ᠢᠯᠡ ᠵᠠᠰᠠᠭ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠥᠪᠰᠢᠨ᠎ᠤ ᠬᠠᠤᠯᠢ (ᠨᠠᠢ᠍ᠮᠠ)
ᠨᠡᠶ᠋ᠢᠲᠡᠯᠡᠭᠰᠡᠨ ᠴᠠᠭ᠄ 2024-04-25

     (2003 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠃ 2007 ᠣᠨ᠎ᠤ 12 ᠰᠠᠷ᠎ᠠ ᠵᠢᠨ 29᠎ᠤ ᠡᠳᠦᠷ᠎ᠤᠨ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠠᠩᠬ᠎ᠠ ᠤᠳᠠᠭ᠎ᠠ ᠵᠠᠰᠠᠪᠠ᠃ 2011 ᠣᠨ᠎ᠤ 4 ᠰᠠᠷ᠎ᠠ ᠵᠢᠨ 22᠎ᠤᠨ ᠡᠳᠦᠷ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠳᠤᠭ᠋ᠠᠷ ᠬᠤᠷᠠᠯᠳᠤᠭ᠋ᠠᠨ᠎ᠤ 《〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2021 ᠣᠨ᠎ᠤ 4 ᠰᠠᠷ᠎ᠠ ᠵᠢᠨ 29᠎ᠤ ᠡᠳᠦᠷ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ

《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠨᠠᠢ᠍ᠮᠠᠨ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠦᠨᠳᠦᠰᠦᠯᠡᠨ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)

 

          ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠦᠷᠢᠮ

 

     ᠵᠠᠭᠤ ᠠᠷᠪᠠ ᠶᠢᠰᠦᠳᠦᠭᠡᠷ ᠵᠦᠢ᠍ᠯ   ᠲᠤᠰ ᠬᠠᠤᠯᠢ᠎ᠳᠠᠬᠢ ᠳᠣᠣᠷ᠎ᠠ ᠵᠢᠭᠰᠠᠭ᠋ᠠᠭᠰᠠᠨ ᠦᠭᠡᠰ᠎ᠤᠨ ᠤᠳᠬ᠎ᠠ᠄

    (ᠨᠢᠭᠡ) 《ᠵᠠᠮ》 ᠭᠡᠳᠡᠭ᠎ᠨᠢ ᠵᠠᠰᠠᠮᠠᠯ ᠵᠠᠮ᠂ ᠬᠤᠳᠠ ᠵᠢᠨ ᠵᠠᠮ ᠪᠣᠯᠤᠨ ᠠᠭᠤᠳᠠᠮ ᠲᠠᠯᠠᠪᠠᠢ᠂ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ ᠵᠡᠷᠭᠡ ᠤᠯᠠᠨ ᠨᠡᠶ᠋ᠢᠲᠡ ᠵᠢᠨ ᠨᠡᠪᠲᠡᠷᠡᠬᠦ᠎ᠳᠤ ᠬᠡᠷᠡᠭᠯᠡᠬᠦ ᠲᠠᠯᠠᠪᠤᠷ᠎ᠢ ᠪᠠᠭᠲᠠᠭ᠋ᠠᠭᠰᠠᠨ ᠨᠢᠭᠡᠴᠢ ᠵᠢᠨ ᠬᠠᠷᠢᠶᠠᠯᠠᠯ᠎ᠤᠨ ᠬᠡᠪᠴᠢᠶᠡᠨ᠎ᠳᠤ ᠪᠠᠶ᠋ᠢᠭ᠎ᠠ ᠪᠣᠯᠪᠠᠴᠤ ᠨᠡᠶ᠋ᠢᠭᠡᠮ᠎ᠤᠨ ᠮᠠᠰᠢᠨᠲᠤ ᠲᠡᠷᠭᠡ ᠵᠢᠨ ᠨᠡᠪᠲᠡᠷᠡᠬᠦ ᠵᠢ ᠵᠥᠪᠰᠢᠶᠡᠷᠡᠬᠦ ᠭᠠᠵᠠᠷ᠎ᠢ ᠵᠢᠭ᠋ᠠᠵᠤ ᠪᠠᠶ᠋ᠢᠨ᠎ᠠ᠃

