ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠥᠪᠰᠢᠨ᠎ᠤ ᠬᠠᠤᠯᠢ (ᠬᠤᠶᠠᠷ)
ᠨᠡᠶ᠋ᠢᠲᠡᠯᠡᠭᠰᠡᠨ ᠴᠠᠭ᠄ 2024-04-25

     (2003 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2007 ᠣᠨ᠎ᠤ 12 ᠰᠠᠷ᠎ᠠ ᠵᠢᠨ 29᠎ᠤ ᠡᠳᠦᠷ᠎ᠤᠨ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠠᠩᠬ᠎ᠠ ᠤᠳᠠᠭ᠎ᠠ ᠵᠠᠰᠠᠪᠠ᠃ 2011 ᠣᠨ᠎ᠤ 4 ᠰᠠᠷ᠎ᠠ ᠵᠢᠨ 22᠎ᠤᠨ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠳᠤᠭ᠋ᠠᠷ ᠬᠤᠷᠠᠯᠳᠤᠭ᠋ᠠᠨ᠎ᠤ 《〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ᠎ᠤ 4 ᠰᠠᠷ᠎ᠠ ᠵᠢᠨ 29᠎ᠤ ᠡᠳᠦᠷ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ

《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠨᠠᠢ᠍ᠮᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)

 

           ᠬᠤᠶᠠᠳᠤᠭ᠋ᠠᠷ ᠪᠦᠯᠦᠭ   ᠲᠡᠷᠭᠡ ᠪᠣᠯᠤᠨ ᠵᠢᠯᠣᠭᠤᠴᠢ

 

      ᠨᠢᠭᠡᠳᠦᠭᠡᠷ ᠬᠡᠰᠡᠭ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ

      ᠨᠠᠢ᠍ᠮᠠᠳᠤᠭ᠋ᠠᠷ ᠵᠦᠢ᠍ᠯ ᠤᠯᠤᠰ᠎ᠠᠴᠠ ᠮᠠᠰᠢᠨᠲᠤ ᠲᠡᠷᠭᠡᠨ᠎ᠳᠤ ᠳᠠᠩᠰᠠᠯᠠᠭᠤᠯᠬᠤ ᠳᠦᠷᠢᠮ᠎ᠢ ᠬᠡᠷᠡᠭᠵᠢᠭᠦᠯᠦᠨ᠎ᠡ᠃ ᠮᠠᠰᠢᠨᠲᠤ ᠲᠡᠷᠭᠡ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠳᠠᠩᠰᠠᠯᠠᠭᠤᠯᠤᠭᠰᠠᠨ᠎ᠤ ᠳᠡᠷᠡᠭ᠎ᠠ᠂ ᠰᠡᠶ᠋ᠢ ᠵᠠᠮ ᠳᠡᠭᠡᠷ᠎ᠡ ᠭᠠᠷᠭ᠋ᠠᠨ ᠶᠠᠪᠤᠭᠤᠯᠵᠤ ᠪᠣᠯᠤᠨ᠎ᠠ᠃ ᠳᠠᠩᠰᠠᠯᠠᠭᠤᠯᠤᠭ᠋ᠠᠳᠤᠶ ᠮᠠᠰᠢᠨᠲᠤ ᠲᠡᠷᠭᠡ ᠵᠢ ᠵᠠᠮ ᠳᠡᠭᠡᠷ᠎ᠡ ᠲᠦᠷ ᠶᠠᠪᠤᠭᠤᠯᠬᠤ ᠴᠢᠬᠤᠯᠠ᠎ᠲᠠᠢ ᠪᠣᠯ ᠲᠦᠷ ᠶᠠᠪᠤᠭᠤᠯᠬᠤ ᠫᠠᠶ᠋ᠢᠰᠠ ᠦᠨᠡᠮᠯᠡᠯ ᠠᠪᠬᠤ ᠬᠡᠷᠡᠭᠲᠡᠶ᠃

      ᠶᠢᠰᠦᠳᠦᠭᠡᠷ ᠵᠦᠢ᠍ᠯ ᠮᠠᠰᠢᠨ ᠲᠡᠷᠭᠡ ᠵᠢ ᠳᠠᠩᠰᠠᠯᠠᠭᠤᠯᠬᠤ᠎ᠪᠠᠷ ᠭᠤᠶᠤᠴᠢᠯᠠᠬᠤ᠎ᠳᠤ ᠳᠣᠣᠷᠠᠬᠢ ᠭᠡᠷᠡᠴᠢ ᠲᠡᠮᠳᠡᠭ᠂ ᠭᠡᠷᠡᠴᠢ ᠪᠠᠷᠢᠮᠲᠠ ᠵᠢ ᠲᠤᠰᠢᠶᠠᠬᠤ ᠬᠡᠷᠡᠭᠲᠡᠢ᠄

      (ᠨᠢᠭᠡ) ᠮᠠᠰᠢᠨᠲᠤ ᠲᠡᠷᠭᠡ ᠥᠮᠴᠢᠯᠡᠭᠴᠢ ᠵᠢᠨ ᠪᠡᠶ᠎ᠡ ᠵᠢᠨ ᠦᠨᠡᠮᠯᠡᠯ;

      (ᠬᠤᠶᠠᠷ) ᠮᠠᠰᠢᠨᠲᠤ ᠲᠡᠷᠭᠡ ᠵᠢᠨ ᠢᠷᠡᠯᠳᠡ ᠵᠢᠨ ᠭᠡᠷᠡᠴᠢ;

      (ᠭᠤᠷᠪᠠ) ᠮᠠᠰᠢᠨᠲᠤ ᠲᠡᠷᠭᠡ ᠵᠢᠨ ᠦᠢ᠍ᠯᠡᠳᠪᠦᠷᠢ᠎ᠠᠴᠠ ᠭᠠᠷᠬᠤ᠎ᠳᠤ ᠬᠢᠷᠢ ᠲᠡᠩᠴᠡᠭᠰᠡᠨ ᠭᠡᠷᠡᠴᠢ ᠪᠤᠶᠤ ᠭᠠᠳᠠᠭ᠋ᠠᠳᠤ᠎ᠠᠴᠠ ᠣᠷᠣᠭᠤᠯᠤᠭᠰᠠᠨ ᠮᠠᠰᠢᠨᠲᠤ ᠲᠡᠷᠭᠡ ᠵᠢᠨ ᠭᠠᠳᠠᠭ᠋ᠠᠳᠤ᠎ᠠᠴᠠ ᠣᠷᠣᠭᠤᠯᠤᠭᠰᠠᠨ ᠭᠡᠷᠡᠴᠢ ᠪᠠᠷᠢᠮᠲᠠ;

      (ᠲᠦᠷᠪᠡ) ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢᠨ ᠭᠠᠶ᠋ᠢᠯᠢ ᠲᠤᠰᠢᠶᠠᠭᠰᠠᠨ ᠭᠡᠷᠡᠴᠢ ᠪᠤᠶᠤ ᠭᠠᠶ᠋ᠢᠯᠢ᠎ᠠᠴᠠ ᠬᠡᠯᠲᠦᠷᠢᠭᠦᠯᠬᠦ ᠭᠡᠷᠡᠴᠢ ᠪᠠᠷᠢᠮᠲᠠ;

      (ᠲᠠᠪᠤ) ᠮᠠᠰᠢᠨᠲᠤ ᠲᠡᠷᠭᠡ ᠳᠠᠩᠰᠠᠯᠠᠭᠤᠯᠬᠤ ᠦᠶ᠎ᠡ᠎ᠳᠤ ᠲᠤᠰᠢᠶᠠᠬᠤ ᠬᠡᠷᠡᠭᠲᠡᠶ ᠭᠡᠵᠦ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠭᠡᠷᠡᠴᠢ ᠦᠨᠡᠮᠯᠡᠯ᠂ ᠭᠡᠷᠡᠴᠢ ᠪᠠᠷᠢᠮᠲᠠ᠃

     ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠲᠠᠪᠤᠨ ᠠᠵᠢᠯ᠎ᠤᠨ ᠡᠳᠦᠷ᠎ᠤᠨ ᠳᠣᠲᠣᠷ᠎ᠠ ᠮᠠᠰᠢᠨᠲᠤ ᠲᠡᠷᠭᠡ ᠵᠢ ᠳᠠᠩᠰᠠᠯᠠᠵᠤ ᠬᠢᠨᠠᠨ ᠪᠠᠶ᠋ᠢᠴᠠᠭ᠋ᠠᠬᠤ ᠠᠵᠢᠯ᠎ᠢ ᠳᠠᠭᠤᠰᠬᠠᠬᠤ ᠬᠡᠷᠡᠭᠲᠡᠶ᠂ ᠡᠮᠦᠨᠡᠬᠢ ᠪᠠᠳᠠᠭ᠎ᠲᠤ ᠲᠣᠭᠲᠠᠭ᠋ᠠᠭᠰᠠᠨ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ᠎ᠤᠨ ᠫᠠᠶ᠋ᠢᠰᠠ ᠪᠠ ᠠᠶᠠᠯᠠᠨ ᠶᠠᠪᠤᠬᠤ ᠦᠨᠡᠮᠯᠡᠯ ᠣᠯᠭᠤᠬᠤ ᠬᠡᠷᠡᠭᠲᠡᠶ; ᠡᠮᠦᠨᠡᠬᠢ ᠪᠠᠳᠠᠭ᠎ᠲᠤ ᠲᠣᠭᠲᠠᠭ᠋ᠠᠭᠰᠠᠨ ᠨᠥᠬᠦᠴᠡᠯ᠎ᠳᠤ ᠨᠡᠶ᠋ᠢᠴᠡᠬᠦ ᠤᠢ᠍ᠭᠡᠢ ᠪᠠᠶ᠋ᠢᠪᠠᠯ᠂ ᠲᠡᠩᠰᠡᠯᠡᠵᠦ ᠥᠭᠬᠦ ᠤᠢ᠍ᠭᠡᠢ ᠤᠴᠢᠷ ᠰᠢᠯᠲᠠᠭ᠋ᠠᠨ ᠵᠶ᠋ᠠᠨ ᠭᠤᠶᠤᠴᠢᠯᠠᠭᠴᠢ᠎ᠳᠤ ᠲᠣᠳᠣᠷᠬᠠᠶ᠋ᠢᠯᠠᠵᠤ ᠥᠭᠬᠦ ᠬᠡᠷᠡᠭᠲᠡᠶ᠃

      ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠪᠤᠰᠤᠳ ᠶᠠᠮᠠᠷᠪᠠ ᠨᠢᠭᠡᠴᠢ ᠪᠤᠶᠤ ᠬᠤᠪᠢ ᠬᠥᠮᠦᠨ ᠮᠠᠰᠢᠨᠲᠤ ᠲᠡᠷᠭᠡ ᠵᠢᠨ ᠨᠣᠮᠧᠷ᠎ᠤᠨ ᠫᠠᠶ᠋ᠢᠰᠠ ᠣᠯᠭᠤᠬᠤ ᠪᠤᠶᠤ ᠮᠠᠰᠢᠨᠲᠤ ᠲᠡᠷᠭᠡᠨ᠎ᠳᠤ ᠪᠤᠰᠤᠳ ᠨᠣᠮᠧᠷ᠎ᠤᠨ ᠫᠠᠶ᠋ᠢᠰᠠ ᠡᠯᠭᠦᠭᠦᠯᠬᠦ᠎ᠪᠠᠷ ᠱᠠᠭ᠋ᠠᠷᠳᠠᠵᠤ ᠪᠣᠯᠬᠤ ᠦᠭᠡᠢ᠂ ᠲᠤᠰ ᠬᠠᠤᠯᠢ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃

     ᠮᠠᠰᠢᠨᠲᠤ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ᠎ᠤᠨ ᠫᠠᠶ᠋ᠢᠰᠠ᠂ ᠠᠶᠠᠯᠠᠨ ᠶᠠᠪᠤᠬᠤ ᠦᠨᠡᠮᠯᠡᠯ᠎ᠤᠨ ᠬᠡᠪ ᠵᠠᠭᠪᠤᠷ᠎ᠢ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠠᠴᠠ ᠲᠣᠭᠲᠠᠭ᠋ᠠᠬᠤ ᠵᠢᠨ ᠬᠠᠮᠲᠤ ᠬᠢᠨᠠᠨ ᠦᠢ᠍ᠯᠡᠳᠦᠨ᠎ᠡ᠃

     ᠠᠷᠪᠠᠳᠤᠭ᠋ᠠᠷ ᠵᠦᠢ᠍ᠯ ᠳᠠᠩᠰᠠᠯᠠᠭᠤᠯᠬᠤ ᠵᠢ ᠵᠥᠪᠰᠢᠶᠡᠷᠡᠭᠰᠡᠨ ᠮᠠᠰᠢᠨᠲᠤ ᠲᠡᠷᠭᠡ᠎ᠨᠢ ᠮᠠᠰᠢᠨᠲᠤ ᠲᠡᠷᠭᠡ ᠵᠢᠨ ᠲᠤᠬᠠᠶ ᠤᠯᠤᠰ᠎ᠤᠨ ᠠᠮᠤᠷ ᠲᠦᠪᠰᠢᠨ᠎ᠤ ᠲᠤᠬᠠᠶ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠮᠠᠰᠢᠨᠲᠤ ᠲᠡᠷᠭᠡ ᠵᠢ ᠳᠠᠩᠰᠠᠯᠠᠭᠤᠯᠬᠤ᠎ᠪᠠᠷ ᠭᠤᠶᠤᠴᠢᠯᠠᠬᠤ᠎ᠳᠤ᠎ᠪᠠᠨ ᠳᠤᠰ ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠲᠤᠬᠠᠶ ᠲᠧᠭᠨᠢᠭ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ ᠵᠢ ᠬᠦᠯᠢᠶᠡᠬᠦ ᠬᠡᠷᠡᠭᠲᠡᠶ᠃ ᠭᠡᠪᠡᠴᠦ ᠤᠯᠤᠰ᠎ᠤᠨ ᠮᠠᠰᠢᠨᠲᠤ ᠲᠡᠷᠭᠡ ᠵᠢᠨ ᠦᠢ᠍ᠯᠡᠳᠬᠦᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠰᠢᠨᠲᠤ ᠲᠡᠷᠭᠡ ᠵᠢᠨ ᠲᠤᠬᠠᠶ ᠤᠯᠤᠰ᠎ᠤᠨ ᠠᠮᠤᠷ ᠲᠦᠪᠰᠢᠨ᠎ᠤ ᠲᠧᠭᠨᠢᠭ ᠮᠡᠷᠭᠡᠵᠢᠯ᠎ᠤᠨ ᠪᠠᠷᠢᠮᠵᠢᠶ᠎ᠠ ᠵᠢ ᠦᠨᠳᠦᠰᠦᠯᠡᠨ ᠮᠠᠭ᠋ᠠᠳᠯᠠᠨ ᠲᠣᠭᠲᠠᠭ᠋ᠠᠭᠰᠠᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠭᠰᠡᠨ ᠮᠠᠰᠢᠨᠲᠤ ᠲᠡᠷᠭᠡ ᠵᠢᠨ ᠬᠡᠯᠪᠡᠷᠢ ᠮᠠᠶᠢᠭ ᠪᠣᠯᠬᠤ ᠪᠥᠭᠡᠳ ᠳᠤᠰ ᠲᠡᠷᠭᠡᠨ ᠬᠡᠯᠪᠡᠷᠢ ᠵᠢᠨ ᠰᠢᠨ᠎ᠡ ᠲᠡᠷᠭᠡ ᠵᠢ ᠦᠢ᠍ᠯᠡᠳᠪᠦᠷᠢ᠎ᠠᠴᠠ ᠭᠠᠷᠭ᠋ᠠᠬᠤ ᠦᠶ᠎ᠡ᠎ᠳᠤ ᠰᠢᠯᠭ᠋ᠠᠨ ᠪᠠᠶ᠋ᠢᠴᠠᠭ᠋ᠠᠭ᠋ᠠᠳ ᠮᠠᠰᠢᠨᠲᠤ ᠲᠡᠷᠭᠡ ᠵᠢᠨ ᠲᠤᠬᠠᠶ ᠤᠯᠤᠰ᠎ᠤᠨ ᠠᠮᠤᠷ ᠲᠦᠪᠰᠢᠨ᠎ᠤ ᠲᠧᠭᠨᠢᠭ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠵᠦ᠂ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ ᠣᠯᠤᠭᠰᠠᠨ ᠪᠠᠶ᠋ᠢᠪᠠᠯ᠂ ᠠᠮᠤᠷ ᠲᠦᠪᠰᠢᠨ᠎ᠤ ᠲᠧᠭᠨᠢᠭ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ᠎ᠠᠴᠠ ᠬᠡᠯᠲᠦᠷᠢᠭᠦᠯᠦᠨ᠎ᠡ᠃

     ᠠᠷᠪᠠᠨ ᠨᠢᠭᠡᠳᠦᠭᠡᠷ ᠵᠦᠢ᠍ᠯ ᠮᠠᠰᠢᠨᠲᠤ ᠲᠡᠷᠭᠡ ᠵᠢᠯᠣᠭᠤᠳᠴᠤ ᠵᠠᠮ᠎ᠳᠤ ᠭᠠᠷᠴᠤ ᠶᠠᠪᠤᠬᠤ᠎ᠳᠤ᠎ᠪᠠᠨ ᠮᠠᠰᠢᠨᠲᠤ ᠲᠡᠷᠭᠡ ᠵᠢᠨ ᠨᠣᠮᠧᠷ᠎ᠤᠨ ᠫᠠᠶ᠋ᠢᠰᠠ ᠡᠯᠭᠦᠵᠦ᠂ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭ᠋ᠠᠳᠬᠠᠯ᠎ᠤᠨ ᠢᠯᠡᠳᠬᠡᠮᠵᠢ ᠳᠡᠮᠳᠡᠭ ᠲᠠᠯᠪᠢᠬᠤ ᠬᠡᠷᠡᠭᠲᠡᠶ ᠪᠥᠭᠡᠳ ᠮᠠᠰᠢᠨᠲᠤ ᠲᠡᠷᠭᠡ ᠵᠢᠨ ᠠᠶᠠᠯᠠᠨ ᠶᠠᠪᠤᠬᠤ ᠦᠨᠡᠮᠯᠡᠯ ᠵᠶ᠋ᠠᠨ ᠲᠡᠷᠭᠡᠨ᠎ᠳᠤ᠎ᠪᠠᠨ ᠠᠪᠴᠤ ᠶᠠᠪᠤᠬᠤ ᠬᠡᠷᠡᠭᠲᠡᠶ᠃

