ᠢᠯᠡ ᠵᠠᠰᠠᠭ   -   ᠪᠢᠴᠢᠭ ᠮᠠᠲ᠋ᠧᠷᠢᠶᠠᠯ
ᠠᠷᠠᠳ᠎ᠤᠨ ᠲᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠤᠯᠢ ᠴᠠᠭ᠋ᠠᠵᠠ ᠵᠢᠨ ᠶᠠᠮᠤᠨ᠎ᠤ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠶᠠᠪᠤᠭᠤᠯᠤᠭᠰᠠᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠳᠬᠡᠬᠦ ᠲᠤᠬᠠᠶ ᠰᠠᠨᠠᠯ
ᠨᠡᠶ᠋ᠢᠲᠡᠯᠡᠭᠰᠡᠨ ᠴᠠᠭ᠄ 2020-06-09

          ᠠᠷᠠᠳ᠎ᠤᠨ ᠲᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂

          ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠤᠯᠢ ᠴᠠᠭ᠋ᠠᠵᠠ ᠵᠢᠨ ᠶᠠᠮᠤᠨ᠎ᠤ ᠨᠠᠰᠤᠨ᠎ᠳᠤ

          ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠶᠠᠪᠤᠭᠤᠯᠤᠭᠰᠠᠨ

          ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠳᠬᠡᠬᠦ ᠲᠤᠬᠠᠶ ᠰᠠᠨᠠᠯ

     

      ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ ᠥᠷᠨᠢᠭᠦᠯᠦᠭᠰᠡᠨ᠎ᠠᠴᠠ ᠨᠠᠭ᠋ᠠᠰᠢ᠂ ᠡᠯ᠎ᠡ ᠱᠠᠲᠤᠨ᠎ᠤ ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠣᠯᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠥᠪ᠎ᠤᠨ ᠪᠠᠢ᠌ᠷᠢᠯᠠᠭᠤᠯᠤᠯᠳᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠬᠡᠷᠡᠭ᠎ᠢ ᠬᠠᠤᠯᠢ ᠶᠣᠰᠣᠭ᠋ᠠᠷ ᠴᠢᠩᠭ᠎ᠠ ᠰᠢᠢ᠍ᠳᠪᠦᠷᠢᠯᠡᠭᠡᠳ ᠢᠯᠡᠳᠲᠡ ᠦᠷ᠎ᠡ ᠪᠦᠲᠦᠮᠵᠢ ᠣᠯᠪᠠ᠃ ᠣᠢ᠌ᠷ᠎ᠠ ᠵᠢᠨ ᠬᠤᠭᠤᠴᠠᠭ᠋ᠠᠨ᠎ᠳᠤ᠂ ᠴᠥᠭᠡᠨ ᠪᠤᠰᠤ ᠭᠠᠵᠠᠷ ᠣᠷᠣᠨ᠎ᠤ᠎ᠬᠢᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠬᠡᠷᠡᠭ᠎ᠢ ᠰᠢᠢ᠍ᠳᠪᠦᠷᠢᠯᠡᠬᠦ ᠦᠭᠡ ᠵᠢᠨ ᠦᠶ᠎ᠡ᠎ᠳᠤ᠂ ᠵᠠᠷᠢᠮ ᠨᠠᠰᠤᠨ᠎ᠳᠤ ᠦᠯᠦ ᠬᠦᠷᠦᠭᠰᠡᠳ ᠰᠦᠷᠳᠡᠭᠦᠯᠦᠭᠳᠡᠵᠦ᠂ ᠠᠰᠢᠭ ᠵᠶ᠋ᠠᠷ ᠲᠠᠲᠠᠵᠤ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ᠎ᠳᠤ ᠣᠷᠣᠯᠴᠠᠭᠤᠯᠤᠭᠰᠠᠨ᠂ ᠶᠠᠯ᠎ᠠ ᠬᠢᠭᠰᠡᠨ᠎ᠨᠢ ᠨᠠᠰᠤᠨ᠎ᠳᠤ ᠦᠯᠦ ᠬᠦᠷᠦᠭᠰᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠬᠦᠨᠳᠦ ᠨᠣᠴᠢᠲᠠᠶ ᠬᠠᠷᠰᠢᠯᠠᠭᠰᠠᠨ᠂ ᠨᠡᠶ᠋ᠢᠭᠡᠮ᠎ᠤᠨ ᠡᠶ᠎ᠡ   ᠵᠤᠬᠢᠴᠠᠩᠭᠤᠢ ᠲᠣᠭᠲᠠᠭᠤᠨ ᠪᠠᠶ᠋ᠢᠳᠠᠯ᠎ᠢ ᠬᠦᠨᠳᠦ ᠨᠣᠴᠢᠲᠠᠶ ᠨᠥᠯᠦᠭᠡᠯᠡᠪᠡ᠃ ᠨᠠᠰᠤᠨ᠎ᠳᠤ ᠦᠯᠦ ᠬᠦᠷᠦᠭᠰᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ ᠨᠠᠰᠤᠨ᠎ᠳᠤ ᠥᠯᠥ ᠭᠦᠷᠦᠭᠰᠡᠳ᠎ᠢ ᠠᠶᠤᠯᠭ᠋ᠠᠨ ᠰᠦᠷᠳᠡᠭᠦᠯᠬᠦ᠂ ᠵᠢᠭ᠋ᠠᠨ ᠳᠣᠬᠢᠬᠤ᠂ ᠥᠳᠥᠭᠡᠨ ᠲᠠᠲᠠᠬᠤ᠂ ᠮᠡᠬᠡᠯᠡᠬᠦ ᠵᠡᠷᠭᠡ ᠨᠠᠰᠤᠨ᠎ᠳᠤ ᠥᠯᠥ ᠭᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠶᠠᠪᠤᠭᠤᠯᠤᠭᠰᠠᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠵᠠᠯᠬᠠᠭ᠋ᠠᠨ ᠰᠢᠳᠬᠡᠬᠦ᠎ᠳᠤ᠂ ᠬᠣᠯᠪᠣᠭᠳᠠᠯ ᠪᠥᠬᠥᠶ   ᠬᠠᠤᠯᠢ ᠴᠠᠭ᠋ᠠᠵᠠ ᠵᠢᠨ ᠲᠣᠭᠲᠠᠭ᠋ᠠᠯ᠎ᠢ ᠦᠨᠳᠦᠰᠦᠯᠡᠨ᠂ ᠲᠣᠰ ᠰᠠᠨᠠᠯ᠎ᠢ ᠲᠣᠭᠲᠠᠭ᠋ᠠᠪᠠ᠃
      ᠨᠢᠭᠡ᠂ ᠴᠣᠬᠢᠯᠲᠠ ᠥᠭᠬᠦ ᠭᠣᠤᠯᠳᠠᠯᠭ᠎ᠠ ᠵᠢ ᠳᠣᠪᠣᠶ᠋ᠢᠯᠭ᠋ᠠᠵᠤ᠂ ᠨᠠᠰᠤᠨ᠎ᠳᠤ ᠥᠯᠥ ᠭᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠬᠦ ᠵᠢ ᠬᠠᠤᠯᠢ ᠶᠣᠰᠣᠭ᠋ᠠᠷ ᠴᠢᠩᠭ᠎ᠠ ᠰᠢᠳᠬᠡᠨ᠎ᠡ
     (ᠨᠢᠭᠡ) ᠬᠠᠷ᠎ᠠ ᠪᠦᠯᠦᠭᠳᠡᠨ᠎ᠤ ᠰᠢᠨᠵᠢ ᠴᠢᠨᠠᠷᠲᠠᠶ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠂ ᠳᠣᠤᠷ᠎ᠠ   ᠵᠢᠭᠰᠠᠭ᠋ᠠᠭᠰᠠᠨ   ᠦᠢ᠍ᠯᠡ   ᠠᠵᠢᠯᠯᠠᠭ᠎ᠠ ᠵᠢᠨ   ᠨᠢᠭᠡ ᠵᠢ   ᠬᠢᠭᠰᠡᠨ ᠪᠠᠶ᠋ᠢᠪᠠᠯ᠂ 《ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ》 ᠵᠶ᠋ᠠᠷ ᠮᠠᠭ᠋ᠠᠳᠯᠠᠨ ᠲᠣᠭᠲᠠᠭ᠋ᠠᠬᠤ ᠬᠡᠷᠡᠭᠳᠡᠢ᠄
     1. ᠨᠠᠰᠤᠨ᠎ᠳᠤ ᠦᠯᠦ ᠬᠦᠷᠦᠭᠰᠡᠳ᠎ᠢ ᠰᠦᠷᠳᠡᠭᠦᠯᠦᠨ᠂ ᠵᠢᠭ᠋ᠠᠨ ᠳᠣᠬᠢᠵᠤ ᠪᠠᠶ᠋ᠢᠭ᠋ᠠᠳ ᠬᠠᠷ᠎ᠠ ᠪᠦᠯᠦᠭᠳᠡᠨ᠎ᠤ ᠰᠢᠨᠵᠢ ᠴᠢᠨᠠᠷ᠎ᠲᠠᠢ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠎ᠳᠤ ᠣᠷᠣᠯᠴᠠᠭᠤᠯᠵᠤ᠂ ᠡᠰᠡᠬᠦᠯ᠎ᠡ ᠬᠠᠷ᠎ᠠ ᠪᠦᠯᠦᠭᠳᠡᠨ ᠬᠠᠷᠭᠢᠰ ᠬᠦᠴᠦᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ;
     2. ᠨᠠᠰᠤᠨ᠎ᠳᠤ ᠦᠯᠦ ᠬᠦᠷᠦᠭᠰᠡᠳ᠎ᠢ ᠲᠠᠲᠠᠵᠤ᠂ ᠥᠳᠥᠭᠡᠨ ᠲᠠᠲᠠᠵᠤ᠂ ᠬᠠᠭᠤᠷᠤᠨ ᠮᠡᠬᠡᠯᠡᠵᠦ ᠪᠠᠶ᠋ᠢᠭ᠋ᠠᠳ ᠬᠠᠷ᠎ᠠ ᠪᠦᠯᠦᠭᠳᠡᠨ᠎ᠤ ᠰᠢᠨᠵᠢ ᠴᠢᠨᠠᠷᠲᠠᠶ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠎ᠳᠤ ᠣᠷᠣᠯᠴᠠᠭᠤᠯᠵᠤ᠂ ᠡᠰᠡᠬᠦᠯ᠎ᠡ ᠬᠠᠷ᠎ᠠ ᠪᠦᠯᠦᠭᠳᠡᠨ ᠬᠠᠷᠭᠢᠰ ᠬᠦᠴᠦᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ;
     3. ᠨᠠᠰᠤᠨ᠎ᠳᠤ ᠦᠯᠦ ᠬᠦᠷᠦᠭᠰᠡᠳ᠎ᠢ ᠡᠯᠰᠡᠵᠦ᠂ ᠣᠷᠣᠭᠤᠯᠵᠤ᠂ ᠲᠠᠨᠢᠯᠴᠠᠭᠤᠯᠵᠤ᠂ ᠬᠠᠷ᠎ᠠ ᠪᠦᠯᠦᠭᠳᠡᠨ᠎ᠤ ᠰᠢᠨᠵᠢ ᠴᠢᠨᠠᠷ᠎ᠲᠠᠢ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠎ᠳᠤ ᠣᠷᠣᠯᠴᠠᠭᠤᠯᠵᠤ᠂ ᠡᠰᠡᠬᠦᠯ᠎ᠡ ᠬᠠᠷ᠎ᠠ ᠪᠦᠯᠦᠭᠳᠡᠨ ᠬᠠᠷᠭᠢᠰ ᠬᠦᠴᠦᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ;
     4. ᠨᠠᠰᠤᠨ᠎ᠳᠤ ᠥᠯᠥ ᠭᠦᠷᠦᠭᠰᠡᠳ᠎ᠢ ᠬᠥᠯᠥᠰᠥᠯᠡᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠯᠭᠡᠭᠰᠡᠨ;
     5.   ᠨᠠᠰᠤᠨ᠎ᠳᠤ ᠦᠯᠤ ᠬᠥᠷᠦᠭᠰᠡᠳ᠎ᠢ ᠠᠰᠢᠭᠯᠠᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠪᠤᠰᠤᠳ ᠪᠠᠢ᠌ᠳᠠᠯ᠃
      ᠬᠠᠷ᠎ᠠ ᠪᠦᠯᠦᠭᠳᠡᠨ᠎ᠤ ᠴᠢᠨᠠᠷᠲᠠᠶ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠂ ᠡᠷᠡᠭᠦᠤ ᠵᠢᠨ ᠬᠠᠤᠯᠢ ᠪᠠ 《  ᠬᠠᠷ᠎ᠠ ᠬᠠᠷᠭᠢᠰ ᠬᠦᠴᠦᠨ᠎ᠤ ᠶᠠᠯᠠᠲᠤ ᠬᠡᠷᠡᠭ᠎ᠢ ᠰᠢᠢ᠍ᠳᠪᠦᠷᠢᠯᠡᠬᠦ ᠠᠰᠠᠭᠤᠳᠠᠯ᠎ᠤᠳ᠎ᠤᠨ ᠲᠤᠬᠠᠶ   ᠠᠷᠠᠳ ᠎ᠤᠨ   ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠤᠯᠢ   ᠴᠠᠭ᠋ᠠᠵᠠ ᠵᠢᠨ   ᠶᠠᠮᠤᠨ᠎ᠤ ᠵᠢᠯᠣᠭᠣᠳᠬᠤ ᠰᠠᠨᠠᠯ  》᠂ 《ᠬᠠᠷᠭᠢᠰ ᠬᠦᠴᠦᠨ᠎ᠤ ᠡᠷᠡᠭᠦᠤ ᠵᠢᠨ ᠬᠡᠷᠡᠭ᠎ᠢ ᠰᠢᠢ᠍ᠳᠪᠦᠷᠢᠯᠡᠬᠦ ᠠᠰᠠᠭᠤᠳᠠᠯ᠎ᠤᠳ᠎ᠤᠨ ᠲᠤᠬᠠᠶ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠤᠯᠢ ᠴᠠᠭ᠋ᠠᠵᠠ ᠵᠢᠨ ᠶᠠᠮᠤᠨ᠎ᠤ ᠰᠠᠨᠠᠯ  》 ᠵᠡᠷᠭᠡ ᠬᠠᠤᠯᠢ ᠴᠠᠭ᠋ᠠᠵᠠ᠂ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢᠨ ᠰᠢᠨᠵᠢ ᠴᠢᠨᠠᠷᠲᠠᠶ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠨ ᠮᠠᠭ᠋ᠠᠳᠯᠠᠨ ᠲᠣᠭᠲᠠᠭ᠋ᠠᠨ᠎ᠠ᠃
     (ᠬᠣᠶᠠᠷ) ᠨᠠᠰᠤᠨ᠎ᠳᠤ ᠦᠯᠤ ᠬᠥᠷᠦᠭᠰᠡᠳ᠎ᠢ ᠠᠰᠢᠭᠯᠠᠨ ᠬᠠᠷ᠎ᠠ ᠪᠦᠯᠦᠭᠳᠡᠨ   ᠬᠠᠷᠭᠢᠰ   ᠬᠦᠴᠦᠨ ᠎ᠤ   ᠶᠠᠯᠠᠲᠤ ᠠᠵᠢᠯᠯᠠᠭ᠎ᠠ ᠵᠢ ᠬᠢᠵᠦ᠂ ᠳᠣᠤᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠦᠨᠳᠦ᠎ᠪᠠᠷ ᠰᠢᠳᠬᠡᠬᠦ ᠬᠡᠷᠡᠭᠲᠡᠶ᠄
     1. ᠨᠠᠰᠤᠨ᠎ᠳᠤ ᠦᠯᠦ ᠬᠦᠷᠦᠭᠰᠡᠳ᠎ᠢ ᠵᠣᠬᠢᠶᠠᠨ ᠪᠠᠶ᠋ᠢᠭᠤᠯᠵᠤ᠂ ᠵᠢᠯᠣᠭᠣᠳᠴᠤ ᠪᠠᠶ᠋ᠢᠭ᠋ᠠᠳ ᠵᠣᠷᠢᠭᠤᠳᠠ ᠬᠥᠮᠦᠨ ᠠᠯᠠᠭᠰᠠᠨ᠂ ᠬᠥᠮᠦᠨ᠎ᠢ ᠵᠣᠷᠢᠭᠤᠳᠠ ᠭᠡᠮᠲᠦᠭᠡᠭᠡᠳ ᠬᠦᠨᠳᠦ ᠰᠢᠷᠬᠠᠲᠤᠭᠤᠯᠤᠭᠰᠠᠨ ᠪᠤᠶᠤ ᠦᠬᠦᠭᠦᠯᠦᠭᠰᠡᠨ᠂ ᠨᠥᠵᠢᠳᠯᠡᠭᠰᠡᠨ᠂ ᠤᠤᠯᠭ᠋ᠠᠯᠠᠭᠰᠠᠨ᠂ ᠳᠡᠭᠡᠷᠡᠮᠳᠡᠭᠰᠡᠨ ᠵᠡᠷᠭᠡ ᠬᠦᠨᠳᠦ ᠨᠣᠴᠢᠲᠠᠶ ᠬᠦᠴᠦᠷᠬᠡᠭᠯᠡᠯ᠎ᠤᠨ ᠶᠠᠯᠠᠲᠤ ᠠᠵᠢᠯᠯᠠᠭ᠎ᠠ ᠬᠢᠭᠰᠡᠨ;
     2. ᠨᠠᠰᠤᠨ᠎ᠳᠤ ᠥᠯᠥ ᠭᠦᠷᠦᠭᠰᠡᠳ᠎ᠲᠤ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠬᠦ ᠠᠷᠭ᠎ᠠ᠂ ᠤᠷ᠎ᠠ ᠴᠢᠳᠠᠪᠤᠷᠢ᠂ ᠲᠤᠷᠰᠢᠯᠭ᠎ᠠ ᠵᠢᠭ᠋ᠠᠵᠤ ᠥᠭᠭᠦᠭᠰᠡᠨ;