    (ᠬᠤᠶᠠᠷ) 《ᠲᠡᠷᠭᠡ》 ᠭᠡᠳᠡᠭ᠎ᠨᠢ ᠮᠠᠰᠢᠨᠲᠤ ᠲᠡᠷᠭᠡ ᠪᠣᠯᠤᠨ ᠮᠠᠰᠢᠨᠲᠤ ᠪᠤᠰᠤ ᠲᠡᠷᠭᠡ ᠵᠢ ᠵᠢᠭ᠋ᠠᠵᠤ ᠪᠠᠶ᠋ᠢᠨ᠎ᠠ᠃

    (ᠭᠤᠷᠪᠠ) 《ᠮᠠᠰᠢᠨᠲᠤ ᠲᠡᠷᠭᠡ》 ᠭᠡᠳᠡᠭ᠎ᠨᠢ ᠬᠥᠳᠡᠯᠭᠡᠭᠴᠢ ᠬᠦᠴᠦᠨ᠎ᠤ ᠲᠣᠨᠣᠭᠯᠠᠯ ᠵᠶ᠋ᠠᠷ ᠬᠥᠳᠡᠯᠭᠡᠬᠦ ᠪᠤᠶᠤ ᠴᠢᠷᠬᠦ᠂ ᠵᠠᠮ᠎ᠳᠤ ᠭᠠᠷᠴᠤ ᠶᠠᠪᠤᠬᠤ ᠬᠥᠮᠦᠰ᠎ᠤᠨ ᠰᠠᠭᠤᠬᠤ᠎ᠳᠤ ᠬᠡᠷᠡᠭᠯᠡᠬᠦ ᠪᠤᠶᠤ ᠡᠳ᠋ ᠪᠣᠳᠠᠰ ᠲᠡᠭᠡᠭᠡᠪᠦᠷᠢᠯᠡᠨ ᠬᠦᠷᠭᠡᠬᠦ᠎ᠳᠤ ᠬᠡᠷᠡᠭᠯᠡᠬᠦ ᠵᠢᠴᠢ ᠪᠠᠷᠢᠯᠭ᠎ᠠ ᠵᠢᠨ ᠲᠤᠰᠬᠠᠶ ᠠᠵᠢᠯ ᠬᠢᠬᠦ᠎ᠳᠤ ᠬᠡᠷᠡᠭᠯᠡᠬᠦ ᠬᠦᠷᠳᠦᠲᠦ ᠲᠡᠷᠭᠡ ᠵᠢ ᠵᠢᠭ᠋ᠠᠵᠤ ᠪᠠᠶ᠋ᠢᠨ᠎ᠠ᠃