     ᠮᠠᠰᠢᠨᠲᠤ ᠲᠡᠷᠭᠡ ᠵᠢᠨ ᠨᠣᠮᠧᠷ᠎ᠤᠨ ᠫᠠᠶ᠋ᠢᠰᠠ ᠵᠢ ᠲᠣᠭᠲᠠᠭ᠋ᠠᠯ ᠶᠣᠰᠣᠭ᠋ᠠᠷ ᠡᠯᠭᠦᠬᠦ ᠬᠡᠷᠡᠭᠲᠡᠶ ᠪᠥᠭᠡᠳ ᠲᠣᠳᠣᠷᠬᠠᠶ᠂ ᠪᠦᠷᠢᠨ ᠪᠦᠲᠦᠨ ᠪᠠᠶ᠋ᠢᠯᠭ᠋ᠠᠬᠤ ᠬᠡᠷᠡᠭᠲᠡᠶ᠂ ᠵᠣᠷᠢᠭᠤᠳᠠ ᠬᠠᠯᠬᠠᠯᠠᠵᠤ᠂ ᠭ᠋ᠬᠢᠷᠲᠦᠭᠦᠯᠦᠨ ᠰᠦᠢ᠍ᠳᠬᠡᠵᠦ ᠪᠣᠯᠬᠤ ᠦᠭᠡᠢ᠃

     ᠶᠠᠮᠠᠷᠪᠠ ᠨᠢᠭᠡᠴᠢ ᠪᠠ ᠬᠤᠪᠢ ᠬᠥᠮᠦᠨ ᠮᠠᠰᠢᠨᠲᠤ ᠲᠡᠷᠭᠡ ᠵᠢᠨ ᠨᠣᠮᠧᠷ᠎ᠤᠨ ᠫᠠᠶ᠋ᠢᠰᠠ ᠵᠢ ᠬᠤᠷᠢᠶᠠᠨ ᠠᠪᠴᠤ᠂ ᠦᠯᠡᠳᠡᠭᠡᠨ ᠠᠪᠴᠤ ᠪᠣᠯᠬᠤ ᠦᠭᠡᠢ᠃

     ᠠᠷᠪᠠᠨ ᠬᠤᠶᠠᠳᠤᠭ᠋ᠠᠷ ᠵᠦᠢ᠍ᠯ ᠲᠣᠤᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠣᠬᠢᠴᠠᠩᠭᠤᠶ ᠲᠠᠩᠰᠠᠯᠠᠯᠳᠠ ᠬᠢᠯᠭᠡᠬᠦ ᠬᠡᠷᠡᠭᠲᠡᠶ᠄

     (ᠨᠢᠭᠡ) ᠮᠠᠰᠢᠨᠲᠤ ᠲᠡᠷᠭᠡ ᠵᠢᠨ ᠥᠮᠴᠢᠯᠡᠬᠦ ᠡᠷᠬᠡ ᠰᠢᠯᠵᠢᠭᠰᠡᠨ ;

     (ᠬᠤᠶᠠᠷ) ᠮᠠᠰᠢᠨᠲᠤ ᠲᠡᠷᠭᠡ ᠵᠢᠨ ᠳᠠᠩᠰᠠᠯᠠᠭᠤᠯᠤᠭᠰᠠᠨ ᠠᠭᠤᠯᠭ᠎ᠠ᠎ᠳᠤ ᠬᠤᠪᠢᠷᠠᠯᠲᠠ ᠭᠠᠷᠤᠭᠰᠠᠨ;

     (ᠭᠤᠷᠪᠠ) ᠮᠠᠰᠢᠨᠲᠤ ᠲᠡᠷᠭᠡ ᠵᠢ ᠪᠠᠷᠢᠴᠠᠭ᠋ᠠᠯᠠᠬᠤ᠎ᠳᠤ ᠬᠡᠷᠡᠭᠯᠡᠭᠰᠡᠨ;

     (ᠳᠦᠷᠪᠡ) ᠮᠠᠰᠢᠨᠲᠤ ᠲᠡᠷᠭᠡ ᠬᠡᠷᠡᠭᠴᠡᠭᠡ᠎ᠠᠴᠠ ᠭᠠᠷᠤᠭᠰᠠᠨ᠃

     ᠠᠷᠪᠠᠨ ᠭᠤᠷᠪᠠᠳᠤᠭ᠋ᠠᠷ ᠵᠦᠢ᠍ᠯ ᠳᠠᠩᠰᠠᠯᠠᠭᠤᠯᠤᠭᠰᠠᠨ᠎ᠤ ᠳᠠᠷᠠᠭ᠎ᠠ ᠵᠠᠮ᠎ᠳᠤ ᠭᠠᠷᠴᠤ ᠶᠠᠪᠤᠬᠤ ᠮᠠᠰᠢᠨᠲᠤ ᠲᠡᠷᠭᠡ᠎ᠳᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠲᠡᠷᠭᠡ ᠬᠥᠰᠬᠡ ᠵᠢᠨ ᠬᠡᠷᠡᠭᠴᠡᠭᠡ᠂ ᠠᠶᠠᠨᠴᠢᠳ ᠪᠠ ᠪᠠᠷᠠᠭ᠎ᠠ ᠠᠴᠢᠶᠠᠯᠠᠬᠤ ᠲᠣᠭ᠎ᠠ ᠬᠡᠮᠵᠢᠶ᠎ᠡ᠂ ᠬᠡᠷᠡᠭᠯᠡᠬᠦ ᠵᠢᠯ ᠬᠤᠭᠤᠴᠠᠭ᠎ᠠ ᠵᠡᠷᠭᠡ ᠠᠳᠠᠯᠢ ᠪᠤᠰᠤ ᠪᠠᠶ᠋ᠢᠳᠠᠯ᠎ᠢ ᠦᠨᠳᠦᠰᠦᠯᠡᠨ᠂ ᠠᠶᠤᠯ ᠦᠭᠡᠶ ᠵᠢᠨ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠬᠦ ᠬᠡᠷᠡᠭᠲᠡᠶ᠃ ᠮᠠᠰᠢᠨᠲᠤ ᠲᠡᠷᠭᠡ ᠶᠠᠪᠤᠭᠤᠯᠬᠤ ᠦᠨᠡᠮᠯᠡᠯ ᠪᠠ ᠮᠠᠰᠢᠨᠲᠤ ᠲᠡᠷᠭᠡᠨ᠎ᠤ ᠭᠤᠷᠪᠠᠳᠤᠭ᠋ᠠᠷ ᠡᠲᠡᠭᠡᠳ᠎ᠤᠨ ᠬᠠᠷᠢᠭᠤᠴᠠᠯᠭ᠎ᠠ ᠵᠢᠨ ᠠᠯᠪᠠᠳᠠᠯᠭ᠎ᠠ ᠵᠢᠨ ᠳᠠᠭ᠋ᠠᠳᠬᠠᠯ᠎ᠤᠨ ᠬᠠᠭᠤᠳᠠᠰᠤ ᠬᠠᠩᠭ᠋ᠠᠬᠤ᠎ᠳᠤ᠂ ᠮᠠᠰᠢᠨᠲᠤ ᠲᠡᠷᠭᠡᠨ᠎ᠤ ᠠᠮᠤᠷ ᠲᠦᠪᠰᠢᠨ᠎ᠤ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠰᠢᠯᠭ᠋ᠠᠨ ᠪᠠᠶ᠋ᠢᠴᠠᠭ᠋ᠠᠬᠤ ᠬᠡᠷᠡᠭᠲᠡᠶ᠂ ᠶᠠᠮᠠᠷᠪᠠ ᠨᠢᠭᠡᠴᠢ ᠭᠡᠳ ᠪᠤᠰᠤᠳ ᠨᠥᠬᠥᠴᠡᠯ᠎ᠢ ᠳᠠᠭ᠋ᠠᠯᠳᠤᠭᠤᠯᠵᠤ ᠪᠣᠯᠬᠤ ᠦᠭᠡᠶ᠃ ᠮᠠᠰᠢᠨᠲᠤ ᠲᠡᠷᠭᠡᠨ᠎ᠤ ᠤᠯᠤᠰ᠎ᠤᠨ ᠠᠮᠤᠷ ᠲᠦᠪᠰᠢᠨ᠎ᠤ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠬᠦ᠎ᠳᠤ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠰᠢᠯᠭ᠋ᠠᠨ ᠪᠠᠶ᠋ᠢᠴᠠᠭ᠋ᠠᠵᠤ ᠬᠢᠷᠢ ᠲᠡᠩᠴᠡᠭᠰᠡᠨ ᠲᠡᠮᠳᠡᠭ ᠣᠯᠭᠣᠬᠤ ᠬᠡᠷᠡᠭᠲᠡᠶ᠃

     ᠮᠠᠰᠢᠨᠲᠤ ᠲᠡᠷᠭᠡᠨ᠎ᠤ ᠠᠮᠤᠷ ᠲᠦᠪᠰᠢᠨ᠎ᠤ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠨᠡᠶ᠋ᠢᠭᠡᠮᠴᠢᠯᠡᠯᠲᠡ ᠵᠢ ᠬᠡᠷᠡᠭᠵᠢᠭᠦᠯᠦᠨ᠎ᠡ᠃ ᠪᠣᠳᠠᠲᠠᠶ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃

     ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠲᠤᠬᠠᠶ ᠲᠧᠭᠨᠢᠭ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ ᠵᠢ ᠨᠡᠶ᠋ᠢᠭᠡᠮᠴᠢᠯᠡᠭᠰᠡᠨ ᠭᠠᠵᠠᠷ ᠣᠷᠣᠨ᠎ᠳᠤ ᠶᠠᠮᠠᠷᠪᠠ ᠨᠢᠭᠡᠴᠢ ᠭᠡᠳ ᠮᠠᠰᠢᠨᠲᠤ ᠲᠡᠷᠭᠡ ᠵᠢ ᠵᠢᠭ᠋ᠠᠨ ᠲᠣᠭᠲᠠᠭ᠋ᠠᠭᠰᠠᠨ ᠭᠠᠵᠠᠷ᠎ᠲᠤ ᠣᠴᠢᠭᠤᠯᠵᠤ ᠰᠢᠯᠭ᠋ᠠᠨ ᠪᠠᠶ᠋ᠢᠴᠠᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠦᠬᠡᠢ᠃

     ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠮᠠᠰᠢᠨᠲᠤ ᠲᠡᠷᠭᠡᠨ᠎ᠤ ᠠᠮᠤᠷ ᠲᠦᠪᠰᠢᠨ᠎ᠤ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠮᠠᠰᠢᠨᠲᠤ ᠲᠡᠷᠭᠡ ᠵᠢ ᠵᠢᠭ᠋ᠠᠨ ᠲᠣᠭᠲᠠᠭ᠋ᠠᠭᠰᠠᠨ ᠭᠠᠵᠠᠷ᠎ᠲᠤ ᠣᠴᠢᠵᠤ ᠰᠡᠯᠪᠢᠨ ᠵᠠᠰᠠᠭᠤᠯᠬᠤ᠂ ᠠᠷᠠᠴᠢᠯᠠᠭᠤᠯᠬᠤ᠎ᠪᠠᠷ ᠱᠠᠭ᠋ᠠᠷᠳᠠᠵᠤ ᠪᠣᠯᠬᠤ ᠦᠭᠡᠶ᠃

    ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠲᠧᠭᠨᠢᠭ ᠮᠡᠷᠭᠡᠵᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ ᠪᠠᠶ᠋ᠢᠭᠤᠯᠤᠮᠵᠢ ᠮᠠᠰᠢᠨᠲᠤ ᠲᠡᠷᠭᠡ ᠰᠢᠯᠭ᠋ᠠᠨ ᠪᠠᠶ᠋ᠢᠴᠠᠭ᠋ᠠᠬᠤ᠎ᠳᠤ ᠰᠦᠢ᠍ᠳᠬᠡᠯ ᠬᠤᠷᠢᠶᠠᠬᠤ᠎ᠳᠤ᠎ᠪᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠦᠨ᠎ᠡ ᠬᠠᠩᠰᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠲᠣᠭᠲᠠᠭ᠋ᠠᠭᠰᠠᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠶ᠃

    ᠠᠷᠪᠠᠨ ᠳᠥᠷᠪᠡᠳᠦᠭᠡᠷ ᠵᠦᠢ᠍ᠯ ᠤᠯᠤᠰ᠎ᠠᠴᠠ ᠮᠠᠰᠢᠨᠲᠤ ᠲᠡᠷᠭᠡ ᠵᠢ ᠠᠯᠪᠠᠳᠠᠯᠭ᠎ᠠ᠎ᠪᠠᠷ ᠬᠡᠷᠡᠭᠴᠡᠭᠡ᠎ᠠᠴᠠ ᠭᠠᠷᠭ᠋ᠠᠬᠤ ᠳᠦᠷᠢᠮ᠎ᠢ ᠬᠡᠷᠡᠭᠵᠢᠭᠦᠯᠵᠦ᠂ ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠲᠤᠬᠠᠶ ᠮᠡᠷᠭᠡᠵᠢᠯ᠎ᠤᠨ ᠪᠠᠶ᠋ᠢᠳᠠᠯ ᠪᠣᠯᠤᠨ ᠠᠳᠠᠯᠢ ᠪᠤᠰᠤ ᠬᠡᠷᠡᠭᠴᠡᠭᠡ ᠵᠢ ᠦᠨᠳᠦᠰᠦᠯᠡᠨ᠂ ᠬᠡᠷᠡᠭᠴᠡᠭᠡ᠎ᠠᠴᠠ ᠭᠠᠷᠭ᠋ᠠᠬᠤ ᠠᠳᠠᠯᠢ ᠪᠤᠰᠤ ᠪᠠᠷᠢᠮᠵᠢᠶ᠎ᠠ ᠵᠢ ᠳᠤᠭᠳᠠᠭ᠋ᠠᠬᠤ ᠬᠡᠷᠡᠭᠳᠡᠢ᠃

     ᠬᠡᠷᠡᠭᠴᠡᠭᠡ᠎ᠠᠴᠠ ᠭᠠᠷᠭ᠋ᠠᠬᠤ ᠶᠣᠰᠣᠲᠠᠶ ᠮᠠᠰᠢᠨᠲᠤ ᠲᠡᠷᠭᠡ ᠵᠢ ᠡᠷᠬᠡᠪᠰᠢ ᠴᠠᠭ ᠲᠤᠬᠠᠶ᠎ᠳᠤ᠎ᠨᠢ ᠳᠠᠩᠰᠠᠨ᠎ᠠᠴᠠ ᠬᠠᠰᠤᠬᠤ ᠲᠠᠩᠰᠠᠯᠠᠯᠳᠠ ᠬᠢᠯᠭᠡᠬᠦ ᠬᠡᠷᠡᠭᠲᠡᠶ᠃

      ᠬᠡᠷᠡᠭᠴᠡᠭᠡ᠎ᠠᠴᠠ ᠭᠠᠷᠭ᠋ᠠᠬᠤ ᠪᠠᠷᠢᠮᠵᠢᠶ᠎ᠠ᠎ᠳᠤ ᠬᠦᠷᠦᠭᠰᠡᠨ ᠮᠠᠰᠢᠨᠲᠤ ᠲᠡᠷᠭᠡ ᠵᠢ ᠵᠠᠮ ᠳᠡᠭᠡᠷ᠎ᠡ ᠭᠠᠷᠭ᠋ᠠᠨ ᠶᠠᠪᠤᠭᠤᠯᠵᠤ ᠪᠣᠯᠬᠤ ᠦᠭᠡᠶ᠃ ᠬᠡᠷᠡᠭᠴᠡᠭᠡ᠎ᠠᠴᠠ ᠭᠠᠷᠤᠭᠰᠠᠨ ᠠᠶᠠᠨᠴᠢᠳ᠂ ᠪᠠᠷᠠᠭ᠋ᠠᠨ᠎ᠤ ᠲᠣᠮᠣ ᠬᠡᠯᠪᠡᠷᠢ ᠵᠢᠨ ᠲᠡᠷᠭᠡ ᠵᠢᠴᠢ ᠲᠡᠭᠡᠭᠡᠪᠦᠷᠢ ᠡᠵᠡᠩᠨᠡᠵᠦ ᠪᠠᠶ᠋ᠢᠭ᠎ᠠ ᠪᠤᠰᠤᠳ ᠲᠡᠷᠭᠡ ᠬᠥᠰᠬᠡ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠯᠲᠠ ᠳᠣᠤᠷ᠎ᠠ ᠰᠦᠢ᠍ᠷᠡᠭᠦᠯᠵᠦ ᠵᠠᠳᠠᠯᠤᠭᠰᠠᠨ ᠪᠠᠶ᠋ᠢᠬᠤ ᠬᠡᠷᠡᠭᠲᠡᠶ᠃

