ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠲᠣᠭᠲᠠᠭ᠋ᠠᠯ᠎ᠠᠴᠠ ᠵᠥᠷᠢᠴᠡᠨ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠬᠤ ᠲᠣᠭᠲᠠᠭ᠋ᠠᠯ
ᠨᠡᠶ᠋ᠢᠲᠡᠯᠡᠭᠰᠡᠨ ᠴᠠᠭ᠄ 2020-06-10

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ

          ᠵᠢᠨ ᠲᠣᠭᠲᠠᠭ᠋ᠠᠯ᠎ᠠᠴᠠ ᠵᠥᠷᠢᠴᠡᠨ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠬᠤ ᠲᠣᠭᠲᠠᠭ᠋ᠠᠯ
   

     

      ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ᠂ ᠠᠵᠢᠯ ᠦᠢ᠍ᠯᠡᠰ᠎ᠤᠨ ᠣᠷᠣᠨ ᠲᠣᠭ᠎ᠠ ᠵᠢᠨ ᠠᠵᠢᠯᠲᠠᠨ᠂ ᠠᠵᠢᠯᠲᠠᠨ ᠠᠵᠢᠯᠴᠢᠨ᠂ ᠴᠠᠭᠳᠠᠭ᠋ᠠᠨ᠎ᠤ ᠶᠠᠪᠤᠳᠠᠯ᠎ᠤᠨ ᠬᠠᠪᠰᠤᠷᠤᠭᠴᠢ ᠠᠵᠢᠯᠲᠠᠨ ᠳᠣᠤᠷᠠᠬᠢ ᠮᠡᠲᠦ ᠠᠷᠢᠬᠢ ᠤᠤᠭᠤᠬᠤ ᠵᠢ ᠴᠠᠭ᠋ᠠᠵᠠᠯᠠᠬᠤ ᠵᠠᠷᠯᠢᠭ᠎ᠢ ᠴᠢᠩᠭ᠎ᠠ ᠵᠢᠷᠤᠮᠯᠠᠬᠤ ᠬᠡᠷᠡᠭᠲᠡᠶ᠃
     1. ᠠᠵᠢᠯ᠎ᠤᠨ ᠡᠳᠦᠷ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
     2. ᠵᠢᠰᠢᠶ᠎ᠡ᠂ ᠵᠢᠵᠢᠭᠦᠷᠯᠡᠬᠦ᠂ ᠠᠵᠢᠯ᠎ᠳᠤ ᠪᠡᠯᠡᠳᠬᠡᠬᠦ᠂ ᠠᠵᠢᠯ ᠵᠶ᠋ᠠᠷ ᠭᠠᠳᠠᠭᠰᠢ ᠭᠠᠷᠬᠤ ᠵᠢᠴᠢ ᠴᠢᠬᠤᠯᠠ ᠶᠡᠬᠡ ᠠᠮᠤᠷ᠎ᠢ ᠬᠠᠮᠠᠭ᠋ᠠᠯᠠᠬᠤ ᠬᠤᠭᠤᠴᠠᠭ᠋ᠠᠨ᠎ᠳᠤ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
     3. ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ᠂ ᠬᠤᠷᠠᠯ᠎ᠳᠤ ᠣᠷᠣᠯᠴᠠᠬᠤ᠂ ᠰᠤᠷᠤᠯᠴᠠᠯᠭ᠎ᠠ ᠪᠣᠯᠪᠠᠰᠤᠷᠠᠭᠤᠯᠤᠯ ᠬᠢᠬᠦ᠂ ᠪᠠᠶ᠋ᠢᠴᠠᠭ᠋ᠠᠵᠤ ᠬᠢᠨᠠᠨ ᠵᠢᠯᠣᠭᠣᠳᠬᠤ᠂ ᠪᠠᠶ᠋ᠢᠴᠠᠭ᠋ᠠᠨ ᠰᠤᠳᠤᠯᠤᠯᠲᠠ ᠬᠢᠬᠦ᠂ ᠵᠢᠭ᠋ᠠᠪᠤᠷᠢ ᠠᠪᠴᠤ ᠮᠡᠳᠡᠭᠦᠯᠬᠦ᠂ ᠡᠷᠬᠢᠨ ᠦᠵᠡᠵᠦ ᠲᠣᠬᠣᠨᠢᠭᠤᠯᠬᠤ ᠵᠡᠷᠭᠡ ᠠᠯᠪᠠᠨ ᠶᠠᠪᠤᠳᠠᠯ᠎ᠤᠨ ᠠᠵᠢᠯᠯᠠᠭ᠎ᠠ ᠵᠢᠨ ᠬᠤᠭᠤᠴᠠᠭ᠋ᠠᠨ᠎ᠳᠤ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