    (ᠳᠦᠷᠪᠡ) 《ᠮᠠᠰᠢᠨᠲᠤ ᠪᠤᠰᠤ ᠲᠡᠷᠭᠡ》 ᠭᠡᠳᠡᠭ᠎ᠨᠢ ᠬᠥᠮᠦᠨ᠎ᠤ ᠬᠦᠴᠦ᠎ᠪᠠᠷ ᠪᠤᠶᠤ ᠤᠨᠤᠭ᠎ᠠ ᠵᠢᠨ ᠬᠦᠴᠦ᠎ᠪᠠᠷ ᠬᠥᠳᠡᠯᠭᠡᠵᠦ᠂ ᠵᠠᠮ᠎ᠳᠤ ᠭᠠᠷᠴᠤ ᠶᠠᠪᠤᠬᠤ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ ᠵᠢᠴᠢ ᠬᠥᠳᠡᠯᠭᠡᠭᠴᠢ ᠬᠦᠴᠦᠨ᠎ᠤ ᠲᠣᠨᠣᠭᠯᠠᠯ ᠵᠶ᠋ᠠᠷ ᠬᠥᠳᠡᠯᠭᠡᠬᠦ ᠪᠣᠯᠪᠠᠴᠤ ᠵᠢᠷᠤᠵᠤ ᠲᠥᠯᠥᠪᠯᠡᠭᠰᠡᠨ ᠬᠠᠮᠤᠭ᠎ᠤᠨ ᠳᠡᠭᠡᠳᠦ ᠴᠠᠭ᠎ᠤᠨ ᠬᠤᠷᠳᠤᠴᠠ᠂ ᠬᠤᠭᠤᠰᠣᠨ ᠲᠡᠷᠭᠡᠨ᠎ᠤ ᠶᠠᠰᠤ ᠴᠢᠨᠠᠷ᠂ ᠭᠠᠳᠠᠷ ᠬᠡᠯᠪᠡᠷᠢ ᠵᠢᠨ ᠬᠡᠮ ᠬᠡᠮᠵᠢᠶ᠎ᠡ᠎ᠨᠢ ᠤᠯᠤᠰ᠎ᠤᠨ ᠬᠤᠯᠪᠣᠭᠳᠠᠯ ᠪᠦᠬᠦᠢ ᠪᠠᠷᠢᠮᠵᠢᠶ᠎ᠠ᠎ᠳᠤ ᠨᠡᠶ᠋ᠢᠴᠡᠭᠰᠡᠨ ᠵᠡᠮᠳᠡᠭ ᠬᠥᠮᠦᠨ᠎ᠤ ᠮᠠᠰᠢᠨᠲᠤ ᠰᠠᠭᠤᠳᠠᠯᠲᠤ ᠲᠡᠷᠭᠡ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠢ ᠵᠢᠭ᠋ᠠᠵᠤ ᠪᠠᠶ᠋ᠢᠨ᠎ᠠ᠃

    (ᠲᠠᠪᠤ) 《ᠵᠠᠮ ᠬᠠᠷᠢᠯᠴᠠᠭ᠋ᠠᠨ᠎ᠤ ᠭᠡᠨᠡᠳᠡᠯ》 ᠭᠡᠳᠡᠭ᠎ᠨᠢ ᠲᠡᠷᠭᠡ ᠬᠥᠰᠬᠡ ᠵᠠᠮ ᠳᠡᠭᠡᠷ᠎ᠡ ᠪᠤᠷᠤᠭᠤᠳᠠᠭᠰᠠᠨ ᠪᠤᠶᠤ ᠰᠠᠨᠠᠭ᠋ᠠᠨ᠎ᠳᠤ ᠦᠭᠡᠢ᠎ᠠᠴᠠ ᠪᠤᠯᠵᠤ ᠬᠥᠮᠦᠨ᠎ᠢ ᠰᠢᠷᠬᠠᠲᠤᠭᠤᠯᠵᠤ ᠦᠬᠦᠭᠦᠯᠦᠭᠰᠡᠨ ᠪᠤᠶᠤ ᠡᠳ᠋ ᠬᠦᠷᠦᠩᠭᠡ ᠵᠢ ᠬᠤᠬᠢᠷᠠᠭᠤᠯᠤᠭᠰᠠᠨ ᠬᠡᠷᠡᠭ᠎ᠢ ᠵᠢᠭ᠋ᠠᠵᠤ ᠪᠠᠶ᠋ᠢᠨ᠎ᠠ᠃

