠠᠭ᠎ᠠ ᠭᠦᠢ᠍ᠴᠡᠳᠬᠡᠬᠦ ᠦᠭᠡᠢ ᠪᠠᠶ᠋ᠢᠪᠠᠯ᠂ ᠲᠤᠬᠠᠶ ᠵᠢᠨ ᠬᠥᠮᠦᠨ᠎ᠨᠢ ᠠᠷᠠᠳ᠎ᠤᠨ ᠰᠢᠭᠦᠬᠦ ᠬᠤᠷᠢᠶᠠᠨ᠎ᠳᠤ ᠢᠷᠭᠡᠨ᠎ᠤ ᠬᠡᠷᠡᠭ᠎ᠤᠨ ᠵᠠᠭ᠋ᠠᠯᠳᠤᠯᠭ᠎ᠠ ᠭᠠᠷᠭ᠋ᠠᠵᠤ ᠪᠣᠯᠤᠨ᠎ᠠ᠃

    ᠳᠠᠯᠠᠨ ᠲᠠᠪᠤᠳᠤᠭ᠋ᠠᠷ ᠵᠦᠢ᠍ᠯ ᠡᠮ ᠡᠮᠨᠡᠯᠭᠡ ᠵᠢᠨ ᠪᠠᠶ᠋ᠢᠭᠤᠯᠤᠮᠵᠢ ᠵᠠᠮ ᠬᠠᠷᠢᠯᠴᠠᠭ᠋ᠠᠨ᠎ᠤ ᠭᠡᠨᠡᠳᠡᠯ᠎ᠤᠨ ᠳᠤᠮᠳᠠ ᠰᠢᠷᠬᠠᠲᠤᠭᠰᠠᠨ ᠬᠥᠮᠦᠨ᠎ᠢ ᠴᠠᠭ ᠲᠤᠬᠠᠶ᠎ᠳᠤ᠎ᠨᠢ ᠲᠦᠷᠭᠡᠨ ᠠᠪᠤᠷᠠᠬᠤ ᠬᠡᠷᠡᠭᠲᠡᠶ᠂ ᠲᠦᠷᠭᠡᠨ ᠠᠪᠤᠷᠠᠬᠤ ᠵᠠᠷᠤᠳᠠᠯ᠎ᠢ ᠴᠠᠭ ᠲᠤᠬᠠᠶ᠎ᠳᠤ᠎ᠨᠢ ᠥᠭᠭᠦᠭᠰᠡᠨ ᠦᠭᠡᠢ᠎ᠠᠴᠠ ᠪᠤᠯᠵᠤ ᠠᠪᠤᠷᠠᠨ ᠵᠠᠰᠠᠬᠤ ᠵᠢ ᠤᠳᠠᠭ᠋ᠠᠰᠢᠷᠠᠭᠤᠯᠵᠤ ᠪᠣᠯᠬᠤ ᠦᠭᠡᠢ᠃ ᠬᠡᠷᠡᠭ ᠭᠠᠷᠭ᠋ᠠᠭᠰᠠᠨ ᠲᠡᠷᠭᠡ ᠮᠠᠰᠢᠨᠲᠤ ᠲᠡᠷᠭᠡᠨ᠎ᠤ ᠭᠤᠷᠪᠠᠳᠤᠭ᠋ᠠᠷ ᠡᠲᠡᠭᠡᠳ᠎ᠤᠨ ᠬᠠᠷᠢᠭᠤᠴᠠᠯᠭ᠎ᠠ ᠵᠢᠨ ᠠᠯᠪᠠᠳᠠᠯᠭ᠎ᠠ ᠵᠢᠨ ᠳᠠᠭ᠋ᠠᠳᠬᠠᠯ᠎ᠳᠤ ᠣᠷᠣᠯᠴᠠᠭᠰᠠᠨ ᠪᠠᠶ᠋ᠢᠪᠠᠯ᠂ ᠳᠠᠭ᠋ᠠᠳᠬᠠᠯ᠎ᠤᠨ ᠺᠣᠮᠫᠠᠨᠢ᠎ᠠᠴᠠ ᠲᠦᠷᠭᠡᠨ ᠠᠪᠤᠷᠠᠬᠤ ᠵᠠᠷᠤᠳᠠᠯ᠎ᠢ ᠬᠠᠷᠢᠭᠤᠴᠠᠯᠭ᠎ᠠ ᠵᠢᠨ ᠬᠢᠵᠠᠭ᠋ᠠᠷ ᠲᠣᠭ᠋ᠠᠨ᠎ᠤ ᠬᠡᠪᠴᠢᠶᠡᠨ ᠳᠣᠲᠣᠷ᠎ᠠ ᠥᠭᠭᠦᠨ᠎ᠡ; ᠲᠦᠷᠭᠡᠨ ᠠᠪᠤᠷᠠᠬᠤ ᠵᠠᠷᠤᠳᠠᠯ᠎ᠨᠢ ᠬᠠᠷᠢᠭᠤᠴᠠᠯᠭ᠎ᠠ ᠵᠢᠨ ᠬᠢᠵᠠᠭ᠋ᠠᠷ ᠲᠣᠭ᠋ᠠᠨ᠎ᠠᠴᠠ ᠬᠡᠲᠦᠷᠡᠭᠰᠡᠨ᠂ ᠮᠠᠰᠢᠨᠲᠤ ᠲᠡᠷᠭᠡᠨ᠎ᠤ ᠭᠤᠷᠪᠠᠳᠤᠭ᠋ᠠᠷ ᠡᠲᠡᠭᠡᠳ᠎ᠤᠨ ᠬᠠᠷᠢᠭᠤᠴᠠᠯᠭ᠎ᠠ ᠵᠢᠨ ᠠᠯᠪᠠᠳᠠᠯᠭ᠎ᠠ ᠵᠢᠨ ᠳᠠᠭ᠋ᠠᠳᠬᠠᠯ᠎ᠳᠤ ᠣᠷᠣᠯᠴᠠᠭᠰᠠᠨ ᠦᠭᠡᠢ ᠪᠤᠶᠤ ᠬᠡᠷᠡᠭ ᠭᠠᠷᠭ᠋ᠠᠭᠰᠠᠨ᠎ᠤ ᠳᠠᠷᠠᠭ᠎ᠠ ᠳᠤᠲᠠᠭ᠋ᠠᠭᠰᠠᠨ ᠪᠠᠶ᠋ᠢᠪᠠᠯ᠂ ᠵᠠᠮ ᠬᠠᠷᠢᠯᠴᠠᠭ᠋ᠠᠨ᠎ᠤ ᠭᠡᠨᠡᠳᠡᠯ᠎ᠤᠨ ᠨᠡᠶ᠋ᠢᠭᠡᠮ᠎ᠤᠨ ᠠᠪᠤᠷᠠᠨ ᠲᠤᠰᠠᠯᠠᠬᠤ ᠰᠠᠭᠤᠷᠢ ᠮᠥᠩᠭᠦ᠎ᠠᠴᠠ ᠲᠦᠷᠭᠡᠨ ᠠᠪᠤᠷᠠᠬᠤ ᠵᠠᠷᠤᠳᠠᠯ᠎ᠤᠨ ᠬᠡᠰᠡᠭ᠎ᠢ ᠪᠤᠶᠤ ᠪᠦᠬᠦᠨ᠎ᠢ ᠤᠷᠢᠳᠠᠪᠠᠷ ᠣᠷᠣᠯᠠᠨ ᠥᠭᠭᠦᠨ᠎ᠡ᠂ ᠵᠠᠮ ᠬᠠᠷᠢᠯᠴᠠᠭ᠋ᠠᠨ᠎ᠤ ᠭᠡᠨᠡᠳᠡᠯ᠎ᠤᠨ ᠨᠡᠶ᠋ᠢᠭᠡᠮ᠎ᠤᠨ ᠠᠪᠤᠷᠠᠨ ᠲᠤᠰᠠᠯᠠᠬᠤ ᠰᠠᠭᠤᠷᠢ ᠮᠥᠩᠭᠦ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠵᠠᠮ ᠬᠠᠷᠢᠯᠴᠠᠭ᠋ᠠᠨ᠎ᠤ ᠭᠡᠨᠡᠳᠡᠯ᠎ᠤᠨ ᠬᠠᠷᠢᠭᠤᠴᠠᠯᠭ᠎ᠠ᠎ᠲᠠᠢ ᠬᠥᠮᠦᠨ᠎ᠠᠴᠠ ᠲᠥᠯᠥᠪᠦᠷᠢ ᠨᠡᠬᠡᠮᠵᠢᠯᠡᠬᠦ ᠡᠷᠬᠡ᠎ᠲᠠᠢ᠃

