ᠢᠯᠡ ᠵᠠᠰᠠᠭ   -   ᠪᠢᠴᠢᠭ ᠮᠠᠲ᠋ᠧᠷᠢᠶᠠᠯ
ᠠᠷᠠᠳ᠎ᠤᠨ ᠳᠡᠭᠡᠳᠦ ᠰᠢᠭᠦᠬᠦ ᠬᠣᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠠᠤᠯᠢ ᠪᠤᠰᠤ ᠫᠤᠤ ᠵᠡᠪᠰᠡᠭ ᠳᠡᠯᠪᠡᠷᠡᠬᠦ ᠵᠡᠷᠭᠡ ᠡᠳ᠋ ᠪᠣᠳᠠᠰ᠎ᠢ ᠬᠠᠤᠯᠢ ᠶᠣᠰᠣᠭ᠋ᠠᠷ ᠬᠣᠷᠢᠶᠠᠨ ᠠᠪᠴᠤ ᠫᠤᠤ ᠵᠡᠪᠰᠡᠭ ᠳᠡᠯᠪᠡᠷᠡᠬᠦ ᠡᠳ᠋᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠲᠤᠬᠠᠶ ᠵᠠᠷᠯᠠᠯ
ᠨᠡᠶ᠋ᠢᠲᠡᠯᠡᠭᠰᠡᠨ ᠴᠠᠭ᠄ 2021-06-16

          ᠬᠠᠤᠯᠢ ᠪᠤᠰᠤ ᠫᠤᠤ ᠵᠡᠪᠰᠡᠭ ᠳᠡᠯᠪᠡᠷᠡᠬᠦ ᠵᠡᠷᠭᠡ ᠡᠳ᠋ ᠪᠣᠳᠠᠰ᠎ᠢ ᠬᠠᠤᠯᠢ ᠶᠣᠰᠣᠭ᠋ᠠᠷ

          ᠬᠣᠷᠢᠶᠠᠨ ᠠᠪᠴᠤ ᠫᠤᠤ ᠵᠡᠪᠰᠡᠭ ᠳᠡᠯᠪᠡᠷᠡᠬᠦ ᠡᠳ᠋᠎ᠲᠤ ᠬᠣᠯᠪᠣᠭᠳᠠᠭᠰᠠᠨ ᠬᠠᠤᠯᠢ᠎ᠠᠴᠠ

          ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠲᠤᠬᠠᠶ ᠵᠠᠷᠯᠠᠯ
 

      ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠥᠯᠥᠭᠡ᠂ ᠤᠯᠤᠰ᠎ᠤᠨ ᠠᠮᠤᠷ ᠲᠦᠪᠰᠢᠨ ᠪᠠ ᠨᠡᠶ᠋ᠢᠭᠡᠮ᠎ᠤᠨ ᠪᠦᠬᠦ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠬᠠᠮᠠᠭ᠋ᠠᠯᠠᠵᠤ᠂ ᠨᠡᠶ᠋ᠢᠭᠡᠮ᠎ᠤᠨ ᠡᠯ᠎ᠡ ᠡᠲᠡᠭᠡᠳ ᠪᠣᠯᠤᠨ ᠥᠷᠭᠡᠨ ᠣᠯᠠᠨ ᠠᠷᠠᠳ ᠲᠦᠮᠡᠨ᠎ᠢ ᠳᠠᠶ᠋ᠢᠴᠢᠯᠠᠨ ᠫᠤᠤ ᠵᠡᠪᠰᠡᠭ ᠳᠡᠯᠪᠡᠷᠡᠬᠦ ᠡᠳ᠋᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠎ᠳᠤ ᠢᠳᠡᠪᠬᠢᠲᠡᠶ   ᠣᠷᠤᠯᠴᠠᠭᠤᠯᠵᠤ᠂ ᠲᠠᠷᠠᠬᠠᠶ ᠪᠤᠲᠠᠷᠬᠠᠶ ᠨᠡᠶ᠋ᠢᠭᠡᠮ᠎ᠤᠨ ᠡᠯ᠎ᠡ ᠲᠥᠷᠥᠯ᠎ᠤᠨ ᠬᠠᠤᠯᠢ ᠪᠤᠰᠤ ᠫᠤᠤ ᠵᠡᠪᠰᠡᠭ᠎ᠢ ᠪᠥᠬᠥ ᠲᠠᠯ᠎ᠠ᠎ᠪᠠᠷ ᠬᠣᠷᠢᠶᠠᠨ ᠠᠪᠴᠤ᠂ ᠰᠤᠮᠤ ᠲᠡᠷᠢ᠂ ᠳᠡᠯᠪᠡᠷᠡᠬᠦ ᠡᠳ᠋᠂ ᠳᠠᠭᠤᠷᠢᠶᠠᠮᠠᠯ ᠫᠤᠤ᠂ ᠬᠣᠯᠬᠣᠪᠴᠢ ᠨᠤᠮᠤ ᠵᠡᠷᠭᠡ ᠡᠳ᠋ ᠪᠣᠳᠠᠰ᠂ ᠫᠤᠤ ᠵᠡᠪᠰᠡᠭ᠎ᠠᠴᠠ ᠵᠥᠷᠢᠴᠡᠭᠰᠡᠨ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ   ᠥᠭᠴᠦ᠂ ᠰᠤᠮᠤ ᠲᠡᠷᠢ᠂ ᠳᠡᠯᠪᠡᠷᠡᠬᠦ ᠡᠳ᠋᠂ ᠳᠠᠭᠤᠷᠢᠶᠠᠮᠠᠯ ᠫᠤᠤ᠂ ᠬᠣᠯᠬᠣᠪᠴᠢ ᠨᠤᠮᠤ ᠵᠢᠨ ᠬᠠᠮᠢᠶᠠᠷᠤᠯᠲᠠ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠨᠡᠶ᠋ᠢᠭᠡᠮ᠎ᠤᠨ ᠠᠮᠤᠷ ᠲᠦᠪᠰᠢᠨ᠎ᠤ ᠶᠡᠬᠡ ᠲᠠᠯ᠎ᠠ ᠵᠢᠨ ᠲᠣᠭᠲᠠᠭᠤᠨ᠎ᠢ ᠪᠦᠬᠦ ᠬᠦᠴᠦᠨ ᠵᠶ᠋ᠠᠷ ᠬᠠᠮᠠᠭ᠋ᠠᠯᠠᠵᠤ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠫᠤᠤ ᠵᠡᠪᠰᠡᠭ᠎ᠤᠨ ᠬᠠᠮᠢᠶᠠᠷᠤᠯᠲᠠ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠳᠭᠡᠯ᠎ᠤᠨ ᠬᠠᠤᠯᠢ》 ᠪᠠ 《ᠠᠷᠠᠳ᠎ᠤᠨ ᠬᠡᠷᠡᠭᠯᠡᠭᠡᠨ᠎ᠤ ᠳᠡᠯᠪᠡᠷᠡᠬᠦ ᠡᠳ᠋ ᠪᠣᠳᠠᠰ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ》 ᠵᠡᠷᠭᠡ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂   ᠣᠨᠴᠠᠭ᠋ᠠᠢ᠌ᠯᠠᠨ ᠵᠠᠷᠯᠠᠬᠤ᠎ᠨᠢ᠄
    ᠨᠢᠭᠡ᠂ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠬᠣᠯᠬᠣᠪᠴᠢ ᠨᠤᠮᠤ ᠵᠢ ᠬᠠᠤᠯᠢ ᠪᠤᠰᠤ᠎ᠪᠠᠷ ᠦᠢ᠍ᠯᠡᠳᠬᠦ᠂ ᠬᠤᠳᠠᠯᠳᠤᠭ᠋ᠠᠯᠠᠬᠤ᠂ ᠲᠡᠭᠡᠭᠡᠪᠦᠷᠢᠯᠡᠬᠦ᠂ ᠰᠢᠦᠳᠠᠨ ᠵᠶ᠋ᠠᠷ ᠢᠯᠡᠭᠡᠬᠦ᠂ ᠬᠠᠳᠠᠭ᠋ᠠᠯᠠᠬᠤ ᠵᠢ ᠴᠢᠩᠭ᠎ᠠ ᠴᠠᠭ᠋ᠠᠵᠠᠯᠠᠨ᠎ᠠ; ᠫᠤᠤ ᠵᠡᠪᠰᠡᠭ᠂ ᠰᠤᠮᠤ ᠳᠠᠷᠢ ᠵᠢ ᠬᠠᠤᠯᠢ ᠪᠤᠰᠤ᠎ᠪᠠᠷ ᠡᠵᠡᠮᠰᠢᠬᠦ᠂ ᠬᠤᠪᠢ᠎ᠪᠠᠷ ᠵᠶ᠋ᠠᠨ ᠬᠠᠳᠠᠭ᠋ᠠᠯᠠᠬᠤ ᠵᠢ ᠴᠢᠩᠭ᠎ᠠ ᠴᠠᠭ᠋ᠠᠵᠠᠯᠠᠨ᠎ᠠ; ᠳᠡᠯᠪᠡᠷᠡᠬᠦ ᠡᠳ᠋᠎ᠢ ᠬᠠᠤᠯᠢ ᠪᠤᠰᠤ᠎ᠪᠠᠷ ᠬᠡᠷᠡᠭᠯᠡᠬᠦ᠂ ᠬᠤᠪᠢ᠎ᠪᠠᠷ ᠵᠶ᠋ᠠᠨ ᠬᠠᠳᠠᠭ᠋ᠠᠯᠠᠬᠤ ᠵᠢ ᠴᠢᠩᠭ᠎ᠠ ᠴᠠᠭ᠋ᠠᠵᠠᠯᠠᠨ᠎ᠠ; ᠫᠤᠤ ᠵᠡᠪᠰᠡᠭ᠂ ᠰᠤᠮᠤ ᠲᠡᠷᠢ᠂ ᠳᠡᠯᠪᠡᠷᠡᠬᠦ ᠡᠳ᠋᠂ ᠬᠣᠯᠬᠣᠪᠴᠢ ᠨᠤᠮᠤ ᠵᠢ ᠬᠤᠯᠠᠭ᠋ᠠᠶ᠋ᠢᠯᠠᠬᠤ᠂ ᠪᠤᠯᠢᠶᠠᠬᠤ᠂ ᠨᠢᠭᠤᠴᠠ᠎ᠪᠠᠷ ᠠᠷᠠᠯᠵᠢᠶᠠᠯᠠᠬᠤ ᠵᠢ ᠴᠢᠩᠭ᠎ᠠ ᠴᠠᠭ᠋ᠠᠵᠠᠯᠠᠨ᠎ᠠ; ᠫᠤᠤ

ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠬᠣᠯᠬᠣᠪᠴᠢ ᠨᠤᠮᠤ ᠵᠢ ᠬᠠᠤᠯᠢ ᠪᠤᠰᠤ᠎ᠪᠠᠷ ᠪᠡᠶ᠎ᠡ᠎ᠳᠤ᠎ᠪᠠᠨ ᠠᠪᠴᠤ ᠤᠯᠠᠨ ᠨᠡᠶ᠋ᠢᠲᠡ ᠵᠢᠨ ᠲᠠᠯᠠᠪᠤᠷ ᠪᠤᠶᠤ ᠤᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠰᠠᠭᠤᠬᠤ ᠵᠢ ᠴᠢᠩᠭ᠎ᠠ ᠴᠠᠭ᠋ᠠᠵᠠᠯᠠᠨ᠎ᠠ; ᠢᠨᠲᠸᠷ ᠰᠦᠯᠵᠢᠶ᠎ᠡ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠫᠤᠤ ᠵᠡᠪᠰᠡᠭ᠂ ᠰᠤᠮᠤ ᠳᠠᠷᠢ᠂ ᠳᠡᠯᠪᠡᠷᠡᠬᠦ ᠡᠳ᠋᠂ ᠬᠣᠯᠬᠣᠪᠴᠢ ᠨᠤᠮᠤ ᠠᠭᠤᠯᠤᠭᠰᠠᠨ ᠮᠡᠳᠡᠭᠡ ᠵᠠᠩᠭᠢ ᠵᠢ ᠬᠠᠤᠯᠢ ᠲᠣᠭᠲᠠᠭ᠋ᠠᠯ᠎ᠠᠴᠠ ᠵᠥᠷᠢᠴᠡᠨ ᠦᠢ᠍ᠯᠡᠳᠬᠦ᠂ ᠪᠠᠭᠤᠯᠭ᠋ᠠᠬᠤ᠂ ᠨᠡᠶ᠋ᠢᠲᠡᠯᠡᠬᠦ᠂ ᠤᠯᠠᠮᠵᠢᠯᠠᠨ ᠲᠠᠷᠬᠠᠭ᠋ᠠᠬᠤ ᠵᠢ ᠴᠢᠩᠭ᠎ᠠ ᠴᠠᠭ᠋ᠠᠵᠠᠯᠠᠨ᠎ᠠ; ᠳᠠᠭᠤᠷᠢᠶᠠᠮᠠᠯ ᠫᠤᠤ   ᠦᠢ᠍ᠯᠡᠳᠬᠦ᠂ ᠪᠣᠷᠣᠯᠠᠭᠤᠯᠬᠤ ᠵᠢ ᠴᠢᠩᠭ᠎ᠠ ᠴᠠᠭ᠋ᠠᠵᠠᠯᠠᠨ᠎ᠠ᠃