     ᠠᠷᠪᠠᠨ ᠲᠠᠪᠤᠳᠤᠭ᠋ᠠᠷ ᠵᠦᠢ᠍ᠯ ᠴᠠᠭᠳᠠᠭ᠋ᠠᠨ᠎ᠤ ᠲᠡᠷᠭᠡ᠂ ᠭᠠᠯ ᠤᠨᠲᠠᠷᠠᠭ᠋ᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠵᠢᠨ ᠠᠶᠤᠯ᠎ᠠᠴᠠ ᠠᠪᠤᠷᠠᠬᠤ ᠲᠡᠷᠭᠡ ᠲᠣᠭᠲᠠᠭ᠋ᠠᠯ ᠶᠣᠰᠣᠭ᠋ᠠᠷ ᠲᠡᠮᠳᠡᠭ ᠵᠢᠷᠤᠭ ᠰᠦᠷᠴᠢᠵᠦ᠂ ᠰᠡᠷᠡᠮᠵᠢ ᠵᠢᠨ ᠳᠣᠬᠢᠶᠠᠨ᠎ᠤ ᠮᠠᠰᠢᠨ᠂ ᠲᠡᠮᠳᠡᠭ ᠳ᠋ᠧᠩ᠎ᠢ ᠤᠭᠰᠠᠷᠠᠬᠤ ᠬᠡᠷᠡᠭᠲᠡᠶ᠃ ᠪᠤᠰᠤᠳ ᠮᠠᠰᠢᠨᠲᠤ ᠲᠡᠷᠭᠡ ᠳᠡᠭᠡᠷ᠎ᠡ ᠳᠤᠷᠠᠳᠤᠭᠰᠠᠨ ᠲᠡᠷᠭᠡ ᠬᠥᠰᠬᠡ ᠵᠢᠨ ᠲᠤᠰᠬᠠᠶ ᠬᠡᠷᠡᠭᠯᠡᠬᠦ ᠪᠤᠶᠤ ᠲᠡᠭᠦᠨ᠎ᠯᠦᠭᠡ ᠠᠳᠠᠯᠢᠪᠲᠤᠷ ᠲᠡᠮᠳᠡᠭ ᠵᠢᠷᠤᠭ᠂ ᠰᠡᠷᠡᠮᠵᠢ ᠵᠢᠨ ᠳᠣᠬᠢᠶᠠᠨ ᠬᠡᠷᠡᠭᠰᠡᠯ ᠪᠤᠶᠤ ᠲᠡᠮᠳᠡᠭ ᠳ᠋ᠧᠩ᠎ᠢ ᠰᠦᠷᠴᠢᠨ ᠰᠢᠷᠳᠡᠵᠦ᠂ ᠤᠭᠰᠠᠷᠠᠵᠤ ᠬᠡᠷᠡᠭᠯᠡᠵᠦ ᠪᠣᠯᠬᠤ ᠦᠭᠡᠶ᠃

      ᠴᠠᠭᠳᠠᠭ᠋ᠠᠨ᠎ᠤ ᠲᠡᠷᠭᠡ᠂ ᠭᠠᠯ ᠤᠨᠲᠠᠷᠠᠭ᠋ᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠵᠢᠨ ᠠᠶᠤᠯ᠎ᠠᠴᠠ ᠠᠪᠤᠷᠠᠬᠤ ᠲᠡᠷᠭᠡ ᠵᠢ ᠲᠣᠭᠲᠠᠭᠰᠠᠨ ᠬᠡᠷᠡᠭᠴᠡᠭᠡ ᠪᠣᠯᠤᠨ ᠨᠥᠬᠥᠴᠡᠯ᠎ᠢ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠶ᠃

     ᠵᠠᠰᠠᠮᠠᠯ ᠵᠡᠮ᠎ᠤᠨ ᠬᠢᠨᠠᠯᠲᠠ ᠪᠠᠶ᠋ᠢᠴᠠᠭ᠋ᠠᠯᠲᠠ ᠵᠢᠨ ᠲᠤᠰᠬᠠᠶ ᠲᠡᠷᠭᠡ ᠤᠨᠤᠭ᠎ᠠ᠎ᠳᠤ ᠵᠠᠰᠠᠮᠠᠯ ᠵᠡᠮ᠎ᠤᠨ ᠬᠠᠤᠯᠢ ᠵᠢᠨ ᠲᠣᠭᠲᠠᠭ᠋ᠠᠯ ᠶᠣᠰᠣᠭ᠋ᠠᠷ ᠨᠢᠭᠡᠳᠦᠯᠲᠡᠶ ᠲᠡᠮᠳᠡᠭ ᠪᠠ ᠰᠡᠷᠡᠮᠵᠢ ᠵᠢᠨ ᠳ᠋ᠧᠩ ᠲᠠᠭ᠋ᠠᠷᠠᠭᠤᠯᠬᠤ ᠬᠡᠷᠡᠭᠲᠡᠶ᠃

     ᠠᠷᠪᠠᠨ ᠵᠢᠷᠭᠤᠳᠤᠭ᠋ᠠᠷ ᠵᠦᠢ᠍ᠯ   ᠶᠠᠮᠠᠷᠪᠠ ᠨᠢᠭᠡᠴᠢ ᠪᠤᠶᠤ ᠬᠤᠪᠢ ᠬᠥᠮᠦᠨ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠄

    (ᠨᠢᠭᠡ) ᠮᠠᠰᠢᠨᠲᠤ ᠲᠡᠷᠭᠡ ᠵᠢ ᠨᠡᠶ᠋ᠢᠯᠡᠭᠦᠯᠵᠦ ᠤᠭᠰᠠᠷᠠᠬᠤ ᠪᠤᠶᠤ ᠮᠠᠰᠢᠨᠲᠤ ᠲᠡᠷᠭᠡ ᠵᠢᠨ ᠨᠢᠭᠡᠨᠲᠡ ᠳᠠᠩᠰᠠᠯᠠᠭᠤᠯᠤᠭᠰᠠᠨ ᠪᠦᠲᠦᠴᠡ᠂ ᠪᠦᠷᠢᠯᠳᠦᠭᠦᠨ ᠪᠤᠶᠤ ᠣᠨᠴᠠᠯᠢᠭ ᠰᠢᠨᠵᠢ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ;

    (ᠬᠤᠶᠠᠷ) ᠮᠠᠰᠢᠨᠲᠤ ᠲᠡᠷᠭᠡᠨ᠎ᠤ ᠬᠡᠯᠪᠡᠷᠢ ᠮᠠᠶᠢᠭ᠂ ᠬᠥᠳᠡᠯᠭᠡᠭᠦᠷ᠎ᠤᠨ ᠨᠣᠮᠧᠷ᠂ ᠲᠡᠷᠭᠡᠨ ᠵᠢᠶᠠᠰᠠ ᠵᠢᠨ ᠨᠣᠮᠧᠷ ᠪᠤᠶᠤ ᠲᠡᠷᠭᠡ ᠵᠢ ᠢᠯᠭ᠋ᠠᠨ ᠲᠠᠨᠢᠬᠤ ᠣᠷᠣᠯᠠᠬᠤ ᠨᠣᠮᠧᠷ᠎ᠢ ᠬᠤᠪᠢᠷᠠᠭᠤᠯᠬᠤ;

    (ᠭᠤᠷᠪᠠ) ᠮᠠᠰᠢᠨ ᠲᠡᠷᠭᠡᠨ᠎ᠤ ᠳᠠᠩᠰᠠᠯᠠᠭᠤᠯᠤᠭᠰᠠᠨ ᠦᠨᠡᠮᠯᠡᠯ᠂ ᠨᠤᠮᠧᠷᠲᠦ ᠫᠠᠶ᠋ᠢᠰᠠ᠂ ᠵᠠᠮ᠎ᠳᠤ ᠭᠠᠷᠬᠤ ᠦᠨᠡᠮᠯᠡᠯ᠂ ᠰᠢᠯᠭ᠋ᠠᠨ ᠪᠠᠶ᠋ᠢᠴᠠᠭ᠋ᠠᠯᠲᠠ ᠵᠢᠨ ᠬᠢᠷᠢ ᠲᠡᠩᠴᠡᠯᠲᠡ ᠵᠢᠨ ᠲᠡᠮᠳᠡᠭ᠂ ᠳᠠᠭ᠋ᠠᠳᠬᠠᠯ᠎ᠤᠨ ᠲᠡᠮᠳᠡᠭ᠎ᠢ ᠬᠠᠭᠤᠷᠮᠠᠭ ᠵᠶ᠋ᠠᠷ ᠵᠣᠬᠢᠶᠠᠬᠤ ᠪᠤᠶᠤ ᠬᠤᠪᠢᠷᠠᠭᠤᠯᠤᠨ ᠦᠢ᠍ᠯᠡᠳᠴᠦ ᠬᠡᠷᠡᠭᠯᠡᠬᠦ;

