ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠠᠨ᠎ᠤ ᠣᠷᠣᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠵᠠᠢ
ᠨᠡᠶ᠋ᠢᠲᠡᠯᠡᠭᠰᠡᠨ ᠴᠠᠭ᠄ 2025-06-04

       ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ ᠬᠠᠮᠲᠤᠷᠠᠨ 《2025 ᠣᠨ᠎ᠤ ᠪᠦᠭᠦ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠬᠠᠷᠠᠯᠲᠠ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠢ᠌ᠯᠠᠨ᠂ ᠪᠦᠭᠦ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠠᠵᠢᠯᠯᠠᠭ᠎ᠠ ᠵᠢ ᠶᠡᠬᠡ᠎ᠪᠠᠷ ᠠᠬᠢᠭᠤᠯᠵᠤ᠂ ᠲᠠᠷᠢᠶᠠᠯᠠᠩ᠎ᠤᠨ ᠤᠰᠤ ᠬᠡᠷᠡᠭᠯᠡᠬᠦ ᠠᠷᠭ᠎ᠠ ᠭᠡᠯᠪᠡᠷᠢ ᠵᠢ ᠠᠷᠪᠢᠴᠢ ᠭᠠᠮᠲᠠᠢ ᠡᠷᠴᠢᠮᠵᠢᠭᠦᠯᠦᠨ ᠠᠰᠢᠭᠯᠠᠬᠤ ᠲᠡᠢ᠌ᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠪᠠ᠃

      《ᠲᠥᠰᠥᠯ》᠎ᠳᠤ᠂ ᠥᠭᠡᠷᠡᠴᠢᠯᠡᠯᠲᠡ ᠵᠢᠨ ᠬᠡᠷᠡᠭᠵᠢᠭᠦᠯᠬᠦ ᠬᠡᠪᠴᠢᠶ᠎ᠡ ᠵᠢ ᠵᠦᠢ ᠵᠣᠬᠢᠰᠲᠠᠢ ᠬᠢᠨᠠᠨ ᠬᠠᠷᠭᠤᠭᠤᠯᠬᠤ᠂ 《ᠳᠥᠷᠪᠡᠨ ᠵᠦᠢ᠍ᠯ᠎ᠤᠨ ᠲᠣᠭᠲᠠᠴᠠ》 ᠵᠢ ᠰᠢᠰᠲ᠋ᠧᠮ᠎ᠲᠠᠢ ᠥᠷᠨᠢᠭᠦᠯᠬᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ 《ᠲᠠᠪᠤᠨ ᠵᠦᠢ᠍ᠯ᠎ᠤᠨ ᠳᠦᠷᠢᠮ᠎ᠤᠨ ᠰᠢᠰᠲ᠋ᠧᠮ》᠎ᠢ ᠪᠠᠢ᠌ᠭᠤᠯᠤᠨ ᠪᠦᠷᠢᠨᠰᠢᠭᠦᠯᠬᠦ᠂ ᠥᠭᠡᠷᠡᠴᠢᠯᠡᠯᠲᠡ ᠵᠢ ᠰᠢᠯᠭ᠋ᠠᠨ ᠠᠪᠬᠤ ᠪᠠ ᠲᠤᠷᠰᠢᠯᠭ᠎ᠠ᠎ᠪᠠᠨ ᠳ᠋ᠦᠩᠨᠡᠬᠦ ᠠᠵᠢᠯ᠎ᠢ ᠰᠠᠢ᠌ᠲᠤᠷ ᠬᠢᠬᠦ ᠵᠡᠷᠭᠡ ᠥᠭᠡᠷᠡᠴᠢᠯᠡᠯᠲᠡ ᠵᠢᠨ ᠡᠭᠦᠷᠭᠡ ᠵᠢ ᠪᠠᠢ᠌ᠷᠢᠯᠠᠭᠤᠯᠤᠭᠰᠠᠨ ᠪᠥᠭᠡᠳ ᠡᠭᠦᠷᠭᠡ ᠬᠠᠷᠠᠯᠲᠠ ᠵᠢ ᠠᠢ᠌ᠮᠠᠭ ᠬᠣᠲᠠ᠎ᠳᠤ ᠨᠠᠷᠢᠯᠢᠭᠵᠢᠭᠤᠯᠤᠨ ᠬᠤᠪᠢᠶᠠᠷᠢᠯᠠᠵᠤ᠂ ᠡᠭᠦᠷᠭᠡ ᠵᠢᠨ ᠨᠠᠷᠢᠨ ᠲᠠᠩᠰᠠ᠂ ᠠᠵᠢᠯ᠎ᠤᠨ ᠬᠤᠪᠢᠶᠠᠷᠢᠯᠠᠯ ᠬᠢᠭᠡᠳ ᠴᠠᠭ᠎ᠤᠨ ᠵᠠᠩᠭᠢᠯᠠᠭ᠎ᠠ ᠵᠢ ᠲᠣᠳᠣᠷᠬᠠᠢ᠌ᠯᠠᠵᠤ᠂ ᠥᠭᠡᠷᠡᠴᠢᠯᠡᠯᠲᠡ ᠵᠢᠨ ᠡᠭᠦᠷᠭᠡ ᠵᠢ ᠴᠠᠭ ᠲᠤᠬᠠᠢ᠎ᠳᠤᠨᠢ ᠴᠢᠨᠠᠷ ᠰᠠᠢ᠌ᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠵᠠᠢ  ᠃

      《ᠲᠥᠰᠥᠯ》᠎ᠳᠤ᠂ 2025 ᠣᠨ᠎ᠤ ᠰᠡᠭᠦᠯᠴᠢ ᠪᠤᠯᠲᠠᠯ᠎ᠠ   ᠡᠯ᠎ᠡ   ᠠᠢ᠌ᠮᠠᠭ   ᠬᠣᠲᠠ ᠵᠢᠨ ᠎ᠬᠢᠨ  ᠪᠦᠲᠦᠮᠵᠢᠲᠡᠶ   ᠤᠰᠤᠯᠠᠯᠲᠠ ᠵᠢᠨ  ᠲᠠᠯᠠᠪᠠᠶ ᠵᠢᠨ 《ᠥᠭᠡᠷᠡᠴᠢᠯᠡᠬᠦ ᠵᠣᠬᠢᠰᠲᠠᠢ ᠵᠢ᠎ᠨᠢ ᠪᠦᠭᠦᠨ᠎ᠢ ᠥᠭᠡᠷᠡᠴᠢᠯᠡᠬᠦ》 ᠵᠠᠷᠴᠢᠮ ᠶᠣᠰᠣᠭ᠋ᠠᠷ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠠᠯᠠᠪᠠᠶ ᠵᠢ ᠤᠯᠠᠮ ᠨᠢᠭᠡ ᠠᠯᠬᠤᠮ ᠬᠢᠨᠠᠨ ᠲᠣᠭᠲᠠᠭ᠋ᠠᠵᠤ᠂ ᠰᠢᠨ᠎ᠡ᠎ᠪᠠᠷ ᠨᠡᠮᠡᠭᠳᠡᠭᠰᠡᠨ ᠥᠭᠡᠷᠡᠴᠢᠯᠡᠯᠲᠡ ᠵᠢᠨ ᠲᠠᠯᠠᠪᠠᠶ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠡᠭᠦᠷᠭᠡ ᠵᠢ ᠪᠦᠭᠦ ᠲᠠᠯ᠎ᠠ᠎ᠪᠠᠷ ᠪᠡᠶᠡᠯᠡᠭᠦᠯᠬᠦ ᠵᠢᠨ ᠬᠠᠮᠲᠤ ᠰᠢᠯᠭ᠋ᠠᠨ ᠠᠪᠤᠨ᠎ᠠ᠃ ᠨᠢᠭᠡᠨᠲᠡ ᠪᠡᠶᠡᠯᠡᠭᠦᠯᠦᠭᠰᠡᠨ 4969 ᠲᠦᠮᠡᠨ ᠮᠦ᠍ ᠵᠢᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠡᠭᠦᠷᠭᠡ ᠵᠢ 《ᠡᠷᠭᠢᠨ ᠬᠠᠷᠠᠬᠤ》 ᠠᠵᠢᠯ ᠥᠷᠨᠢᠭᠦᠯᠵᠦ᠂ ᠣᠢ᠌ᠷ᠎ᠠ ᠵᠢᠨ 10 ᠵᠢᠯ᠎ᠳᠠᠬᠢ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ᠂ ᠤᠰᠤ ᠬᠡᠷᠡᠭᠯᠡᠬᠦ ᠬᠠᠮᠢᠶᠠᠷᠤᠯᠲᠠ ᠵᠢᠨ ᠲᠣᠭᠲᠠᠴᠠ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠴᠤ ᠬᠠᠮᠠᠭ᠋ᠠᠯᠠᠬᠤ ᠲᠣᠭᠲᠠᠴᠠ᠂ ᠨᠠᠷᠢᠯᠢᠭ ᠣᠨᠣᠴᠠᠲᠠᠢ ᠨᠥᠬᠥᠪᠦᠷᠢ ᠥᠭᠬᠦ ᠪᠠ ᠤᠰᠤ ᠠᠷᠪᠢᠯᠠᠬᠤ ᠱᠠᠩᠨᠠᠯ᠎ᠤᠨ ᠲᠣᠭᠲᠠᠴᠠ ᠵᠢ ᠪᠠᠢ᠌ᠭᠤᠯᠤᠭᠰᠠᠨ ᠪᠠᠢ᠌ᠳᠠᠯ ᠪᠠ ᠠᠵᠢᠯᠯᠠᠭᠤᠯᠤᠭᠰᠠᠨ ᠪᠠᠢ᠌ᠳᠠᠯ᠎ᠢ ᠰᠢᠰᠲ᠋ᠧᠮ᠎ᠲᠠᠢ ᠡᠮᠬᠢᠯᠡᠨ᠎ᠡ᠃ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠳᠦᠷᠢᠮ᠎ᠤᠨ ᠲᠥᠷᠥ ᠵᠢᠨ ᠪᠣᠳᠣᠯᠭ᠎ᠠ ᠵᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ ᠳᠦᠷᠢᠮ᠎ᠤᠨ ᠰᠢᠰᠲ᠋ᠧᠮ᠂ ᠤᠰᠤ ᠬᠡᠷᠡᠭᠯᠡᠬᠦ ᠬᠢᠨᠠᠨ ᠬᠡᠮᠵᠢᠯᠲᠡ ᠵᠢᠨ ᠰᠢᠰᠲ᠋ᠧᠮ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢᠨ ᠰᠢᠰᠲ᠋ᠧᠮ᠂ ᠤᠰᠤ ᠠᠷᠪᠢᠯᠠᠬᠤ ᠵᠠᠬ᠎ᠠ ᠳᠡᠯᠭᠡᠭᠦᠷ᠎ᠤᠨ ᠳᠦᠷᠢᠮ᠎ᠤᠨ ᠰᠢᠰᠲ᠋ᠧᠮ ᠪᠣᠯᠣᠨ ᠤᠰᠤ ᠠᠷᠪᠢᠯᠠᠬᠤ ᠮᠡᠷᠭᠡᠵᠢᠯ ᠬᠢᠭᠡᠳ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶ᠎ᠠ ᠲᠥᠮᠥᠰᠥ ᠵᠢᠨ ᠤᠨᠠᠯᠲᠠ ᠵᠢ ᠨᠡᠮᠡᠭᠳᠡᠭᠦᠯᠵᠦ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠤᠨ᠎ᠠ ᠭᠡᠵᠦ ᠳᠤᠷᠠᠳᠴᠠᠢ  ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠰᠦᠯᠵᠢᠶ᠎ᠡ