     3. ᠡᠷᠡᠭᠦᠤ ᠵᠢᠨ ᠬᠠᠷᠢᠭᠤᠴᠠᠯᠭ᠎ᠠ ᠡᠭᠦᠷᠭᠡᠯᠡᠬᠦ ᠨᠠᠰᠤᠨ᠎ᠳᠤ ᠬᠦᠷᠦᠭᠡᠳᠦᠢ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ;
     4. ᠬᠠᠤᠯᠢ ᠴᠠᠭ᠋ᠠᠵᠠ ᠵᠢᠨ ᠨᠡᠬᠡᠮᠵᠢᠯᠡᠯ᠎ᠠᠴᠠ ᠵᠠᠶ᠋ᠢᠯᠠᠬᠤ ᠵᠢᠨ ᠲᠥᠯᠥᠭᠡ᠂ ᠨᠠᠰᠤᠨ᠎ᠳᠤ ᠦᠯᠦ ᠬᠦᠷᠦᠭᠰᠡᠳ ᠵᠶ᠋ᠠᠷ ᠪᠡᠶ᠎ᠡ᠎ᠪᠠᠨ ᠲᠤᠰᠢᠶᠠᠭᠤᠯᠤᠭᠰᠠᠨ᠂ ᠬᠤᠳᠠᠯ ᠬᠠᠭᠤᠷᠮᠠᠭ ᠥᠴᠢᠭᠯᠡᠯᠲᠡ ᠬᠢᠯᠭᠡᠭᠰᠡᠨ ᠶᠠᠯ᠎ᠠ ᠬᠢᠭᠰᠡᠨ;
     5. ᠭᠡᠷ᠎ᠲᠡᠭᠡᠨ ᠬᠣᠴᠣᠷᠤᠭᠰᠠᠨ ᠬᠡᠤᠬᠡᠳ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠵᠢ ᠠᠰᠢᠭᠯᠠᠨ ᠶᠠᠯ᠎ᠠ ᠬᠢᠭᠰᠡᠨ;
     6. ᠣᠯᠠᠨ ᠬᠥᠮᠦᠨ᠎ᠢ ᠠᠰᠢᠭᠯᠠᠭᠰᠠᠨ ᠪᠤᠶᠤ ᠣᠯᠠᠨ ᠤᠳᠠᠭ᠎ᠠ ᠨᠠᠰᠤᠨ᠎ᠳᠤ ᠥᠯᠥ ᠭᠦᠷᠦᠭᠰᠡᠳ᠎ᠢ ᠠᠰᠢᠭᠯᠠᠵᠤ ᠶᠠᠯ᠎ᠠ ᠬᠢᠭᠰᠡᠨ;
     7. ᠨᠠᠰᠤᠨ᠎ᠳᠤ ᠦᠯᠦ ᠬᠦᠷᠦᠭᠰᠡᠳ᠎ᠲᠤ ᠴᠢᠭᠯᠡᠭᠦᠯᠦᠨ ᠬᠠᠤᠯᠢ ᠵᠢ ᠵᠥᠷᠢᠴᠡᠵᠦ ᠶᠠᠯ᠎ᠠ ᠬᠢᠭᠰᠡᠨ;
     8. ᠨᠠᠰᠤᠨ᠎ᠳᠤ ᠥᠯᠥ ᠭᠦᠷᠦᠭᠰᠡᠳ᠎ᠢ ᠬᠠᠷᠠᠭ᠋ᠠᠯᠵᠠᠨ ᠬᠠᠮᠠᠭ᠋ᠠᠯᠠᠬᠤ᠂ ᠰᠤᠷᠭ᠋ᠠᠨ ᠬᠥᠮᠦᠵᠢᠭᠦᠯᠬᠦ᠂ ᠬᠠᠷᠠᠭ᠋ᠠᠯᠵᠠᠬᠤ ᠵᠡᠷᠭᠡ ᠣᠨᠴᠠᠭ᠋ᠠᠶ ᠡᠭᠦᠷᠭᠡ ᠬᠠᠷᠢᠭᠤᠴᠠᠯᠭ᠎ᠠ᠎ᠲᠠᠢ ᠬᠥᠮᠦᠰ ᠨᠠᠰᠤᠨ᠎ᠳᠤ ᠥᠯᠥ ᠭᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ;
     9. ᠨᠠᠰᠤᠨ᠎ᠳᠤ ᠦᠯᠤ ᠬᠥᠷᠦᠭᠰᠡᠳ᠎ᠢ ᠠᠰᠢᠭᠯᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠦᠨᠳᠦ᠎ᠪᠠᠷ ᠰᠢᠳᠭᠡᠬᠦ ᠶᠣᠰᠣᠲᠠᠶ ᠪᠤᠰᠤᠳ ᠪᠠᠶ᠋ᠢᠳᠠᠯ᠃
     (ᠭᠤᠷᠪᠠ) ᠬᠠᠷ᠎ᠠ ᠪᠦᠯᠦᠭᠳᠡᠨ᠎ᠤ ᠰᠢᠨᠵᠢ ᠴᠢᠨᠠᠷ ᠪᠦᠬᠦᠢ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠳᠤ ᠪᠦᠯᠦᠭ ᠨᠠᠰᠤᠨ᠎ᠳᠤ ᠦᠯᠦ ᠬᠦᠷᠦᠭᠰᠡᠳ᠎ᠢ ᠠᠰᠢᠭᠯᠠ ᠶᠠᠯ᠎ᠠ ᠬᠢᠭᠰᠡᠨ ᠪᠠᠢ᠌ᠪᠠᠯ᠂ ᠶᠠᠯᠠᠲᠤ ᠪᠦᠯᠦᠭ᠎ᠤᠨ ᠲᠣᠯᠣᠭ᠋ᠠᠶ᠋ᠢᠯᠠᠭᠴᠢ ᠵᠢ ᠪᠦᠯᠦᠭ᠎ᠤᠨ ᠬᠢᠭᠰᠡᠨ ᠪᠦᠬᠦ ᠶᠠᠯᠠᠲᠤ ᠠᠵᠢᠯᠯᠠᠭ᠎ᠠ ᠵᠢᠨ ᠶᠣᠰᠣᠭ᠋ᠠᠷ ᠬᠦᠨᠳᠦ᠎ᠪᠠᠷ ᠰᠢᠳᠬᠡᠨ᠎ᠡ᠃ ᠶᠠᠯᠠᠲᠤ ᠪᠦᠯᠦᠭ᠎ᠤᠨ ᠭᠣᠤᠯᠯᠠᠭᠴᠢ ᠪᠦᠷᠢᠯᠳᠦᠬᠦᠨ᠎ᠢ ᠲᠡᠭᠦᠨ᠎ᠤ ᠵᠣᠬᠢᠶᠠᠨ ᠪᠠᠶ᠋ᠢᠭᠤᠯᠵᠤ ᠵᠢᠯᠣᠭᠣᠳᠤᠭᠰᠠᠨ ᠶᠠᠯ᠎ᠠ ᠵᠢ᠎ᠨᠢ ᠦᠨᠳᠦᠰᠦᠯᠡᠵᠦ ᠬᠦᠨᠳᠦ᠎ᠪᠠᠷ ᠰᠢᠳᠬᠡᠨ᠎ᠡ᠃
      ᠬᠠᠷᠭᠢᠰ ᠬᠦᠴᠦᠨ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠶᠠᠯ᠎ᠠ ᠬᠢᠭᠰᠡᠨ ᠪᠠᠢ᠌ᠪᠠᠯ᠂ ᠵᠣᠬᠢᠶᠠᠨ ᠪᠠᠶ᠋ᠢᠭᠤᠯᠬᠤ᠂ ᠤᠬᠠᠭ᠋ᠠᠯᠠᠨ ᠰᠡᠳᠦᠬᠦ᠂ ᠵᠢᠯᠣᠭᠣᠳᠬᠤ ᠦᠢ᠍ᠯᠡᠳᠦᠯ ᠭᠠᠷᠭ᠋ᠠᠭᠰᠠᠨ ᠴᠤᠭᠯᠠᠭᠤᠯᠤᠭᠴᠢᠳ᠎ᠲᠤ᠂   ᠬᠠᠷᠭᠢᠰ ᠬᠦᠴᠦᠨ᠎ᠤ ᠬᠠᠮᠲᠤ᠎ᠪᠠᠷ ᠬᠢᠭᠰᠡᠨ ᠶᠠᠯᠠᠲᠤ ᠠᠵᠢᠯᠯᠠᠭ᠎ᠠ ᠵᠢᠨ ᠳᠣᠲᠣᠷᠠᠬᠢ ᠶᠠᠯ᠎ᠠ ᠵᠢᠨ ᠬᠠᠷᠢᠭᠤᠴᠠᠯᠭ᠎ᠠ᠎ᠨᠢ ᠬᠦᠨᠳᠦ ᠨᠣᠴᠢᠲᠠᠶ ᠭᠣᠤᠯ ᠭᠡᠷᠡᠭᠳᠡᠠ᠎ᠢ ᠬᠦᠨᠳᠦ᠎ᠪᠠᠷ ᠰᠢᠳᠬᠡᠨ᠎ᠡ᠃
      ᠬᠠᠷ᠎ᠠ ᠪᠦᠯᠦᠭᠳᠡᠨ᠎ᠤ ᠰᠢᠨᠵᠢ ᠴᠢᠨᠠᠷ᠎ᠲᠠᠢ ᠵᠣᠬᠢᠶᠠᠨ ᠪᠠᠶ᠋ᠢᠭᠤᠯᠤᠯᠲᠠ᠂ ᠬᠠᠷᠭᠢᠰ   ᠬᠦᠴᠦᠨ ᠎ᠤ   ᠶᠠᠯᠠᠲᠤ   ᠪᠦᠯᠦᠭ᠂ ᠬᠠᠷᠭᠢᠰ ᠬᠦᠴᠦᠨ᠎ᠤ ᠪᠦᠷᠢᠯᠳᠦᠬᠦᠨ ᠨᠠᠰᠤᠨ᠎ᠳᠤ ᠥᠯᠥ ᠬᠦᠷᠦᠭᠰᠡᠳ᠎ᠢ ᠰᠢᠭᠤᠳ ᠠᠰᠢᠭᠯᠠ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠪᠠᠢ᠌ᠪᠠᠯ᠂ ᠬᠦᠨᠳᠦ᠎ᠪᠠᠷ ᠰᠢᠳᠬᠡᠨ᠎ᠡ᠃
     (ᠳᠥᠷᠪᠡ) ᠨᠠᠰᠤᠨ᠎ᠳᠤ ᠥᠯᠥ ᠭᠦᠷᠦᠭᠰᠡᠳ᠎ᠢ ᠰᠦᠷᠳᠡᠭᠦᠯᠬᠦ᠂ ᠵᠢᠭ᠋ᠠᠨ ᠳᠣᠬᠢᠬᠤ᠂ ᠥᠳᠥᠭᠡᠬᠦ ᠵᠡᠷᠭᠡ ᠨᠠᠰᠤᠨ᠎ᠳᠤ ᠥᠯᠥ ᠭᠦᠷᠦᠭᠰᠡᠳ᠎ᠢ ᠠᠰᠢᠭᠯᠠᠨ ᠬᠠᠷ᠎ᠠ ᠪᠦᠯᠦᠭᠳᠡᠨ᠎ᠤ ᠰᠢᠨᠵᠢ ᠴᠢᠨᠠᠷᠲᠠᠶ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠎ᠳᠤ ᠣᠷᠣᠯᠴᠠᠭᠤᠯᠬᠤ; ᠡᠰᠡᠬᠦᠯ᠎ᠡ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠵᠦ᠂ ᠬᠡᠳᠦᠶ᠋ᠢᠪᠡᠷ ᠨᠠᠰᠤᠨ᠎ᠳᠤ ᠥᠯᠥ ᠭᠦᠷᠦᠭᠰᠡᠳ ᠬᠠᠷ᠎ᠠ ᠪᠦᠯᠦᠭᠳᠡᠨ᠎ᠤ ᠰᠢᠨᠵᠢ ᠴᠢᠨᠠᠷᠲᠠᠶ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠎ᠳᠤ ᠣᠷᠣᠯᠴᠠᠭᠰᠠᠨ ᠥᠬᠡᠶ ᠪᠤᠶᠤ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠪᠣᠳᠠᠲᠠᠶ ᠣᠷᠣᠯᠴᠠᠭᠰᠠᠨ ᠥᠬᠡᠶ ᠪᠣᠯᠪᠠᠴᠤ ᠬᠠᠷ᠎ᠠ ᠪᠦᠯᠦᠭᠳᠡᠨ᠎ᠤ ᠰᠢᠨᠵᠢ ᠴᠢᠨᠠᠷ ᠪᠦᠬᠦᠢ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠎ᠤ ᠲᠣᠯᠣᠭ᠋ᠠᠶ᠋ᠢᠯᠠᠭᠴᠢ᠂ ᠭᠣᠣᠯᠯᠠᠭᠴᠢ ᠪᠦᠷᠢᠯᠳᠦᠬᠦᠨ᠂ ᠴᠤᠭᠯᠠᠭᠤᠯᠤᠭᠴᠢ᠂ ᠭᠣᠣᠯ ᠬᠡᠷᠡᠭᠲᠡᠨ ᠪᠠ ᠰᠢᠭᠤᠳ ᠠᠰᠢᠭᠯᠠᠭᠰᠠᠨ ᠪᠦᠷᠢᠯᠳᠦᠬᠦᠨ᠂ ᠪᠡᠶ᠎ᠡ᠎ᠪᠠᠨ ᠲᠤᠰᠢᠶᠠᠬᠤ᠂ ᠭᠠᠪᠢᠶ᠎ᠠ ᠪᠠᠶ᠋ᠢᠭᠤᠯᠬᠤ᠂ ᠴᠠᠭ᠋ᠠᠪᠤᠷᠯᠠᠬᠤ ᠵᠡᠷᠭᠡ   ᠬᠥᠩᠭᠡᠷᠡᠭᠦᠯᠬᠦ ᠦᠢ᠍ᠯᠡ ᠪᠠᠶ᠋ᠢᠳᠠᠯ᠎ᠲᠠᠢ ᠪᠠᠶ᠋ᠢᠯ᠎ᠠ ᠴᠤ᠌ ᠭᠡᠰᠡᠨ ᠡᠩ᠎ᠤᠨ ᠪᠠᠶ᠋ᠢᠳᠠᠯ᠎ᠳᠤ ᠬᠦᠩᠭᠡᠠ ᠵᠶ᠋ᠠᠷ ᠰᠢᠳᠬᠡᠬᠦ ᠪᠤᠶᠤ ᠬᠥᠩᠭᠡᠷᠡᠭᠦᠯᠦᠨ ᠰᠢᠳᠬᠡᠬᠦ ᠤᠢ᠍ᠭᠡᠢ᠃
     (ᠲᠠᠪᠤ) ᠬᠠᠷ᠎ᠠ ᠪᠦᠯᠦᠭᠳᠡᠨ᠎ᠤ ᠰᠢᠨᠵᠢ ᠴᠢᠨᠠᠷᠲᠠᠶ ᠵᠣᠬᠢᠶᠠᠨ ᠪᠠᠶ᠋ᠢᠭᠤᠯᠤᠯᠲᠠ᠂ ᠬᠠᠷᠭᠢᠰ ᠬᠦᠴᠦᠨ᠎ᠤ ᠶᠠᠯᠠᠲᠤ ᠪᠦᠯᠦᠭ᠂ ᠬᠠᠷᠭᠢᠰ ᠬᠦᠴᠦᠨ᠎ᠳᠤ ᠠᠰᠢᠭᠯᠠᠭᠳᠠᠵᠤ᠂ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ᠎ᠳᠤ ᠬᠠᠶᠠ ᠣᠷᠣᠯᠴᠠᠳᠠᠭ ᠨᠠᠰᠤᠨ᠎ᠳᠤ ᠦᠯᠦ ᠬᠦᠷᠦᠭᠰᠡᠳ᠎ᠤᠨ ᠲᠡᠭᠦᠨ᠎ᠤ ᠬᠢᠭᠰᠡᠨ ᠪᠣᠳᠠᠲᠠᠶ ᠶᠠᠯᠠᠲᠤ ᠠᠵᠢᠯᠯᠠᠭ᠎ᠠ ᠵᠢᠨ ᠰᠢᠨᠵᠢ ᠴᠢᠨᠠᠷ᠎ᠢ ᠦᠨᠳᠦᠰᠦᠯᠡᠨ᠂ ᠡᠩ᠎ᠤᠨ ᠪᠠᠶ᠋ᠢᠳᠠᠯ᠎ᠳᠤ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠵᠢᠡᠷ ᠮᠠᠭ᠋ᠠᠳᠯᠠᠨ ᠲᠣᠭᠲᠠᠭ᠋ᠠᠬᠤ ᠥᠬᠡᠶ᠃
      ᠬᠣᠶᠠᠷ᠂ ᠬᠠᠤᠯᠢ ᠵᠢ ᠴᠢᠩᠭ᠎ᠠ ᠵᠢᠷᠤᠮᠯᠠᠨ ᠬᠡᠷᠡᠭ ᠰᠢᠢ᠍ᠳᠪᠦᠷᠢᠯᠡᠵᠦ᠂ ᠴᠣᠬᠢᠯᠲᠠ ᠥᠭᠬᠦ ᠨᠡᠶ᠋ᠢᠯᠡᠮᠡᠯ ᠬᠦᠴᠦᠨ᠎ᠢ ᠪᠤᠢ ᠪᠣᠯᠭ᠋ᠠᠨ᠎ᠠ
     (ᠨᠢᠭᠡ) ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠪᠠᠢ᠌ᠪᠠᠯ᠂ ᠲᠤᠷᠰᠢᠨ ᠪᠠᠶ᠋ᠢᠴᠠᠭ᠋ᠠᠬᠤ᠂ ᠵᠠᠭ᠋ᠠᠯᠳᠤᠬᠤ᠂ ᠰᠢᠭᠦᠨ ᠲᠠᠰᠤᠯᠬᠤ᠂ ᠭᠦᠢ᠍ᠴᠡᠳᠬᠡᠬᠦ ᠡᠯ᠎ᠡ ᠱᠠᠲᠤ ᠦᠶ᠎ᠡ᠎ᠳᠤ ᠬᠠᠤᠯᠢ ᠶᠣᠰᠣᠭ᠋ᠠᠷ ᠴᠢᠩᠭ᠎ᠠ ᠰᠢᠳᠭᠡᠬᠦ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠢᠯᠡᠷᠡᠭᠦᠯᠵᠦ᠂ ᠨᠠᠰᠤᠨ᠎ᠳᠤ ᠦᠯᠦ ᠬᠦᠷᠦᠭᠰᠡᠳ᠎ᠤᠨ ᠶᠠᠯ᠎ᠠ ᠬᠢᠭᠰᠡᠨ ᠪᠣᠳᠠᠲᠤ ᠶᠠᠪᠤᠳᠠᠯ᠎ᠢ ᠴᠠᠭ ᠲᠤᠬᠠᠶ᠎ᠳᠤᠨᠢ ᠪᠠᠶ᠋ᠢᠴᠠᠭ᠋ᠠᠨ ᠲᠣᠳᠣᠯᠠᠵᠤ᠂ ᠪᠠᠭ᠎ᠠ ᠰᠠᠭ᠎ᠠ ᠤᠴᠢᠷ ᠵᠢᠭᠤᠷᠠᠯᠳᠤᠬᠤ᠎ᠠᠴᠠ ᠵᠠᠶ᠋ᠢᠯᠠᠰᠬᠢᠬᠦ ᠬᠡᠷᠡᠭᠲᠡᠶ᠃ ᠳᠣᠷᠣᠭᠰᠢ ᠵᠢᠯᠣᠭᠣᠳᠬᠤ᠎ᠪᠠᠨ ᠴᠢᠩᠭ᠋ᠠᠳᠬᠠᠵᠤ᠂ ᠨᠠᠰᠤᠨ᠎ᠳᠤ ᠥᠯᠥ ᠭᠦᠷᠦᠭᠰᠡᠳ᠎ᠢ ᠠᠰᠢᠭᠯᠠᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠬᠦᠨᠳᠦ ᠣᠨᠴᠠ ᠶᠡᠬᠡ ᠬᠡᠷᠡᠭ᠎ᠢ ᠲᠤᠰᠠᠭ᠋ᠠᠷ ᠪᠤᠶᠤ ᠬᠠᠮᠲᠤᠷᠠᠨ ᠵᠢᠩᠬᠢᠨᠢ᠎ᠪᠠᠷ ᠲᠠᠩᠰᠠᠯᠠᠨ ᠰᠢᠪᠠᠳᠠᠨ ᠰᠢᠢ᠍ᠳᠪᠦᠷᠢᠯᠡᠭᠦᠯᠵᠦ ᠪᠣᠯᠤᠨ᠎ᠠ᠃ ᠬᠦᠨᠳᠦ ᠶᠡᠬᠡ ᠲᠦᠪᠡᠭ ᠪᠤᠳᠤᠯᠢᠶᠠᠨᠲᠠᠶ ᠪᠥᠭᠡᠳ ᠨᠡᠶ᠋ᠢᠭᠡᠮ᠎ᠤᠨ ᠨᠥᠯᠥᠭᠡ᠎ᠪᠠᠷ ᠨᠡᠯᠢᠶᠡᠳ ᠶᠡᠬᠡ ᠬᠡᠷᠡᠭ᠎ᠢ ᠬᠡᠷᠡᠭ ᠰᠢᠢ᠍ᠳᠪᠦᠷᠢᠯᠡᠬᠦ ᠰᠠᠯᠠᠭ᠎ᠠ ᠮᠥᠴᠢᠷ ᠳᠡᠭᠡᠳᠦ ᠱᠠᠲᠤᠨ᠎ᠤ ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠠ ᠬᠠᠤᠯᠢ   ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠴᠠᠭ ᠲᠤᠬᠠᠶ᠎ᠳᠤᠨᠢ ᠱᠠᠳᠤ ᠳᠠᠷᠠᠭ᠋ᠠᠯᠠᠨ ᠮᠡᠳᠡᠭᠦᠯᠬᠦ ᠬᠡᠷᠡᠭᠲᠡᠶ᠃
     (ᠬᠣᠶᠠᠷ) ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠬᠡᠷᠡᠭ᠎ᠤᠨ ᠳᠤᠮᠳᠠ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠶᠠᠯ᠎ᠠ ᠬᠢᠭᠰᠡᠨ ᠰᠦᠪᠡᠭᠴᠢ ᠵᠢ ᠣᠯᠵᠤ ᠮᠡᠳᠡᠪᠡᠯ᠂ ᠰᠢᠭᠦᠨ ᠲᠠᠰᠤᠯᠬᠤ᠎ᠪᠠᠷ ᠭᠣᠣᠯ ᠪᠣᠯᠭ᠋ᠠᠭᠰᠠᠨ ᠡᠷᠡᠭᠦᠦ ᠵᠢᠨ ᠵᠠᠷᠭᠤ ᠵᠢᠨ ᠳᠦᠷᠢᠮ᠎ᠤᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ᠂ ᠵᠢᠷᠤᠮ᠎ᠤᠨ ᠦᠵᠡᠯ ᠤᠬᠠᠮᠰᠠᠷ ᠪᠠ ᠭᠡᠷᠡᠴᠢ ᠪᠠᠷᠢᠮᠲᠠ ᠵᠢᠨ ᠦᠵᠡᠯ ᠤᠬᠠᠮᠰᠠᠷ᠎ᠢ ᠴᠢᠩᠭ᠋ᠠᠳᠬᠠᠵᠤ᠂ ᠭᠡᠷᠡᠴᠢ ᠪᠠᠷᠢᠮᠲᠠ ᠵᠢ ᠬᠠᠤᠯᠢ ᠶᠣᠰᠣᠭ᠋ᠠᠷ ᠴᠤᠭᠯᠠᠭᠤᠯᠵᠤ᠂ ᠲᠣᠭᠲᠠᠪᠤᠷᠢᠵᠢᠭᠤᠯᠬᠤ ᠪᠠ ᠬᠡᠷᠡᠭᠯᠡᠵᠦ᠂ ᠲᠡᠷᠡᠴᠢᠯᠡᠨ ᠬᠡᠷᠡᠭ᠎ᠤᠨ ᠰᠢᠨᠵᠢ ᠴᠢᠨᠠᠷ᠂ ᠭᠡᠷᠡᠴᠢ ᠪᠠᠷᠢᠮᠲᠠ ᠴᠤᠭᠯᠠᠭᠤᠯᠬᠤ ᠪᠠ ᠬᠠᠤᠯᠢ ᠴᠠᠭ᠋ᠠᠵᠠ ᠵᠢ ᠬᠡᠷᠡᠭᠯᠡᠬᠦ ᠵᠡᠷᠭᠡ ᠲᠠᠯ᠎ᠠ᠎ᠪᠠᠷ ᠠᠷᠠᠳ᠎ᠤᠨ ᠪᠠᠶ᠋ᠢᠴᠠᠭ᠋ᠠᠬᠤ ᠬᠣᠷᠢᠶᠠᠨ᠎ᠤ ᠰᠠᠨᠠᠯ ᠰᠠᠨᠠᠭᠤᠯᠭ᠎ᠠ ᠵᠢ ᠰᠣᠨᠣᠰᠴᠤ ᠪᠣᠯᠤᠨ᠎ᠠ᠃ ᠪᠠᠲᠤᠯᠠᠭ᠎ᠠ ᠠᠪᠴᠤ ᠰᠢᠭᠦᠬᠦ ᠵᠢ ᠬᠦᠯᠢᠶᠡᠯᠭᠡᠬᠦ᠂ ᠰᠠᠭᠤᠭ᠎ᠠ ᠭᠠᠵᠠᠷ᠎ᠲᠤᠨᠢ ᠬᠢᠨᠠᠯᠲᠠ ᠲᠠᠯᠪᠢᠬᠤ᠎ᠳᠤ ᠬᠡᠷᠡᠭᠯᠡᠬᠦ ᠵᠢ ᠴᠢᠩᠭ᠎ᠠ ᠡᠵᠡᠮᠰᠢᠵᠦ᠂ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠲᠣᠯᠣᠭ᠋ᠠᠶ᠋ᠢᠯᠠᠭᠴᠢ᠂ ᠭᠣᠤᠯᠯᠠᠭᠴᠢ ᠪᠦᠷᠢᠯᠳᠦᠬᠦᠨ᠂ ᠴᠤᠭᠯᠠᠭᠤᠯᠤᠭᠴᠢ᠂ ᠭᠣᠤᠯ ᠬᠡᠷᠡᠭᠲᠡᠨ ᠪᠠ ᠰᠢᠭᠤᠳ ᠠᠰᠢᠭᠯᠠᠬᠤ ᠪᠦᠷᠢᠯᠳᠦᠭᠦᠨ᠎ᠢ ᠠᠷᠠᠳ᠎ᠤᠨ ᠪᠠᠶ᠋ᠢᠴᠠᠭ᠋ᠠᠬᠤ ᠬᠣᠷᠢᠶ᠎ᠠ᠎ᠳᠤ ᠬᠠᠤᠯᠢ ᠶᠣᠰᠣᠭ᠋ᠠᠷ ᠪᠠᠷᠢᠪᠴᠢᠯᠠᠬᠤ ᠵᠢ ᠵᠥᠪᠰᠢᠶᠡᠷᠡᠭᠦᠯᠬᠦ᠎ᠪᠠᠷ ᠳᠡᠪᠰᠢᠭᠦᠯᠬᠦ ᠬᠡᠷᠡᠭᠲᠡᠶ᠃
     (ᠭᠤᠷᠪᠠ) ᠠᠷᠠᠳ᠎ᠤᠨ ᠪᠠᠶ᠋ᠢᠴᠠᠭ᠋ᠠᠬᠤ ᠬᠣᠷᠢᠶ᠎ᠠ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠬᠡᠷᠡᠭ᠎ᠢ ᠬᠡᠷᠡᠭ ᠪᠣᠯᠭ᠋ᠠᠨ ᠳᠠᠩᠰᠠᠯᠠᠵᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠬᠡᠷᠡᠭ ᠪᠣᠯᠭ᠋ᠠᠨ ᠳᠠᠩᠰᠠᠯᠠᠬᠤ ᠶᠣᠰᠣᠲᠠᠢ ᠪᠠᠶ᠋ᠢᠲᠠᠯ᠎ᠠ ᠬᠡᠷᠡᠭ ᠪᠣᠯᠭ᠋ᠠᠨ ᠳᠠᠩᠰᠠᠯᠠᠭᠰᠠᠨ ᠦᠭᠡᠢ ᠪᠠᠶ᠋ᠢᠬᠤ ᠵᠢ ᠣᠯᠵᠤ ᠮᠡᠳᠡᠪᠡᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠭᠤᠯᠬᠤ᠎ᠪᠠᠷ ᠱᠠᠭ᠋ᠠᠷᠳᠠᠬᠤ ᠬᠡᠷᠡᠭᠲᠡᠢ᠂ ᠤᠴᠢᠷ ᠰᠢᠯᠲᠠᠭ᠋ᠠᠨ᠎ᠢ᠎ᠨᠢ ᠲᠣᠳᠤᠷᠬᠠᠢ᠌ᠯᠠᠵᠤ ᠴᠢᠳᠠᠬᠤ ᠦᠭᠡᠢ ᠪᠤᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠬᠡᠷᠡᠭ ᠪᠣᠯᠭ᠋ᠠᠨ ᠳᠠᠩᠰᠠᠯᠠᠭᠤᠯᠬᠤ᠎ᠪᠠᠷ ᠬᠠᠤᠯᠢ ᠶᠣᠰᠣᠭ᠋ᠠᠷ ᠮᠡᠳᠡᠭᠳᠡᠬᠦ ᠬᠡᠷᠡᠭᠲᠡᠶ᠃ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠬᠡᠷᠡᠭ᠎ᠲᠤ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠬᠡᠷᠡᠭ᠎ᠤᠨ ᠰᠢᠨᠵᠢ ᠴᠢᠨᠠᠷ᠂ ᠭᠡᠷᠡᠴᠢ ᠪᠠᠷᠢᠮᠲᠠ ᠴᠤᠭᠯᠠᠭᠤᠯᠬᠤ ᠪᠠ ᠬᠠᠤᠯᠢ ᠴᠠᠭ᠋ᠠᠵᠠ ᠵᠢ ᠬᠡᠷᠡᠭᠯᠡᠬᠦ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠴᠤ ᠪᠣᠯᠤᠨ᠎ᠠ᠃ ᠪᠠᠷᠢᠪᠴᠢᠯᠠᠬᠤ ᠨᠥᠬᠥᠴᠡᠯ᠎ᠳᠤ ᠨᠡᠶ᠋ᠢᠴᠡᠪᠡᠯ ᠬᠠᠤᠯᠢ ᠶᠣᠰᠣᠭ᠋ᠠᠷ ᠪᠠᠷᠢᠪᠴᠢᠯᠠᠬᠤ ᠵᠢ ᠡᠷᠡᠰ ᠵᠥᠪᠰᠢᠶᠡᠷᠡᠵᠦ᠂ ᠵᠠᠭ᠋ᠠᠯᠳᠤᠬᠤ ᠨᠥᠬᠥᠴᠡᠯ᠎ᠳᠤ ᠨᠡᠶ᠋ᠢᠴᠡᠪᠡᠯ ᠬᠠᠤᠯᠢ ᠶᠣᠰᠣᠭ᠋ᠠᠷ ᠡᠷᠡᠰ ᠵᠠᠭ᠋ᠠᠯᠳᠤᠨ᠎ᠠ᠃ ᠪᠠᠷᠢᠪᠴᠢᠯᠠᠬᠤ ᠵᠢ ᠵᠥᠪᠰᠢᠶᠡᠷᠡᠬᠦ ᠦᠭᠡᠢ ᠪᠣᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠥᠬᠥᠪᠥᠷᠢᠯᠡᠨ ᠲᠤᠷᠰᠢᠨ ᠪᠠᠶ᠋ᠢᠴᠠᠭ᠋ᠠᠬᠤ᠂ ᠬᠢᠨᠠᠨ ᠪᠠᠶ᠋ᠢᠴᠠᠭ᠋ᠠᠵᠤ ᠵᠠᠭ᠋ᠠᠯᠳᠤᠬᠤ ᠱᠠᠲᠤᠨ᠎ᠳᠤ ᠪᠤᠴᠠᠭ᠋ᠠᠵᠤ ᠨᠥᠬᠥᠪᠥᠷᠢᠯᠡᠨ ᠲᠤᠷᠰᠢᠨ ᠪᠠᠶ᠋ᠢᠴᠠᠭ᠋ᠠᠯᠭ᠋ᠠᠬᠤ᠎ᠪᠠᠷ ᠱᠠᠭ᠋ᠠᠷᠳᠠᠭᠰᠠᠨ ᠪᠠᠢ᠌ᠪᠠᠯ᠂ ᠨᠥᠬᠥᠪᠥᠷᠢᠯᠡᠨ ᠲᠤᠷᠰᠢᠨ ᠪᠠᠶ᠋ᠢᠴᠠᠭ᠋ᠠᠬᠤ ᠨᠠᠷᠢᠨ ᠲᠣᠳᠣᠷᠬᠠᠢ ᠲᠤᠪᠴᠢᠯᠠᠯ᠎ᠢ ᠲᠤᠰ ᠲᠤᠰ ᠵᠣᠬᠢᠶᠠᠵᠤ᠂ ᠨᠥᠬᠥᠪᠥᠷᠢᠯᠡᠨ ᠲᠤᠷᠰᠢᠨ ᠪᠠᠶ᠋ᠢᠴᠠᠭ᠋ᠠᠬᠤ ᠴᠢᠬᠤᠯᠠᠲᠠᠢ ᠵᠦᠢ᠍ᠯᠡᠰ᠂ ᠤᠴᠢᠷ ᠰᠢᠯᠲᠠᠭ᠋ᠠᠨ᠂ ᠲᠤᠷᠰᠢᠨ ᠪᠠᠶ᠋ᠢᠴᠠᠭ᠋ᠠᠬᠤ ᠴᠢᠭᠯᠡᠯ᠂ ᠨᠥᠬᠥᠪᠥᠷᠢᠯᠡᠨ ᠴᠤᠭᠯᠠᠭᠤᠯᠬᠤ ᠴᠢᠬᠤᠯᠠᠲᠠᠢ ᠭᠡᠷᠡᠴᠢ ᠪᠠᠷᠢᠮᠲᠠ ᠵᠢᠴᠢ ᠲᠡᠭᠦᠨ᠎ᠤ ᠭᠡᠷᠡᠴᠢᠯᠡᠬᠦ ᠦᠢ᠍ᠯᠡᠳᠦᠯ ᠵᠡᠷᠭᠡ ᠵᠢ ᠲᠣᠳᠣᠷᠬᠠᠢ ᠪᠢᠴᠢᠬᠦ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠬᠦᠷᠭᠡᠵᠦ ᠲᠤᠷᠰᠢᠨ ᠪᠠᠶ᠋ᠢᠴᠠᠭ᠋ᠠᠵᠤ ᠭᠡᠷᠡᠴᠢ ᠨᠦᠬᠦᠪᠦᠷᠢᠯᠡᠬᠦ ᠬᠠᠮᠢᠶ᠎ᠠ ᠪᠥᠬᠥᠶ ᠠᠵᠢᠯᠯᠠᠭ᠎ᠠ ᠥᠷᠨᠢᠭᠦᠯᠦᠨ᠎ᠡ᠃