    (ᠳᠦᠷᠪᠡ) ᠪᠤᠰᠤᠳ ᠮᠠᠰᠢᠨᠲᠤ ᠲᠡᠷᠭᠡ ᠵᠢᠨ ᠳᠠᠩᠰᠠᠯᠠᠭᠤᠯᠤᠭᠰᠠᠨ ᠭᠡᠷᠡᠴᠢ ᠪᠢᠴᠢᠭ᠂ ᠨᠣᠮᠧᠷ᠎ᠤᠨ ᠫᠠᠶ᠋ᠢᠰᠠ᠂ ᠠᠶᠠᠯᠠᠨ ᠶᠠᠪᠤᠬᠤ ᠦᠨᠡᠮᠯᠡᠯ᠂ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠢᠯᠡᠳᠬᠡᠮᠵᠢ ᠳᠡᠮᠳᠡᠭ᠂ ᠳᠠᠭ᠋ᠠᠳᠬᠠᠯ᠎ᠤᠨ ᠢᠯᠡᠳᠬᠡᠮᠵᠢ ᠳᠡᠮᠳᠡᠭ᠎ᠢ ᠬᠡᠷᠡᠭᠯᠡᠬᠦ᠃

     ᠠᠷᠪᠠᠨ ᠳᠣᠯᠣᠳᠤᠭ᠋ᠠᠷ ᠵᠦᠢ᠍ᠯ ᠤᠯᠤᠰ᠎ᠠᠴᠠ ᠮᠠᠰᠢᠨᠲᠤ ᠲᠡᠷᠭᠡᠨ᠎ᠤ ᠭᠤᠷᠪᠠᠳᠤᠭ᠋ᠠᠷ ᠡᠲᠡᠭᠡᠳ᠎ᠤᠨ ᠬᠠᠷᠢᠭᠤᠴᠠᠯᠭ᠎ᠠ ᠵᠢᠨ ᠠᠯᠪᠠᠳᠠᠯᠭ᠎ᠠ ᠵᠢᠨ ᠳᠠᠭ᠋ᠠᠳᠬᠠᠯ᠎ᠤᠨ ᠳᠦᠷᠢᠮ᠎ᠢ ᠬᠡᠷᠡᠭᠵᠢᠭᠦᠯᠵᠦ᠂ ᠵᠠᠮ ᠬᠠᠷᠢᠯᠴᠠᠭ᠋ᠠᠨ᠎ᠤ ᠡᠨᠳᠡᠯ᠎ᠤᠨ ᠨᠡᠶ᠋ᠢᠭᠡᠮ᠎ᠤᠨ ᠠᠪᠤᠷᠠᠨ ᠲᠤᠰᠠᠯᠠᠬᠤ ᠰᠠᠭᠤᠷᠢ ᠮᠥᠩᠭᠥ ᠵᠢ ᠪᠠᠶ᠋ᠢᠭᠤᠯᠤᠨ᠎ᠠ᠃ ᠪᠣᠳᠠᠲᠠᠶ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃

    ᠠᠷᠪᠠᠨ ᠨᠠᠢ᠍ᠮᠠᠳᠤᠭ᠋ᠠᠷ ᠵᠦᠢ᠍ᠯ ᠬᠠᠤᠯᠢ ᠶᠣᠰᠣᠭ᠋ᠠᠷ ᠳᠠᠩᠰᠠᠯᠠᠭᠤᠯᠬᠤ ᠶᠣᠰᠣᠲᠠᠶ ᠮᠠᠰᠢᠨᠲᠤ ᠪᠤᠰᠤ ᠲᠡᠷᠭᠡ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ᠎ᠤ ᠳᠠᠷᠠᠭ᠎ᠠ ᠰᠠᠶᠢ ᠵᠠᠮ᠎ᠳᠤ ᠭᠠᠷᠭ᠋ᠠᠨ ᠶᠠᠪᠤᠭᠤᠯᠵᠤ ᠪᠣᠯᠤᠨ᠎ᠠ᠃

    ᠬᠠᠤᠯᠢ ᠶᠣᠰᠣᠭ᠋ᠠᠷ ᠳᠠᠩᠰᠠᠯᠠᠭᠤᠯᠬᠤ ᠶᠣᠰᠣᠲᠠᠶ ᠮᠠᠰᠢᠨᠲᠤ ᠪᠤᠰᠤ ᠲᠡᠷᠭᠡ ᠵᠢᠨ ᠳᠦᠷᠦᠯ ᠵᠦᠢ᠍ᠯ᠎ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠬᠠᠶ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠵᠦ ᠲᠣᠭᠲᠠᠭ᠋ᠠᠨ᠎ᠠ᠃

    ᠮᠠᠰᠢᠨᠲᠤ ᠪᠤᠰᠤ ᠲᠡᠷᠭᠡ ᠵᠢᠨ ᠭᠠᠳᠠᠷ ᠬᠡᠯᠪᠡᠷᠢ ᠵᠢᠨ ᠬᠡᠮ ᠬᠡᠮᠵᠢᠶ᠎ᠡ᠂ ᠶᠠᠰᠤ ᠴᠢᠨᠠᠷ᠂ ᠲᠤᠷᠮᠤᠰᠯᠠᠭᠤᠷ᠂ ᠲᠡᠷᠭᠡᠨ ᠬᠤᠨᠭ᠌ᠬᠤ ᠪᠠ ᠰᠥᠨᠢ᠎ᠪᠠᠷ ᠭᠡᠷᠡᠯ ᠣᠶ᠋ᠢᠯᠭ᠋ᠠᠬᠤ ᠲᠣᠨᠣᠭᠯᠠᠯ᠎ᠨᠢ ᠮᠠᠰᠢᠨᠲᠤ ᠪᠤᠰᠤ ᠲᠡᠷᠭᠡ ᠵᠢᠨ ᠠᠮᠤᠷ ᠲᠦᠪᠰᠢᠨ᠎ᠤ ᠲᠤᠬᠠᠶ ᠲᠧᠭᠨᠢᠭ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃

     ᠬᠤᠶᠠᠳᠤᠭ᠋ᠠᠷ ᠬᠡᠰᠡᠭ ᠮᠠᠰᠢᠨᠲᠤ ᠲᠡᠷᠭᠡᠨ᠎ᠤ ᠵᠢᠯᠣᠭᠤᠴᠢ

      ᠠᠷᠪᠠ ᠶᠢᠰᠦᠳᠦᠭᠡᠷ ᠵᠦᠢ᠍ᠯ   ᠮᠠᠰᠢᠨᠲᠤ ᠲᠡᠷᠭᠡ ᠵᠢᠯᠣᠭᠤᠳᠬᠤ᠎ᠳᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠬᠠᠤᠯᠢ ᠶᠣᠰᠣᠭ᠋ᠠᠷ ᠣᠯᠤᠭᠰᠠᠨ ᠪᠠᠶ᠋ᠢᠬᠤ ᠬᠡᠷᠡᠭᠲᠡᠶ᠃

    ᠮᠠᠰᠢᠨᠲᠤ ᠲᠡᠷᠭᠡ ᠵᠢᠯᠣᠭᠤᠳᠬᠤ ᠦᠨᠡᠮᠯᠡᠯ ᠭᠤᠶᠤᠴᠢᠯᠠᠬᠤ᠎ᠳᠤ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠢᠯᠣᠭᠤᠳᠬᠤ ᠵᠢ ᠵᠥᠪᠰᠢᠶᠡᠷᠡᠬᠦ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ; ᠰᠢᠯᠭ᠋ᠠᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠣᠬᠢᠴᠠᠩᠭᠤᠶ ᠳᠦᠷᠦᠯ ᠢᠯᠭ᠋ᠠᠯ᠎ᠤᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠭᠤᠨ᠎ᠠ᠃

    ᠬᠢᠯᠢ ᠵᠢᠨ ᠭᠠᠳᠠᠨᠠᠬᠢ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠲᠠᠢ ᠬᠥᠮᠦᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠢᠯᠣᠭᠤᠳᠬᠤ ᠵᠢ ᠵᠥᠪᠰᠢᠶᠡᠷᠡᠬᠦ ᠨᠥᠬᠦᠴᠡᠯ᠎ᠳᠤ ᠨᠡᠶ᠋ᠢᠴᠡᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠪᠠᠶ᠋ᠢᠪᠠᠯ᠂ ᠳᠤᠮᠳᠠᠳᠤ ᠤᠯᠤᠰ᠎ᠤᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠭᠤᠵᠤ ᠪᠣᠯᠤᠨ᠎ᠠ᠃