    ᠲᠠᠯᠠᠨ ᠵᠢᠷᠭᠤᠳᠤᠭ᠋ᠠᠷ ᠵᠦᠢ᠍ᠯ ᠮᠠᠰᠢᠨᠲᠤ ᠲᠡᠷᠭᠡ ᠵᠠᠮ ᠬᠠᠷᠢᠯᠴᠠᠭ᠋ᠠᠨ᠎ᠤ ᠭᠡᠨᠡᠳᠡᠯ ᠭᠠᠷᠭ᠋ᠠᠭᠰᠠᠨ᠎ᠠᠴᠠ ᠪᠤᠯᠵᠤ ᠬᠥᠮᠦᠨ᠎ᠢ ᠰᠢᠷᠬᠠᠲᠤᠭᠤᠯᠵᠤ ᠦᠬᠦᠭᠦᠯᠦᠭᠰᠡᠨ᠂ ᠡᠳ᠋ ᠬᠦᠷᠦᠩᠭᠡ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠳᠠᠭ᠋ᠠᠳᠬᠠᠯ᠎ᠤᠨ ᠺᠣᠮᠫᠠᠨᠢ᠎ᠠᠴᠠ ᠮᠠᠰᠢᠨᠲᠤ ᠲᠡᠷᠭᠡᠨ᠎ᠤ ᠭᠤᠷᠪᠠᠳᠤᠭ᠋ᠠᠷ ᠡᠲᠡᠭᠡᠳ᠎ᠤᠨ ᠬᠠᠷᠢᠭᠤᠴᠠᠯᠭ᠎ᠠ ᠵᠢᠨ ᠠᠯᠪᠠᠳᠠᠯᠭ᠎ᠠ ᠵᠢᠨ ᠳᠠᠭ᠋ᠠᠳᠬᠠᠯ᠎ᠤᠨ ᠬᠠᠷᠢᠭᠤᠴᠠᠯᠭ᠎ᠠ ᠵᠢᠨ ᠬᠢᠵᠠᠭ᠋ᠠᠷᠲᠤ ᠲᠣᠭ᠋ᠠᠨ᠎ᠤ ᠬᠡᠪᠴᠢᠶᠡᠨ ᠳᠣᠲᠣᠷ᠎ᠠ ᠲᠦᠯᠦᠵᠦ ᠥᠭᠭᠦᠨ᠎ᠡ; ᠬᠦᠷᠦᠯᠴᠡᠬᠦ ᠦᠭᠡᠢ ᠬᠡᠰᠡᠭ᠎ᠲᠤ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠄

    (ᠨᠢᠭᠡ) ᠮᠠᠰᠢᠨᠲᠤ ᠲᠡᠷᠭᠡ ᠵᠢᠨ ᠬᠤᠭᠤᠷᠣᠨᠳᠣ ᠵᠠᠮ ᠬᠠᠷᠢᠯᠴᠠᠭ᠋ᠠᠨ᠎ᠤ ᠭᠡᠨᠡᠳᠡᠯ ᠭᠠᠷᠤᠭᠰᠠᠨ ᠪᠠᠶ᠋ᠢᠪᠠᠯ᠂ ᠪᠤᠷᠤᠭᠤ᠎ᠲᠠᠢ ᠲᠠᠯ᠎ᠠ᠎ᠨᠢ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ; ᠬᠤᠶᠠᠷ ᠲᠠᠯ᠎ᠠ᠎ᠪᠠᠷ ᠵᠶ᠋ᠠᠨ ᠴᠥᠮ ᠪᠤᠷᠤᠭᠤ᠎ᠲᠠᠢ ᠪᠠᠶ᠋ᠢᠪᠠᠯ᠂ ᠲᠤᠰ ᠲᠤᠰ᠎ᠤᠨ ᠪᠤᠷᠤᠭᠤ ᠵᠢᠨ ᠬᠠᠷᠢᠴᠠᠯ ᠵᠶ᠋ᠠᠷ ᠬᠠᠷᠢᠭᠤᠴᠠᠯᠭ᠎ᠠ ᠵᠢ ᠬᠤᠪᠢᠶᠠᠨ ᠡᠭᠦᠷᠭᠡᠯᠡᠨ᠎ᠡ᠃