     ᠵᠠᠭᠤ ᠬᠤᠷᠢᠳᠤᠭ᠋ᠠᠷ ᠵᠦᠢ᠍ᠯ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠣᠷᠣᠨ ᠲᠣᠭ᠋ᠠᠨ᠎ᠳᠤ ᠪᠠᠶ᠋ᠢᠭ᠎ᠠ ᠮᠠᠰᠢᠨᠲᠤ ᠲᠡᠷᠭᠡ ᠵᠢᠨ ᠫᠠᠶ᠋ᠢᠰᠠ ᠦᠨᠡᠮᠯᠡᠯ᠂ ᠣᠷᠣᠨ ᠲᠣᠭ᠋ᠠᠨ᠎ᠳᠤ ᠪᠠᠶ᠋ᠢᠭ᠎ᠠ ᠮᠠᠰᠢᠨᠲᠤ ᠲᠡᠷᠭᠡ ᠵᠢ ᠰᠢᠯᠭ᠋ᠠᠨ ᠪᠠᠶ᠋ᠢᠴᠠᠭ᠋ᠠᠬᠤ ᠵᠢᠴᠢ ᠮᠠᠰᠢᠨᠲᠤ ᠲᠡᠷᠭᠡᠨ᠎ᠤ ᠵᠢᠯᠣᠭᠤᠴᠢ ᠵᠢ ᠬᠢᠨᠠᠨ ᠰᠢᠯᠭ᠋ᠠᠬᠤ ᠠᠵᠢᠯ᠎ᠢ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠂ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠬᠠᠷᠢᠭᠤᠴᠠᠨ᠎ᠠ᠃

    ᠵᠠᠭᠤ ᠬᠤᠷᠢᠨ ᠨᠢᠭᠡᠳᠦᠭᠡᠷ ᠵᠦᠢ᠍ᠯ ᠵᠠᠮ᠎ᠳᠤ ᠭᠠᠷᠴᠤ ᠶᠠᠪᠤᠬᠤ ᠲᠷᠠᠺᠲ᠋ᠣᠷ᠎ᠲᠤ ᠲᠠᠷᠢᠶᠠᠯᠠᠩ (ᠲᠠᠷᠢᠶᠠᠯᠠᠩ᠎ᠤᠨ ᠮᠧᠬᠠᠨᠢᠭ)᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠬᠠᠤᠯᠢ ᠵᠢᠨ ᠨᠠᠢ᠍ᠮᠠᠳᠤᠭ᠋ᠠᠷ ᠵᠦᠢ᠍ᠯ᠂ ᠶᠢᠰᠦᠳᠦᠭᠡᠷ ᠵᠦᠢ᠍ᠯ᠂ ᠠᠷᠪᠠᠨ ᠭᠤᠷᠪᠠᠳᠤᠭ᠋ᠠᠷ ᠵᠦᠢ᠍ᠯ᠂ ᠠᠷᠪᠠ ᠶᠢᠰᠦᠳᠦᠭᠡᠷ ᠵᠦᠢ᠍ᠯ᠂ ᠬᠤᠷᠢᠨ ᠭᠤᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠡᠷᠬᠡ ᠲᠤᠰᠢᠶᠠᠯ᠎ᠢ ᠭᠦᠢ᠍ᠴᠡᠳᠬᠡᠨ᠎ᠡ᠃

     ᠲᠠᠷᠢᠶᠠᠯᠠᠩ (ᠲᠠᠷᠢᠶᠠᠯᠠᠩ᠎ᠤᠨ ᠮᠧᠬᠠᠨᠢᠭ)᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠡᠷᠬᠡ ᠲᠤᠰᠢᠶᠠᠯ ᠵᠶ᠋ᠠᠨ ᠬᠡᠷᠡᠭᠵᠢᠭᠦᠯᠬᠦ᠎ᠳᠤ᠎ᠪᠠᠨ ᠲᠤᠰ ᠬᠠᠤᠯᠢ ᠵᠢᠨ ᠬᠤᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ ᠪᠥᠭᠡᠳ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠯᠲᠠ ᠵᠢ ᠬᠦᠯᠢᠶᠡᠬᠦ ᠬᠡᠷᠡᠭᠲᠡᠶ; ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠲᠤᠰ ᠬᠠᠤᠯᠢ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