     (ᠲᠥᠷᠪᠡ) ᠨᠠᠰᠤᠨ᠎ᠳᠤ ᠦᠯᠦ ᠬᠦᠷᠦᠭᠰᠡᠳ᠎ᠢ ᠠᠰᠢᠭᠯᠠᠭᠰᠠᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠶᠣᠰᠣᠭ᠋ᠠᠷ ᠴᠢᠩᠭ᠎ᠠ ᠰᠢᠳᠭᠡᠬᠦ ᠪᠠ ᠶᠠᠯ᠎ᠠ᠎ᠪᠠᠨ ᠮᠡᠳᠡᠷᠡᠵᠦ ᠰᠢᠳᠭᠡᠯ᠎ᠢ ᠬᠦᠯᠢᠶᠡᠬᠦ ᠵᠢ ᠠᠭᠤᠴᠢᠯᠠᠨ ᠰᠢᠢ᠍ᠳᠪᠦᠷᠢᠯᠡᠬᠦ᠎ᠲᠠᠢ ᠣᠷᠭ᠋ᠠᠨᠢᠭ ᠵᠶ᠋ᠠᠷ ᠤᠶᠠᠯᠳᠤᠭᠤᠯᠬᠤ ᠬᠡᠷᠡᠭᠲᠡᠶ   ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠪᠠᠢ᠌ᠪᠠᠯ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠨᠠᠰᠤᠨ᠎ᠳᠤ ᠦᠯᠦ ᠬᠦᠷᠦᠭᠰᠡᠳ᠎ᠢ   ᠠᠰᠢᠭᠯᠠᠭᠰᠠᠨ ᠦᠢ᠍ᠯᠡ ᠪᠠᠶ᠋ᠢᠳᠠᠯ᠎ᠢ᠎ᠨᠢ ᠪᠣᠳᠤᠯᠬᠢᠯᠠᠵᠤ᠂ ᠠᠷᠠᠳ᠎ᠤᠨ ᠰᠢᠭᠦᠬᠦ ᠬᠣᠷᠢᠶ᠎ᠠ᠎ᠳᠤ ᠡᠷᠡᠭᠦᠤ ᠰᠢᠳᠬᠡᠯ ᠣᠨᠣᠭᠳᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠶ᠃ ᠬᠡᠳᠦᠶ᠋ᠢᠪᠡᠷ ᠶᠠᠯ᠎ᠠ᠎ᠪᠠᠨ ᠮᠡᠳᠡᠷᠡᠭᠰᠡᠨ ᠪᠣᠯᠪᠠᠴᠤ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠵᠦ᠂ ᠶᠠᠯ᠎ᠠ ᠬᠢᠭᠰᠡᠨ ᠰᠢᠨᠵᠢ ᠴᠢᠨᠠᠷ᠎ᠨᠢ ᠬᠠᠷ᠎ᠠ ᠬᠣᠤᠷᠲᠠᠶ᠂ ᠶᠠᠯ᠎ᠠ ᠬᠢᠭᠰᠡᠨ ᠠᠷᠭ᠎ᠠ ᠪᠠᠷᠢᠯ᠎ᠨᠢ ᠬᠠᠷᠭᠢᠰ ᠬᠡᠷᠴᠡᠭᠡᠶ᠂ ᠨᠠᠰᠤᠨ᠎ᠳᠤ ᠦᠯᠦ ᠬᠦᠷᠦᠭᠰᠡᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠬᠦᠨᠳᠦ ᠨᠣᠴᠢᠲᠠᠶ ᠬᠣᠬᠢᠷᠠᠭᠤᠯᠵᠤ᠂ ᠠᠭᠤᠴᠢᠯᠠᠨ ᠰᠢᠳᠬᠡᠵᠦ ᠳᠡᠶ᠋ᠢᠯᠬᠦ ᠦᠭᠡᠢ ᠪᠠᠶ᠋ᠢᠪᠠᠯ᠂ ᠡᠷᠡᠭᠦᠤ ᠰᠢᠳᠬᠡᠯ ᠣᠨᠣᠭᠳᠠᠭᠤᠯᠬᠤ ᠰᠠᠨᠠᠭᠤᠯᠭ᠎ᠠ ᠳᠤᠷᠠᠳᠬᠤ᠎ᠳᠠᠭᠠᠨ ᠬᠠᠤᠯᠢ ᠶᠣᠰᠣᠭ᠋ᠠᠷ ᠴᠢᠩᠭ᠎ᠠ ᠪᠥᠭᠡᠳ ᠬᠦᠨᠳᠦ᠎ᠪᠠᠷ ᠰᠢᠳᠬᠡᠬᠦ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠠᠰᠢᠭᠯᠠᠭᠳᠠᠨ ᠶᠠᠯ᠎ᠠ ᠬᠢᠭᠰᠡᠨ ᠨᠠᠰᠤᠨ᠎ᠳᠤ ᠦᠯᠦ ᠬᠦᠷᠦᠭᠰᠡᠳ ᠰᠠᠢ᠍ᠢ᠍ᠨ ᠳᠤᠷ᠎ᠠ᠎ᠠᠴᠠ᠎ᠪᠠᠨ ᠶᠠᠯ᠎ᠠ᠎ᠪᠠᠨ ᠮᠡᠳᠡᠷᠡᠵᠦ᠂ ᠦᠨᠡᠨ ᠰᠡᠳᠬᠢᠯ᠎ᠠᠴᠠ᠎ᠪᠠᠨ ᠶᠠᠯ᠎ᠠ ᠬᠢᠭᠰᠡᠨ᠎ᠳᠤ᠎ᠪᠠᠨ ᠭᠡᠮᠰᠢᠵᠦ᠂ ᠰᠢᠳᠬᠡᠯ ᠢ ᠬᠦᠯᠢᠶᠡᠬᠦ ᠳᠤᠷᠠᠲᠠᠶ ᠪᠠᠶ᠋ᠢᠪᠠᠯ᠂ ᠠᠭᠤᠴᠢᠯᠠᠨ ᠰᠢᠢ᠍ᠳᠪᠦᠷᠢᠯᠡᠬᠦ ᠡᠷᠡᠭᠦᠤ ᠰᠢᠳᠬᠡᠯ ᠣᠨᠣᠭᠳᠠᠭᠤᠯᠬᠤ ᠰᠠᠨᠠᠭᠤᠯᠭ᠎ᠠ ᠵᠢ ᠬᠠᠤᠯᠢ ᠶᠣᠰᠣᠭ᠋ᠠᠷ ᠳᠤᠷᠠᠳᠬᠤ ᠬᠡᠷᠡᠭᠲᠡᠶ᠃
      (ᠲᠠᠪᠤ) ᠠᠷᠠᠳ᠎ᠤᠨ ᠰᠢᠭᠦᠬᠦ ᠬᠣᠷᠢᠶ᠎ᠠ ᠨᠠᠰᠤᠨ᠎ᠳᠤ ᠦᠯᠦ ᠬᠦᠷᠦᠭᠰᠡᠳ᠎ᠢ ᠠᠰᠢᠭᠯᠠᠭᠰᠠᠨ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠳᠤ ᠬᠡᠷᠡᠭ᠎ᠢ ᠴᠠᠭ ᠲᠤᠬᠠᠶ᠎ᠳᠤᠨᠢ ᠰᠢᠭᠦᠨ ᠲᠠᠰᠤᠯᠵᠤ᠂ ᠴᠢᠩᠭ᠎ᠠ ᠰᠢᠳᠬᠡᠬᠦ ᠬᠡᠷᠡᠭᠲᠡᠶ᠃ ᠡᠷᠡᠭᠦᠤ ᠰᠢᠳᠬᠡᠯ᠎ᠢ᠎ᠨᠢ ᠬᠣᠶ᠋ᠢᠰᠢᠯᠠᠭᠤᠯᠬᠤ᠂ ᠡᠷᠡᠭᠦᠤ ᠰᠢᠳᠬᠡᠯ᠎ᠢ᠎ᠨᠢ ᠬᠥᠩᠭᠡᠷᠡᠭᠦᠯᠬᠦ᠂ ᠲᠠᠨᠭ᠌ᠰᠠᠨ ᠰᠤᠯᠠᠯᠠᠬᠤ ᠵᠢ ᠬᠡᠷᠡᠭᠯᠡᠬᠦ ᠵᠢ ᠴᠢᠩᠭ᠎ᠠ ᠡᠵᠡᠮᠰᠢᠵᠦ᠂ ᠲᠦᠷ ᠭᠢᠨᠳᠠᠨ᠎ᠤ ᠭᠠᠳᠠᠨ᠎ᠠ ᠭᠦᠢ᠍ᠴᠡᠳᠭᠡᠬᠦ ᠵᠢ ᠬᠡᠷᠡᠭᠯᠡᠬᠦ ᠨᠥᠬᠥᠴᠡᠯ᠎ᠢ ᠴᠢᠩᠭ᠎ᠠ ᠡᠵᠡᠮᠰᠢᠨ᠎ᠡ᠃ ᠡᠳ᠋ ᠬᠥᠷᠥᠩᠭᠡ ᠵᠢᠨ ᠡᠷᠡᠭᠦᠤ᠂ ᠬᠢᠷᠢ ᠬᠡᠮ᠎ᠤᠨ ᠡᠷᠡᠭᠦᠤ ᠵᠢ ᠬᠠᠤᠯᠢ ᠶᠣᠰᠣᠭ᠋ᠠᠷ ᠬᠡᠷᠡᠭᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠤ 《ᠠᠵᠤ ᠠᠬᠤᠶ ᠵᠢᠨ ᠰᠠᠭᠤᠷᠢ》 ᠵᠢ ᠬᠠᠮᠤᠭ᠎ᠤᠨ ᠶᠡᠬᠡ ᠬᠡᠮᠵᠢᠶ᠎ᠡ᠎ᠪᠠᠷ ᠠᠷᠢᠯᠭ᠋ᠠᠨ᠎ᠠ᠃ ᠡᠷᠡᠭᠦᠤ ᠵᠢᠨ ᠬᠠᠤᠯᠢ ᠵᠢᠨ ᠭᠤᠴᠢᠨ ᠳᠣᠯᠣᠳᠤᠭ᠋ᠠᠷ ᠵᠤᠢ᠌ᠯ᠎ᠤᠨ ᠨᠢᠭᠡ ᠲᠣᠭᠲᠠᠭ᠋ᠠᠯ᠎ᠳᠤ ᠨᠡᠶ᠋ᠢᠴᠡᠪᠡᠯ᠂ ᠲᠡᠭᠦᠨ᠎ᠤ ᠬᠤᠯᠪᠤᠭᠳᠠᠯ ᠪᠦᠬᠦᠢ ᠠᠵᠢᠯ ᠮᠡᠷᠭᠡᠵᠢᠯ ᠡᠷᠬᠢᠯᠡᠬᠦ ᠵᠢ ᠬᠠᠤᠯᠢ ᠶᠣᠰᠣᠭ᠋ᠠᠷ ᠴᠠᠭ᠋ᠠᠵᠠᠯᠠᠬᠤ ᠬᠡᠷᠡᠭᠲᠡᠶ᠃
      ᠭᠤᠷᠪᠠ᠂ ᠨᠡᠶ᠋ᠢᠭᠡᠮ᠎ᠤᠨ ᠵᠠᠰᠠᠯᠲᠠ᠎ᠳᠤ ᠢᠳᠡᠪᠬᠢᠲᠡᠶ ᠣᠷᠣᠯᠴᠠᠵᠤ᠂ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ᠎ᠨᠢ ᠵᠡᠷᠭᠡᠪᠡᠷ ᠵᠠᠰᠠᠬᠤ ᠵᠢ ᠪᠡᠶᠡᠯᠡᠭᠦᠯᠦᠨ᠎ᠡ