    ᠵᠢᠯᠣᠭᠤᠴᠢ᠎ᠠᠴᠠ ᠵᠢᠯᠣᠭᠤᠴᠢ ᠵᠢᠨ ᠦᠨᠡᠮᠯᠡᠯ᠎ᠳᠤ ᠲᠣᠳᠣᠷᠬᠠᠶ ᠲᠡᠮᠳᠡᠭᠯᠡᠭᠰᠡᠨ ᠵᠢᠯᠣᠭᠤᠳᠴᠤ ᠪᠣᠯᠬᠤ ᠲᠡᠷᠭᠡ ᠵᠢᠨ ᠬᠡᠯᠪᠡᠷᠢ᠎ᠪᠠᠷ ᠮᠠᠰᠢᠨᠲᠤ ᠲᠡᠷᠭᠡ ᠵᠢ ᠵᠢᠯᠣᠭᠤᠳᠬᠤ ᠬᠡᠷᠡᠭᠲᠡᠶ; ᠮᠠᠰᠢᠨᠲᠤ ᠲᠡᠷᠭᠡ ᠵᠢᠯᠣᠭᠤᠳᠬᠤ᠎ᠳᠤ᠎ᠪᠠᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠵᠶ᠋ᠠᠨ ᠪᠡᠶ᠎ᠡ᠎ᠳᠤ᠎ᠪᠠᠨ ᠠᠪᠴᠤ ᠶᠠᠪᠤᠬᠤ ᠬᠡᠷᠡᠭᠲᠡᠶ᠃

     ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠪᠤᠰᠤᠳ ᠶᠠᠮᠠᠷᠪᠠ ᠨᠢᠭᠡᠴᠢ ᠪᠤᠶᠤ ᠬᠤᠪᠢ ᠬᠥᠮᠦᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ ᠬᠤᠷᠢᠶᠠᠨ ᠠᠪᠴᠤ᠂ ᠦᠯᠡᠳᠡᠭᠡᠨ ᠠᠪᠴᠤ ᠪᠣᠯᠬᠤ ᠦᠬᠡᠢ᠃

    ᠬᠤᠷᠢᠳᠤᠭ᠋ᠠᠷ ᠵᠦᠢ᠍ᠯ ᠮᠠᠰᠢᠨᠲᠤ ᠲᠡᠷᠭᠡ ᠵᠢᠯᠣᠭᠤᠳᠬᠤ ᠪᠣᠯᠪᠠᠰᠤᠷᠠᠯ᠎ᠢ ᠨᠡᠶ᠋ᠢᠭᠡᠮᠴᠢᠯᠡᠵᠦ᠂ ᠵᠠᠮ ᠬᠠᠷᠢᠯᠴᠠᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠢᠯᠣᠭᠤᠴᠢ ᠵᠢᠨ ᠪᠣᠯᠪᠠᠰᠤᠷᠠᠯ᠎ᠤᠨ ᠰᠤᠷᠭ᠋ᠠᠭᠤᠯᠢ᠂ ᠵᠢᠯᠣᠭᠤᠴᠢ ᠵᠢᠨ ᠪᠣᠯᠪᠠᠰᠤᠷᠠᠯ᠎ᠤᠨ ᠠᠩᠬᠢ᠎ᠳᠤ ᠬᠢᠷᠢ ᠬᠡᠮ᠎ᠤᠨ ᠬᠠᠮᠢᠶᠠᠷᠤᠯᠲᠠ ᠶᠠᠪᠤᠭᠤᠯᠤᠨ᠎ᠠ᠂ ᠡᠭᠦᠨ᠎ᠳᠤ ᠲᠷᠠᠺᠲ᠋ᠣᠷ᠎ᠤᠨ ᠵᠢᠯᠣᠭᠤᠴᠢ ᠵᠢᠨ ᠪᠣᠯᠪᠠᠰᠤᠷᠠᠯ᠎ᠤᠨ ᠲᠤᠰᠬᠠᠶ ᠰᠤᠷᠭ᠋ᠠᠭᠤᠯᠢ᠂ ᠵᠢᠯᠣᠭᠤᠴᠢ ᠵᠢᠨ ᠪᠣᠯᠪᠠᠰᠤᠷᠠᠯ᠎ᠤᠨ ᠲᠤᠰᠬᠠᠶ ᠠᠩᠬᠢ᠎ᠳᠤ ᠲᠠᠷᠢᠶᠠᠯᠠᠩ (ᠲᠠᠷᠢᠶᠠᠯᠠᠩ᠎ᠤᠨ ᠮᠧᠬᠠᠨᠢᠭ)᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠷᠢ ᠬᠡᠮ᠎ᠤᠨ ᠬᠠᠮᠢᠶᠠᠷᠤᠯᠲᠠ ᠶᠠᠪᠤᠭᠤᠯᠤᠨ᠎ᠠ᠃

    ᠵᠢᠯᠣᠭᠤᠴᠢ ᠵᠢᠨ ᠪᠣᠯᠪᠠᠰᠤᠷᠠᠭᠤᠯᠤᠯ᠎ᠤᠨ ᠰᠤᠷᠭ᠋ᠠᠭᠤᠯᠢ᠂ ᠵᠢᠯᠣᠭᠤᠴᠢ ᠵᠢᠨ ᠪᠣᠯᠪᠠᠰᠤᠷᠠᠭᠤᠯᠤᠯ᠎ᠤᠨ ᠠᠩᠬᠢ᠎ᠨᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ᠂ ᠰᠤᠷᠤᠭᠴᠢᠳ᠎ᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠵᠢᠯᠣᠭᠤᠳᠬᠤ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠬᠢᠵᠦ᠂ ᠪᠣᠯᠪᠠᠰᠤᠷᠠᠭᠤᠯᠤᠯ᠎ᠤᠨ ᠶᠠᠰᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ᠃

    ᠶᠠᠮᠠᠷᠪᠠ ᠲᠦᠷᠦ ᠵᠢᠨ ᠪᠠᠶ᠋ᠢᠭᠤᠯᠭ᠎ᠠ ᠵᠢᠴᠢ ᠵᠢᠯᠣᠭᠤᠴᠢ ᠵᠢᠨ ᠪᠣᠯᠪᠠᠰᠤᠷᠠᠯ ᠪᠠ ᠰᠢᠯᠭ᠋ᠠᠯᠲᠠ ᠵᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠢᠯᠣᠭᠤᠴᠢ ᠵᠢᠨ ᠪᠣᠯᠪᠠᠰᠤᠷᠠᠯ᠎ᠤᠨ ᠰᠤᠷᠭ᠋ᠠᠭᠤᠯᠢ᠂ ᠵᠢᠯᠣᠭᠤᠴᠢ ᠵᠢᠨ ᠪᠣᠯᠪᠠᠰᠤᠷᠠᠯ᠎ᠤᠨ ᠠᠩᠬᠢ ᠡᠷᠬᠢᠯᠡᠬᠦ ᠪᠤᠶᠤ ᠡᠷᠬᠢᠯᠡᠬᠦ᠎ᠳᠤ ᠣᠷᠣᠯᠴᠠᠵᠤ ᠪᠣᠯᠬᠤ ᠤᠢ᠍ᠭᠡᠢ᠃

     ᠬᠤᠷᠢᠨ ᠨᠢᠭᠡᠳᠦᠭᠡᠷ ᠵᠦᠢ᠍ᠯ ᠵᠢᠯᠣᠭᠤᠴᠢ ᠮᠠᠰᠢᠨᠲᠤ ᠲᠡᠷᠭᠡ ᠵᠢᠯᠣᠭᠤᠳᠴᠤ ᠵᠠᠮ᠎ᠳᠤ ᠭᠠᠷᠴᠤ ᠶᠠᠪᠤᠬᠤ᠎ᠠᠴᠠ᠎ᠪᠠᠨ ᠡᠮᠦᠨ᠎ᠡ ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠲᠤᠬᠠᠶ ᠮᠡᠷᠭᠡᠵᠢᠯ᠎ᠤᠨ ᠰᠢᠨᠵᠢ ᠴᠢᠳᠠᠪᠤᠷᠢ ᠵᠢ ᠬᠢᠨᠠᠮᠠᠭ᠋ᠠᠶ ᠪᠠᠶ᠋ᠢᠴᠠᠭ᠋ᠠᠬᠤ ᠬᠡᠷᠡᠭᠲᠡᠶ; ᠠᠮᠤᠷ ᠲᠦᠪᠰᠢᠨ᠎ᠤ ᠲᠥᠬᠦᠭᠡᠷᠦᠮᠵᠢ᠎ᠨᠢ ᠪᠦᠷᠢᠨ ᠪᠤᠰᠤ ᠪᠤᠶᠤ ᠮᠠᠰᠢᠨ ᠲᠤᠨᠤᠭ᠎ᠨᠢ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠢ ᠵᠡᠷᠭᠡ ᠠᠮᠤᠷ ᠲᠦᠪᠰᠢᠨ᠎ᠤ ᠳᠠᠯᠳᠠ ᠭᠡᠮ᠎ᠲᠠᠢ ᠮᠠᠰᠢᠨᠲᠤ ᠲᠡᠷᠭᠡ ᠵᠢ ᠵᠢᠯᠣᠭᠤᠳᠴᠤ ᠪᠣᠯᠬᠤ ᠦᠭᠡᠢ᠃