     ᠲᠤᠰ ᠬᠠᠤᠯᠢ ᠵᠢ ᠬᠡᠷᠡᠭᠵᠢᠭᠦᠯᠬᠦ᠎ᠠᠴᠠ ᠡᠮᠦᠨ᠎ᠡ ᠲᠠᠷᠢᠶᠠᠯᠠᠩ (ᠲᠠᠷᠢᠶᠠᠯᠠᠩ᠎ᠤᠨ ᠮᠧᠬᠠᠨᠢᠭ)᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠣᠯᠭᠤᠭᠰᠠᠨ ᠮᠠᠰᠢᠨᠲᠤ ᠲᠡᠷᠭᠡ ᠵᠢᠨ ᠫᠠᠶ᠋ᠢᠰᠠ ᠦᠨᠡᠮᠯᠡᠯ᠎ᠨᠢ ᠲᠤᠰ ᠬᠠᠤᠯᠢ ᠵᠢ ᠬᠡᠷᠡᠭᠵᠢᠭᠦᠯᠦᠭᠰᠡᠨ᠎ᠤ ᠳᠠᠷᠠᠭ᠎ᠠ ᠦᠷᠭᠦᠯᠵᠢᠯᠡᠨ ᠬᠦᠴᠦᠨ᠎ᠲᠠᠢ᠃

      ᠵᠠᠭᠤ ᠬᠤᠷᠢᠨ ᠬᠤᠶᠠᠳᠤᠭ᠋ᠠᠷ ᠵᠦᠢ᠍ᠯ ᠤᠯᠤᠰ᠎ᠠᠴᠠ ᠬᠢᠯᠢ᠎ᠳᠤ ᠣᠷᠣᠵᠤ ᠢᠷᠡᠭᠰᠡᠨ ᠬᠢᠯᠢ ᠵᠢᠨ ᠭᠠᠳᠠᠨᠠᠬᠢ ᠮᠠᠰᠢᠨᠲᠤ ᠲᠡᠷᠭᠡ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠳᠤ ᠨᠢᠭᠡᠳᠦᠯᠲᠡᠶ ᠬᠠᠮᠢᠶᠠᠷᠤᠯᠲᠠ ᠶᠠᠪᠤᠭᠤᠯᠤᠨ᠎ᠠ᠃

     ᠵᠠᠭᠤ ᠬᠤᠷᠢᠨ ᠭᠤᠷᠪᠠᠳᠤᠭ᠋ᠠᠷ ᠵᠦᠢ᠍ᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠢ᠍ᠩᠬᠤ ᠵᠢᠨ ᠬᠤᠷᠢᠶ᠎ᠠ ᠲᠤᠰ ᠭᠠᠵᠠᠷ ᠣᠷᠣᠨ᠎ᠤ᠎ᠪᠠᠨ ᠪᠣᠳᠠᠲᠤ ᠪᠠᠢ᠌ᠳᠠᠯ᠎ᠢ ᠦᠨᠳᠦᠰᠦᠯᠡᠵᠦ᠂ ᠲᠤᠰ ᠬᠠᠤᠯᠢ᠎ᠳᠤ ᠲᠣᠭᠲᠠᠭ᠋ᠠᠭᠰᠠᠨ ᠵᠣᠭᠤᠰ ᠵᠶ᠋ᠠᠷ ᠲᠣᠷᠭ᠋ᠠᠬᠤ ᠬᠡᠮᠵᠢᠶᠡᠨ᠎ᠤ ᠳᠣᠲᠣᠷ᠎ᠠ ᠪᠣᠳᠠᠲᠠᠶ ᠬᠡᠷᠡᠭᠵᠢᠭᠦᠯᠬᠦ ᠪᠠᠷᠢᠮᠵᠢᠶ᠎ᠠ ᠲᠣᠭᠲᠠᠭ᠋ᠠᠵᠤ ᠪᠣᠯᠤᠨ᠎ᠠ᠃

    ᠵᠠᠭᠤ ᠬᠤᠷᠢᠨ ᠳᠥᠷᠪᠡᠳᠦᠭᠡᠷ ᠵᠦᠢ᠍ᠯ ᠲᠤᠰ ᠬᠠᠤᠯᠢ ᠵᠢ 2004 ᠣᠨ᠎ᠤ 5 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠦᠪᠦᠷ ᠮᠤᠩᠭᠤᠯ᠎ᠤᠨ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