     (ᠨᠢᠭᠡ) ᠴᠣᠬᠢᠯᠲᠠ ᠥᠭᠴᠦ ᠵᠠᠰᠠᠬᠤ ᠵᠢᠨ ᠬᠠᠮᠲᠤ ᠪᠦᠲᠦᠭᠡᠨ ᠪᠠᠶ᠋ᠢᠭᠤᠯᠬᠤ ᠱᠠᠭ᠋ᠠᠷᠳᠠᠯᠭ᠎ᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠨᠡᠶ᠋ᠢᠭᠡᠮ᠎ᠤᠨ ᠵᠠᠰᠠᠯᠲᠠ᠎ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠡᠲᠡᠭᠡᠳ᠎ᠤᠨ ᠨᠠᠰᠤᠨ᠎ᠳᠤ ᠦᠯᠦ ᠬᠦᠷᠦᠭᠰᠡᠳ᠎ᠢ ᠠᠰᠢᠭᠯᠠᠨ ᠶᠠᠯᠠᠲᠤ ᠠᠵᠢᠯᠯᠠᠭ᠎ᠠ ᠬᠢᠭᠰᠡᠨ ᠦᠨᠳᠦᠰᠦ ᠰᠤᠷᠪᠤᠯᠵᠢ ᠵᠢ ᠭᠦᠨ ᠮᠠᠯᠲᠠᠵᠤ᠂ ᠭᠣᠤᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠳᠠᠬᠢ ᠬᠢᠨᠠᠯᠲᠠ ᠬᠠᠮᠢᠶᠠᠷᠤᠯᠲᠠ ᠵᠢᠨ ᠳᠤᠲᠠᠭᠳᠠᠯ ᠢ ᠵᠠᠳᠠᠯᠵᠤ᠂ ᠴᠠᠭ ᠲᠤᠬᠠᠶ᠎ᠳᠤᠨᠢ ᠤᠷᠢᠳᠴᠢᠯᠠᠨ ᠰᠡᠷᠡᠮᠵᠢᠯᠡᠭᠦᠯᠵᠦ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠳᠡᠵᠦ᠂ ᠬᠢᠨᠠᠯᠲᠠ ᠬᠠᠮᠢᠶᠠᠷᠤᠯᠲᠠ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠬᠤ ᠰᠠᠨᠠᠭᠤᠯᠭ᠎ᠠ ᠳᠤᠷᠠᠳᠴᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠠᠴᠠ ᠨᠠᠰᠤᠨ᠎ᠳᠤ ᠥᠯᠥ ᠭᠦᠷᠦᠭᠰᠡᠳ᠎ᠤᠨ ᠬᠠᠮᠲᠤᠯᠢᠭ ᠳᠠᠰᠢ ᠦᠷᠭᠡᠵᠢᠨ ᠳᠡᠯᠭᠡᠷᠡᠬᠦ ᠵᠢ ᠡᠬᠢ ᠡᠭᠦᠰᠦᠯ᠎ᠠᠴᠠ᠎ᠨᠢ ᠬᠣᠷᠢᠭᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠠᠰᠢᠭᠯᠠᠭᠳᠠᠭ᠋ᠠᠳ ᠬᠠᠷᠠᠬᠠᠨ ᠶᠠᠯ᠎ᠠ ᠬᠢᠭᠡᠳᠦᠶ ᠨᠠᠰᠤᠨ᠎ᠳᠤ ᠥᠯᠥ ᠬᠦᠷᠦᠭᠰᠡᠳ᠎ᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠵᠢᠯᠴᠠᠨ ᠡᠷᠲᠡᠬᠡᠨ ᠢᠯᠡᠷᠡᠭᠦᠯᠵᠦ᠂ ᠴᠠᠭ ᠲᠤᠬᠠᠶ᠎ᠳᠤᠨᠢ ᠠᠪᠤᠷᠠᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠪᠣᠯᠪᠠᠴᠤ ᠡᠷᠡᠭᠦᠦ ᠵᠢᠨ ᠬᠠᠷᠢᠭᠤᠴᠠᠯᠭ᠎ᠠ ᠡᠭᠦᠷᠭᠡᠯᠡᠬᠦ ᠨᠠᠰᠤᠨ᠎ᠳᠤ ᠬᠦᠷᠦᠭᠡᠳᠦᠢ ᠨᠠᠰᠤᠨ᠎ᠳᠤ ᠦᠯᠦ ᠬᠦᠷᠦᠭᠰᠡᠳ᠎ᠲᠤ᠂ ᠭᠡᠷ ᠪᠦᠯᠢ ᠵᠢᠨ ᠬᠠᠷᠠᠭ᠋ᠠᠯᠵᠠᠨ ᠬᠠᠮᠠᠭ᠋ᠠᠯᠠᠬᠤ ᠵᠢ ᠨᠠᠢ᠌ᠳᠠᠪᠤᠷᠢᠵᠢᠭᠤᠯᠬᠤ᠎ᠪᠠᠷ ᠳᠠᠮᠵᠢᠨ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠤᠰᠬᠠᠶ ᠰᠤᠷᠭ᠋ᠠᠭᠤᠯᠢ᠎ᠳᠤ ᠬᠦᠷᠭᠡᠵᠦ ᠵᠠᠰᠠᠵᠤ   ᠵᠠᠯᠠᠷᠠᠭᠤᠯᠬᠤ ᠬᠡᠷᠡᠭᠲᠡᠶ᠂ ᠨᠡᠢ᠌ᠭᠡᠮᠴᠢᠯᠡᠭᠰᠡᠨ ᠬᠠᠪᠰᠤᠷᠤᠨ ᠰᠤᠷᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠰᠤᠷᠭ᠋ᠠᠨ ᠬᠥᠮᠦᠵᠢᠭᠦᠯᠵᠦ ᠠᠪᠤᠷᠠᠬᠤ ᠪᠠ ᠶᠠᠯ᠎ᠠ ᠬᠢᠬᠦ ᠵᠢ ᠤᠷᠢᠳᠴᠢᠯᠠᠨ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
     (ᠬᠣᠶᠠᠷ) ᠡᠯ᠎ᠡ ᠡᠭᠦᠷᠭᠡ ᠴᠢᠳᠠᠮᠵᠢᠳᠤ ᠰᠠᠯᠠᠭ᠎ᠠ ᠮᠥᠴᠢᠷ᠎ᠤᠨ ᠵᠣᠬᠢᠴᠠᠯᠳᠤᠨ ᠣᠷᠤᠯᠴᠠᠬᠤ ᠵᠢ ᠴᠢᠩᠭ᠋ᠠᠳᠬᠠᠵᠤ᠂ ᠨᠠᠰᠤᠨ᠎ᠳᠤ ᠥᠯᠥ ᠭᠦᠷᠦᠭᠰᠡᠳ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠠᠰᠢᠭᠯᠠᠭᠳᠠᠬᠤ ᠵᠢ ᠪᠦᠲᠦᠮᠵᠢᠲᠡᠶ ᠰᠡᠷᠭᠡᠢ᠌ᠯᠡᠬᠦ ᠬᠡᠷᠡᠭᠲᠡᠶ᠃ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠤᠷᠭ᠋ᠠᠨ ᠬᠥᠮᠦᠵᠢᠯ ᠵᠡᠷᠭᠡ ᠰᠠᠯᠠᠭ᠎ᠠ ᠮᠥᠴᠢᠷ᠎ᠲᠠᠢ ᠬᠠᠮᠵᠢᠯᠴᠠᠨ ᠠᠵᠢᠯᠯᠠᠬᠤ ᠲᠣᠭᠲᠠᠴᠠ ᠵᠢ ᠪᠠᠶ᠋ᠢᠭᠤᠯᠵᠤ᠂ ᠨᠠᠰᠤᠨ᠎ᠳᠤ ᠦᠯᠦ ᠬᠦᠷᠦᠭᠰᠡᠳ᠎ᠤᠨ ᠬᠠᠷᠠᠭ᠋ᠠᠯᠵᠠᠨ ᠬᠠᠮᠠᠭ᠋ᠠᠯᠠᠭᠴᠢ᠎ᠳᠤ ᠴᠢᠭᠯᠡᠭᠦᠯᠦᠭᠰᠡᠨ ᠭᠡᠷ ᠪᠦᠯᠢ ᠵᠢᠨ ᠬᠥᠮᠦᠵᠢᠯ᠎ᠤᠨ ᠵᠢᠯᠤᠭᠤᠳᠤᠯᠭ᠎ᠠ᠂ ᠪᠠᠭᠰᠢ ᠠᠵᠢᠯᠲᠠᠨ᠎ᠳᠤ ᠴᠢᠭᠯᠡᠭᠦᠯᠦᠭᠰᠡᠨ ᠬᠠᠤᠯᠢ᠎ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ᠎ᠢ ᠥᠷᠨᠢᠭᠦᠯᠵᠦ᠂ ᠨᠠᠰᠤᠨ᠎ᠳᠤ ᠦᠯᠦ ᠬᠦᠷᠦᠭᠰᠡᠳ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ ᠪᠠᠶ᠋ᠢᠭ᠋ᠠᠳ ᠬᠠᠤᠯᠢ᠎ᠠᠴᠠ ᠵᠦᠷᠢᠴᠡᠭᠰᠡᠨ ᠶᠠᠯᠠᠲᠤ ᠠᠵᠢᠯᠯᠠᠭ᠎ᠠ᠎ᠠᠴᠠ ᠵᠠᠶ᠋ᠢᠯᠠᠭᠤᠯᠤᠨ᠎ᠠ᠃ ᠨᠠᠰᠤᠨ᠎ᠳᠤ ᠦᠯᠦ ᠬᠦᠷᠦᠭᠰᠡᠳ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠤᠷᠢᠳᠴᠢᠯᠠᠨ ᠰᠡᠷᠡᠮᠵᠢᠭᠦᠯᠬᠦ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ ᠨᠠᠰᠤᠨ᠎ᠳᠤ ᠥᠯᠥ ᠭᠦᠷᠦᠭᠰᠡᠳ ᠪᠣᠯᠤᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠠᠷᠢᠯᠴᠠᠭ᠎ᠠ ᠵᠢ ᠴᠠᠭ ᠲᠤᠬᠠᠶ᠎ᠳᠤᠨᠢ ᠲᠡᠰᠦᠯᠵᠦ᠂ ᠨᠠᠰᠤᠨ᠎ᠳᠤ ᠥᠯᠥ ᠭᠦᠷᠦᠭᠰᠡᠳ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠥᠳᠥᠭᠡᠨ ᠠᠰᠢᠭᠯᠠᠭᠳᠠᠬᠤ ᠵᠢ ᠰᠡᠷᠭᠡᠶ᠋ᠢᠯᠡᠨ᠎ᠡ᠃ ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ ᠮᠥᠴᠢᠷ᠎ᠤᠨ ᠲᠤᠰᠬᠠᠶ ᠵᠠᠰᠠᠯᠲᠠ ᠥᠷᠨᠢᠭᠦᠯᠬᠦ ᠵᠢ ᠠᠬᠢᠭᠤᠯᠵᠤ᠂ ᠨᠠᠰᠤᠨ᠎ᠳᠤ ᠦᠯᠤ ᠬᠥᠷᠦᠭᠰᠡᠳ᠎ᠤᠨ ᠰᠦᠯᠵᠢᠶᠡᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠵᠡᠭᠡᠯᠢ ᠭᠤᠳᠤᠮᠵᠢ᠂ ᠨᠡᠶ᠋ᠢᠭᠡᠮ ᠲᠣᠭᠣᠷᠢᠭ ᠵᠡᠷᠭᠡ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ᠎ᠯᠤᠭ᠎ᠠ ᠵᠢᠨ ᠬᠠᠷᠢᠯᠴᠠᠭ᠎ᠠ᠎ᠪᠠᠨ ᠴᠢᠩᠭ᠋ᠠᠳᠬᠠᠵᠤ᠂ ᠨᠠᠰᠤᠨ᠎ᠳᠤ ᠥᠯᠥ ᠭᠦᠷᠦᠭᠰᠡᠳ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶ᠋ᠢᠯᠡᠬᠦ ᠳᠤᠮᠳᠠᠬᠢ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠢᠬᠤᠯᠠ ᠦᠢ᠍ᠯᠡᠳᠦᠯ᠎ᠢ ᠴᠢᠬᠤᠯᠠᠴᠢᠯᠠᠨ ᠪᠠᠳᠠᠷᠠᠭᠤᠯᠵᠤ᠂ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠪᠠᠶ᠋ᠢᠭᠤᠯᠤᠮᠵᠢ᠎ᠠᠴᠠ ᠨᠠᠰᠤᠨ᠎ᠳᠤ ᠬᠦᠷᠦᠭᠡᠳᠦᠶ ᠨᠡᠶ᠋ᠢᠭᠡᠮ ᠲᠣᠭᠣᠷᠢᠭ᠎ᠤᠨ ᠵᠠᠯᠠᠷᠠᠭᠤᠯᠬᠤ ᠡᠲᠡᠭᠡᠳ᠎ᠲᠤ ᠴᠢᠭᠯᠡᠭᠦᠯᠬᠦ ᠴᠢᠨᠠᠷᠲᠠᠶ ᠵᠠᠯᠠᠷᠠᠭᠤᠯᠬᠤ ᠠᠷᠭ᠎ᠠ ᠬᠡᠮᠵᠢᠶ᠎ᠡ ᠠᠪᠬᠤ ᠵᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ᠃᠃
     (ᠭᠤᠷᠪᠠ) ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠠᠰᠢᠭᠯᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠵᠢ ᠴᠢᠩᠭ᠎ᠠ ᠰᠢᠳᠬᠡᠬᠦ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠲᠤᠩᠬᠠᠭᠯᠠᠬᠤ᠂ ᠰᠡᠷᠡᠮᠵᠢᠯᠡᠭᠦᠯᠬᠦ᠂ ᠬᠥᠲᠥᠯᠥᠨ ᠳᠠᠭ᠋ᠠᠭᠤᠯᠬᠤ᠂ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ᠎ᠪᠠᠷ ᠳᠠᠮᠵᠢᠭᠤᠯᠤᠨ᠂ ᠨᠡᠶ᠋ᠢᠲᠡᠯᠢᠭ ᠬᠡᠷᠡᠭ᠎ᠢ ᠰᠣᠩᠭᠣᠵᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠨᠠᠰᠤᠨ᠎ᠳᠤ ᠥᠯᠥ ᠭᠦᠷᠦᠭᠰᠡᠳ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠲᠤᠷᠰᠢᠯᠭ᠎ᠠ ᠪᠠ ᠬᠢᠳᠡᠯ᠎ᠢ ᠨᠡᠶ᠋ᠢᠭᠡᠮ᠎ᠳᠤ ᠨᠡᠶ᠋ᠢᠲᠡᠯᠡᠵᠦ᠂ ᠨᠠᠰᠤᠨ᠎ᠳᠤ ᠥᠯᠥ ᠭᠦᠷᠦᠭᠰᠡᠳ᠎ᠢ ᠠᠰᠢᠭᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠬᠢᠭᠰᠡᠨ ᠬᠦᠨᠳᠦ ᠨᠣᠴᠢᠲᠠᠶ ᠬᠣᠤᠷ ᠬᠥᠨᠥᠭᠡᠯᠲᠦ ᠴᠢᠨᠠᠷ᠎ᠢ ᠢᠯᠡᠴᠢᠯᠡᠨ᠎ᠡ᠃ ᠭᠣᠣᠯᠳᠠᠯᠭ᠎ᠠ᠎ᠲᠠᠢ ᠵᠠᠯᠠᠭᠤᠴᠤᠳ ᠪᠠᠭ᠋ᠠᠴᠤᠳ᠎ᠤᠨ ᠬᠠᠮᠲᠤᠯᠢᠭ᠎ᠤᠨ ᠬᠠᠤᠯᠢ᠎ᠪᠠᠷ ᠵᠠᠰᠠᠬᠤ ᠬᠥᠮᠦᠵᠢᠯ᠎ᠢ ᠴᠢᠩᠭ᠋ᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠬᠡᠷᠡᠭ ᠣᠯᠠᠨ ᠭᠠᠷᠳᠠᠭ ᠭᠠᠵᠠᠷ ᠣᠷᠣᠨ᠂ ᠵᠡᠭᠡᠯᠢ ᠭᠤᠳᠤᠮᠵᠢ᠂ ᠨᠡᠶ᠋ᠢᠭᠡᠮ ᠲᠣᠭᠣᠷᠢᠭ ᠵᠡᠷᠭᠡ᠎ᠳᠤ ᠨᠠᠰᠤᠨ᠎ᠳᠤ ᠦᠯᠦ ᠬᠦᠷᠦᠭᠰᠡᠳ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠤᠬᠠᠶ ᠲᠠᠨᠢᠯᠲᠠ ᠵᠢ ᠴᠢᠩᠭ᠋ᠠᠳᠬᠠᠵᠤ᠂ ᠨᠠᠰᠤᠨ᠎ᠳᠤ ᠥᠯᠥ ᠭᠦᠷᠦᠭᠰᠡᠳ᠎ᠤᠨ ᠰᠡᠷᠭᠡᠶ᠋ᠢᠯᠡᠬᠦ ᠤᠬᠠᠮᠰᠠᠷ ᠪᠠ ᠬᠠᠤᠯᠢ᠎ᠪᠠᠷ ᠵᠠᠰᠠᠬᠤ ᠣᠶ᠋ᠢᠯᠠᠭ᠋ᠠᠭᠳᠠᠬᠤᠨ᠎ᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠠᠴᠠ ᠬᠣᠯᠠ ᠵᠠᠶ᠋ᠢᠳᠠᠭᠤᠯᠤᠨ᠎ᠠ᠃             (ᠲᠤᠳᠤᠭ᠋ᠠᠳᠣ ᠵᠢ ᠬᠠᠮᠠᠭ᠋ᠠᠯᠠᠬᠤ ᠶᠠᠮᠤᠨ᠎ᠤ ᠰᠦᠯᠵᠢᠶ᠎ᠡ᠎ᠠᠴᠠ ᠱᠦᠭᠦᠪᠡ)

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