    (ᠬᠤᠶᠠᠷ) ᠮᠠᠰᠢᠨᠲᠤ ᠲᠡᠷᠭᠡ ᠪᠣᠯᠤᠨ ᠮᠠᠰᠢᠨᠲᠤ ᠪᠤᠰᠤ ᠲᠡᠷᠭᠡᠨ᠎ᠤ ᠵᠢᠯᠣᠭᠤᠴᠢ᠂ ᠶᠠᠪᠠᠭ᠋ᠠᠨ ᠬᠥᠮᠦᠨ᠎ᠤ ᠬᠤᠭᠤᠷᠣᠨᠳᠣ ᠵᠠᠮ ᠬᠠᠷᠢᠯᠴᠠᠭ᠋ᠠᠨ᠎ᠤ ᠭᠡᠨᠡᠳᠡᠯ ᠭᠠᠷᠤᠭ᠋ᠠᠳ᠂ ᠮᠠᠰᠢᠨᠲᠤ ᠪᠤᠰᠤ ᠲᠡᠷᠭᠡᠨ᠎ᠤ ᠵᠢᠯᠣᠭᠤᠴᠢ᠂ ᠶᠠᠪᠠᠭ᠋ᠠᠨ ᠬᠥᠮᠦᠨ ᠪᠤᠷᠤᠭᠤ ᠦᠭᠡᠢ ᠪᠠᠶ᠋ᠢᠪᠠᠯ᠂ ᠮᠠᠰᠢᠨᠲᠤ ᠲᠡᠷᠭᠡᠨ᠎ᠤ ᠲᠠᠯ᠎ᠠ ᠵᠢᠨ᠎ᠬᠢᠨ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ; ᠮᠠᠰᠢᠨᠲᠤ ᠪᠤᠰᠤ ᠲᠡᠷᠭᠡᠨ᠎ᠤ ᠵᠢᠯᠣᠭᠤᠴᠢ᠂ ᠶᠠᠪᠠᠭ᠋ᠠᠨ ᠬᠥᠮᠦᠨ ᠪᠤᠷᠤᠭᠤ᠎ᠲᠠᠢ ᠪᠠᠶ᠋ᠢᠬᠤ ᠵᠢ ᠭᠡᠷᠡᠴᠢᠯᠡᠬᠦ ᠭᠡᠷᠡᠴᠢ ᠪᠠᠷᠢᠮᠲᠠ᠎ᠲᠠᠢ ᠪᠠᠶ᠋ᠢᠪᠠᠯ᠂ ᠪᠤᠷᠤᠭᠤᠳᠠᠭᠰᠠᠨ ᠬᠡᠮᠵᠢᠶ᠎ᠡ ᠵᠢ ᠦᠨᠳᠦᠰᠦᠯᠡᠨ ᠮᠠᠰᠢᠨᠲᠤ ᠲᠡᠷᠭᠡᠨ᠎ᠤ ᠲᠠᠯ᠎ᠠ ᠵᠢᠨ᠎ᠬᠢᠨ᠎ᠤ ᠲᠦᠯᠦᠬᠦ ᠬᠠᠷᠢᠭᠤᠴᠠᠯᠭ᠎ᠠ ᠵᠢ ᠵᠣᠬᠢᠰᠲᠠᠶ᠎ᠪᠠᠷ ᠬᠥᠩᠭᠡᠷᠡᠭᠦᠯᠦᠨ᠎ᠡ; ᠮᠠᠰᠢᠨᠲᠤ ᠲᠡᠷᠭᠡᠨ᠎ᠤ ᠲᠠᠯ᠎ᠠ᠎ᠨᠢ ᠪᠤᠷᠤᠭᠤ ᠦᠭᠡᠢ ᠪᠠᠶ᠋ᠢᠪᠠᠯ᠂ ᠵᠠᠭᠤᠨ᠎ᠤ ᠠᠷᠪᠠ᠎ᠠᠴᠠ ᠦᠯᠦ ᠬᠡᠲᠦᠷᠡᠬᠦ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠃

    ᠵᠠᠮ ᠬᠠᠷᠢᠯᠴᠠᠭ᠋ᠠᠨ᠎ᠤ ᠭᠡᠨᠡᠳᠡᠯ᠎ᠤᠨ ᠬᠤᠬᠢᠷᠠᠯ᠎ᠢ ᠮᠠᠰᠢᠨᠲᠤ ᠪᠤᠰᠤ ᠲᠡᠷᠭᠡᠨ᠎ᠤ ᠵᠢᠯᠣᠭᠤᠴᠢ᠂ ᠶᠠᠪᠠᠭ᠋ᠠᠨ ᠬᠥᠮᠦᠨ ᠮᠠᠰᠢᠨᠲᠤ ᠲᠡᠷᠭᠡ ᠵᠢ ᠵᠣᠷᠢᠭᠤᠳᠠ ᠮᠥᠷᠭᠦᠭᠰᠡᠨ᠎ᠠᠴᠠ ᠪᠣᠯᠤᠭᠰᠠᠨ ᠪᠠᠶ᠋ᠢᠪᠠᠯ᠂ ᠮᠠᠰᠢᠨᠲᠤ ᠲᠡᠷᠭᠡᠨ᠎ᠤ ᠲᠠᠯ᠎ᠠ ᠵᠢᠨ᠎ᠬᠢᠨ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠦᠭᠡᠢ᠃

    ᠳᠠᠯᠠᠨ ᠳᠣᠯᠣᠳᠤᠭ᠋ᠠᠷ ᠵᠦᠢ᠍ᠯ ᠲᠡᠷᠭᠡ ᠵᠠᠮ᠎ᠠᠴᠠ ᠭᠠᠳᠠᠨ᠎ᠠ ᠨᠡᠪᠲᠡᠷᠡᠬᠦ ᠦᠶ᠎ᠡ᠎ᠳᠤ ᠭᠠᠷᠤᠭᠰᠠᠨ ᠡ᠊ᠨᠳᠡᠯ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠡᠷᠡᠭ᠎ᠤᠨ ᠮᠡᠳᠡᠭᠦᠯᠦᠯᠲᠡ ᠵᠢ ᠣᠯᠤᠭᠰᠠᠨ ᠪᠠᠶ᠋ᠢᠪᠠᠯ᠂ ᠲᠤᠰ ᠬᠠᠤᠯᠢ ᠵᠢᠨ ᠬᠤᠯᠪᠣᠭᠳᠠᠯ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠰᠢᠢ᠍ᠳᠪᠦᠷᠢᠯᠡᠨ᠎ᠡ᠃

 

ᠢᠷᠡᠯᠲᠡ᠄ ᠦᠪᠦᠷ ᠮᠤᠩᠭᠤᠯ᠎ᠤᠨ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