     ᠬᠤᠷᠢᠨ ᠬᠤᠶᠠᠳᠤᠭ᠋ᠠᠷ ᠵᠦᠢ᠍ᠯ ᠮᠠᠰᠢᠨᠲᠤ ᠲᠡᠷᠭᠡᠨ᠎ᠤ ᠵᠢᠯᠣᠭᠤᠴᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠢᠷᠤᠮᠯᠠᠵᠤ᠂ ᠠᠵᠢᠯᠯᠠᠬᠤ ᠵᠢᠷᠤᠮᠵᠢᠯ ᠶᠣᠰᠣᠭ᠋ᠠᠷ ᠠᠶᠤᠯᠭᠦᠶ᠎ᠪᠠᠷ ᠵᠢᠯᠣᠭᠤᠳᠴᠤ᠂ ᠪᠣᠯᠪᠠᠰᠤᠨ ᠵᠶ᠋ᠠᠷ ᠵᠢᠯᠣᠭᠤᠳᠬᠤ ᠬᠡᠷᠡᠭᠲᠡᠶ᠃

     ᠠᠷᠢᠬᠢ ᠤᠤᠭᠤᠭᠰᠠᠨ᠂ ᠤᠯᠤᠰ᠎ᠠᠴᠠ ᠵᠠᠬᠢᠷᠤᠨ ᠬᠠᠮᠢᠶᠠᠷᠴᠤ ᠪᠠᠶ᠋ᠢᠭ᠎ᠠ ᠮᠡᠳᠡᠷᠡᠯ᠎ᠤᠨ ᠡᠮ ᠪᠤᠶᠤ ᠮᠢᠨᠴᠦᠷᠡᠭᠦᠯᠬᠦ ᠡᠮ᠎ᠢ ᠤᠤᠭᠤᠭᠰᠠᠨ᠂ ᠡᠰᠡᠬᠦᠯ᠎ᠡ ᠮᠠᠰᠢᠨᠲᠤ ᠲᠡᠷᠭᠡ ᠵᠢ ᠠᠶᠤᠯᠭᠦᠶ᠎ᠪᠠᠷ ᠵᠢᠯᠣᠭᠤᠳᠬᠤ ᠵᠢ ᠬᠠᠷᠰᠢᠯᠠᠬᠤ ᠡᠪᠡᠳᠴᠢᠨ᠎ᠲᠠᠢ᠂ ᠡᠰᠡᠬᠦᠯ᠎ᠡ ᠬᠡᠲᠦᠷᠬᠡᠶ ᠶᠠᠳᠠᠷᠠᠭᠰᠠᠨ᠎ᠠᠴᠠ ᠪᠤᠯᠵᠤ ᠠᠶᠤᠯᠭᠦᠶ᠎ᠪᠠᠷ ᠵᠢᠯᠣᠭᠤᠳᠬᠤ ᠵᠢ ᠨᠥᠯᠥᠭᠡᠯᠡᠭᠰᠡᠨ ᠪᠠᠶ᠋ᠢᠪᠠᠯ᠂ ᠮᠠᠰᠢᠨᠲᠤ ᠲᠡᠷᠭᠡ ᠵᠢᠯᠣᠭᠤᠳᠴᠤ ᠪᠣᠯᠬᠤ ᠦᠭᠡᠢ᠃

    ᠶᠠᠮᠠᠷᠪᠠ ᠬᠥᠮᠦᠨ ᠭᠡᠳ ᠵᠢᠯᠣᠭᠤᠴᠢ ᠵᠢ ᠠᠯᠪᠠᠳᠠᠵᠤ᠂ ᠵᠢᠭ᠋ᠠᠨ ᠳᠤᠬᠢᠵᠤ᠂ ᠳᠤᠷ᠎ᠠ᠎ᠪᠠᠷ᠎ᠨᠢ ᠲᠠᠯᠪᠢᠵᠤ ᠪᠠᠶ᠋ᠢᠭ᠋ᠠᠳ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠮᠠᠰᠢᠨᠲᠤ ᠲᠡᠷᠭᠡ ᠵᠢ ᠠᠶᠤᠯᠭᠦᠶ᠎ᠪᠠᠷ ᠵᠢᠯᠣᠭᠤᠳᠬᠤ ᠱᠠᠭ᠋ᠠᠷᠳᠠᠯᠭ᠎ᠠ᠎ᠠᠴᠠ ᠵᠥᠷᠢᠴᠡᠭᠦᠯᠦᠨ ᠮᠠᠰᠢᠨᠲᠤ ᠲᠡᠷᠭᠡ ᠵᠢᠯᠣᠭᠤᠳᠣᠭᠤᠯᠵᠤ ᠪᠣᠯᠬᠤ ᠦᠬᠡᠢ᠃

    ᠬᠣᠷᠢᠨ ᠭᠤᠷᠪᠠᠳᠤᠭ᠋ᠠᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠮᠠᠰᠢᠨᠲᠤ ᠲᠡᠷᠭᠡᠨ᠎ᠤ ᠵᠢᠯᠣᠭᠣᠴᠢ ᠵᠢᠨ ᠦᠨᠡᠮᠯᠡᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠪᠠᠶ᠋ᠢᠴᠠᠭ᠋ᠠᠯᠲᠠ ᠬᠢᠬᠦ ᠬᠡᠷᠡᠭᠲᠡᠶ᠃

    ᠬᠤᠷᠢᠨ ᠳᠥᠷᠪᠡᠳᠦᠭᠡᠷ ᠵᠦᠢ᠍ᠯ  ᠲᠣᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠮᠠᠰᠢᠨᠲᠤ ᠲᠡᠷᠭᠡᠨ᠎ᠤ ᠵᠢᠯᠣᠭᠤᠴᠢ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ᠎ᠠᠴᠠ ᠭᠠᠳᠠᠨ᠎ᠠ᠂ ᠬᠤᠷᠠᠮᠳᠤᠭᠤᠯᠤᠨ ᠬᠤᠪᠢ ᠲᠡᠮᠳᠡᠭᠯᠡᠬᠦ ᠲᠦᠷᠢᠮ᠎ᠢ ᠬᠡᠷᠡᠭᠵᠢᠭᠦᠯᠦᠨ᠎ᠡ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠷᠠᠮᠳᠤᠭᠤᠯᠤᠨ ᠲᠡᠮᠳᠡᠭᠯᠡᠭᠰᠡᠨ ᠬᠤᠪᠢ᠎ᠨᠢ ᠲᠣᠭᠲᠠᠭᠰᠠᠨ ᠬᠤᠪᠢ ᠵᠢᠨ ᠬᠡᠮᠵᠢᠭᠳᠡᠯ᠎ᠳᠤ ᠬᠦᠷᠦᠭᠰᠡᠨ ᠮᠠᠰᠢᠨᠲᠤ ᠲᠡᠷᠭᠡᠨ᠎ᠤ ᠵᠢᠯᠣᠭᠤᠴᠢ ᠵᠢᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠦᠯᠡᠳᠡᠭᠡᠨ ᠠᠪᠴᠤ᠂ ᠲᠡᠭᠦᠨ᠎ᠳᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠬᠥᠮᠦᠵᠢᠯ ᠬᠢᠵᠦ᠂ ᠳᠠᠬᠢᠵᠤ ᠰᠢᠯᠭ᠋ᠠᠨ᠎ᠠ; ᠰᠢᠯᠭ᠋ᠠᠯᠲᠠ᠎ᠳᠤ ᠬᠢᠷᠢ ᠲᠡᠩᠴᠡᠭᠰᠡᠨ ᠪᠠᠶ᠋ᠢᠪᠠᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠎ᠢ᠎ᠨᠢ ᠪᠤᠴᠠᠭ᠋ᠠᠵᠤ ᠥᠭᠭᠦᠨ᠎ᠡ᠃

    ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠢᠷᠤᠮᠯᠠᠵᠤ᠂ ᠨᠢᠭᠡ ᠵᠢᠯ᠎ᠤᠨ ᠳᠣᠲᠣᠷ᠎ᠠ ᠬᠤᠷᠠᠮᠳᠤᠭᠤᠯᠤᠭᠰᠠᠨ ᠬᠤᠪᠢ ᠦᠭᠡᠶ ᠮᠠᠰᠢᠨᠲᠤ ᠲᠡᠷᠭᠡᠨ᠎ᠤ ᠵᠢᠯᠣᠭᠣᠴᠢ᠎ᠳᠤ ᠮᠠᠰᠢᠨᠲᠤ ᠲᠡᠷᠭᠡᠨ᠎ᠤ ᠵᠢᠯᠣᠭᠣᠴᠢ ᠵᠢᠨ ᠦᠨᠡᠮᠯᠡᠯ᠎ᠤᠨ ᠬᠢᠨᠠᠨ ᠰᠢᠯᠭ᠋ᠠᠬᠤ ᠬᠤᠭᠤᠴᠠᠭ᠎ᠠ ᠵᠢ ᠤᠷᠲᠤᠳᠬᠠᠵᠤ ᠪᠣᠯᠤᠨ᠎ᠠ᠃ ᠪᠣᠳᠠᠲᠠᠶ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃

 

ᠢᠷᠡᠯᠲᠡ᠄ ᠦᠪᠦᠷ ᠮᠤᠩᠭᠤᠯ᠎ᠤᠨ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