     4. ᠺᠠᠳ᠋ᠷ᠎ᠢ ᠳᠡᠪᠰᠢᠭᠦᠯᠬᠦ᠂ ᠰᠢᠯᠵᠢᠭᠦᠯᠬᠦ᠂ ᠨᠠᠰᠤᠨ᠎ᠤ ᠠᠮᠠᠷᠠᠯᠲᠠ ᠠᠪᠬᠤ᠂ ᠬᠥᠬᠢᠭᠦᠯᠦᠨ ᠱᠠᠩᠨᠠᠬᠤ᠂ ᠪᠠᠶᠠᠷ᠎ᠤᠨ ᠶᠣᠰᠣᠯᠠᠯ ᠭᠠᠪᠢᠶ᠎ᠠ ᠲᠡᠮᠳᠡᠭᠯᠡᠬᠦ ᠵᠡᠷᠭᠡ᠎ᠪᠠᠷ ᠰᠢᠯᠲᠠᠭ ᠪᠣᠯᠭ᠋ᠠᠨ ᠣᠯᠠᠭᠤᠯᠠ ᠨᠡᠶ᠋ᠢᠯᠡᠵᠦ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ;
     5. ᠠᠰᠢᠭ ᠲᠤᠰᠠ ᠤᠯᠬᠤ᠎ᠪᠠᠷ ᠵᠣᠷᠢᠯᠭ᠎ᠠ ᠪᠣᠯᠭ᠋ᠠᠭᠰᠠᠨ᠂ ᠡᠷᠬᠡ ᠲᠤᠰᠢᠶᠠᠯ ᠵᠶ᠋ᠠᠨ ᠲᠥᠪ ᠭᠣᠤᠯᠴᠢ᠎ᠪᠠᠷ ᠭᠦᠢ᠍ᠴᠡᠳᠭᠡᠬᠦ ᠵᠢ ᠨᠥᠯᠥᠭᠡᠯᠡᠵᠦ ᠮᠡᠳᠡᠬᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠳᠦᠷᠢ ᠲᠥᠷᠬᠦ ᠵᠢ ᠬᠣᠬᠢᠷᠠᠭᠤᠯᠬᠤ ᠵᠡᠷᠭᠡ ᠲᠣᠭᠲᠠᠭ᠋ᠠᠯ᠎ᠠᠴᠠ ᠵᠥᠷᠢᠴᠡᠨ ᠳᠠᠶ᠋ᠢᠯᠠᠯᠭ᠎ᠠ ᠬᠢᠵᠦ ᠠᠷᠢᠬᠢ ᠤᠤᠭᠤᠬᠤ ᠵᠢ ᠵᠣᠬᠢᠶᠠᠨ ᠪᠠᠶ᠋ᠢᠭᠤᠯᠬᠤ ᠪᠤᠶᠤ ᠲᠡᠭᠦᠨ᠎ᠳᠤ ᠣᠷᠣᠯᠴᠠᠬᠤ ᠵᠢ ᠴᠢᠩᠭ᠎ᠠ ᠴᠠᠭ᠋ᠠᠵᠠᠯᠠᠨ᠎ᠠ;
     6. ᠠᠵᠢᠯᠯᠠᠬᠤ ᠲᠠᠯᠠᠪᠤᠷ᠂ ᠨᠢᠭᠡᠴᠡ ᠵᠢᠨ ᠪᠠᠶ᠋ᠢᠷᠢ ᠪᠠ ᠳᠣᠲᠣᠭ᠋ᠠᠳᠤ ᠵᠢᠨ ᠬᠣᠭᠣᠯᠠᠨ ᠭᠡᠷ ᠵᠡᠷᠭᠡ ᠴᠠᠭᠳᠠᠭ᠋ᠠᠨ ᠬᠤᠸᠠᠷᠠᠨ ᠳᠣᠲᠣᠷ᠎ᠠ᠂ ᠵᠢᠴᠢ ᠠᠯᠪᠠᠨ ᠬᠤᠪᠴᠠᠰᠤ᠎ᠪᠠᠷ ᠣᠯᠠᠨ ᠨᠡᠶ᠋ᠢᠲᠡ ᠵᠢᠨ ᠲᠠᠯᠠᠪᠤᠷ᠎ᠲᠤ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠨ᠎ᠠ᠃
     7. ᠶᠠᠮᠠᠷᠪᠠ ᠴᠠᠭ᠂ ᠶᠠᠮᠠᠷᠪᠠ ᠲᠠᠯᠠᠪᠤᠷ᠎ᠲᠤ ᠠᠷᠢᠬᠢᠨ᠎ᠳᠤ ᠰᠢᠨᠤᠬᠤ ᠵᠢ ᠴᠢᠩᠭ᠎ᠠ ᠴᠠᠭ᠋ᠠᠵᠠᠯᠠᠨ᠎ᠠ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