    ᠬᠣᠶᠠᠷ᠂ ᠳᠡᠭᠡᠷ᠎ᠡ ᠳᠤᠷᠠᠳᠤᠭᠰᠠᠨ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠡᠷᠬᠡᠪᠰᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠪᠠᠨ ᠲᠡᠷᠡ ᠳᠠᠷᠤᠢ᠎ᠳᠤᠨᠢ ᠵᠣᠭᠰᠣᠭ᠋ᠠᠬᠤ ᠵᠢᠨ ᠬᠠᠮᠲᠤ ᠬᠡᠷᠡᠭ ᠵᠶ᠋ᠠᠨ ᠴᠠᠭ᠋ᠠᠪᠤᠷᠯᠠᠨ ᠪᠡᠶ᠎ᠡ᠎ᠪᠠᠨ ᠲᠤᠰᠢᠶᠠᠵᠤ᠂ ᠬᠠᠤᠯᠢ ᠪᠤᠰᠤ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ᠂ ᠬᠣᠯᠬᠣᠪᠴᠢ ᠰᠤᠮᠤ ᠵᠢ ᠲᠤᠬᠠᠢ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠲᠤᠰᠢᠶᠠᠬᠤ ᠬᠡᠷᠡᠭᠲᠡᠢ᠃
    ᠭᠤᠷᠪᠠ᠂ ᠲᠣᠰ ᠵᠠᠷᠯᠠᠯ᠎ᠢ ᠨᠡᠢ᠌ᠳᠡᠯᠡᠭᠰᠡᠨ ᠡᠳᠦᠷ᠎ᠠᠴᠠ ᠡᠬᠢᠯᠡᠨ 2021 ᠣᠨ᠎ᠤ 9 ᠳ᠋ᠦ᠍ᠭᠡᠷ ᠰᠠᠷ᠎ᠠ ᠵᠢᠨ 30᠎ᠤ ᠡᠳᠦᠷ ᠪᠤᠯᠳᠠᠯ᠎ᠠ ᠬᠡᠷᠡᠭ ᠵᠶ᠋ᠡᠨ ᠴᠠᠭ᠋ᠠᠪᠤᠷᠢᠯᠠᠵᠤ ᠪᠡᠶ᠎ᠡ᠎ᠪᠠᠨ ᠲᠣᠰᠢᠶᠠᠭᠰᠠᠨ ᠪᠤᠶᠤ ᠲᠡᠭᠡᠷ᠎ᠡ ᠲᠤᠷᠠᠳᠤᠭᠰᠠᠨ ᠬᠠᠤᠯᠢ ᠪᠤᠰᠤ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ᠂ ᠬᠣᠯᠬᠣᠪᠴᠢ ᠰᠤᠮᠤ ᠵᠢ ᠰᠠᠨᠠᠭ᠋ᠠᠴᠢᠯᠠᠭ᠎ᠠ᠎ᠠᠴᠠ ᠲᠤᠰᠢᠶᠠᠭᠰᠠᠨ ᠪᠠᠢ᠌ᠪᠠᠯ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠬᠥᠩᠭᠡᠷᠡᠭᠦᠯᠦᠨ ᠰᠢᠳᠭᠡᠬᠦ ᠪᠤᠶᠤ ᠰᠢᠳᠭᠡᠯ᠎ᠠᠴᠠ ᠬᠡᠯᠲᠦᠷᠢᠭᠦᠯᠦᠨ᠎ᠡ᠃ ᠬᠤᠭᠤᠴᠠᠭ᠎ᠠ ᠬᠡᠲᠦᠷᠡᠲᠡᠯ᠎ᠡ ᠬᠡᠷᠡᠭ ᠵᠶ᠋ᠠᠨ ᠴᠠᠭ᠋ᠠᠪᠤᠷᠯᠠᠵᠤ ᠪᠡᠶ᠎ᠡ᠎ᠪᠠᠨ ᠲᠤᠰᠢᠶᠠᠭᠰᠠᠨ ᠦᠭᠡᠢ ᠪᠠ ᠬᠠᠤᠯᠢ ᠪᠤᠰᠤ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ᠂ ᠬᠣᠯᠬᠣᠪᠴᠢ ᠰᠤᠮᠤ ᠵᠢ ᠲᠤᠰᠢᠶᠠᠭᠰᠠᠨ ᠦᠭᠡᠢ ᠪᠠᠶ᠋ᠢᠪᠠᠯ᠂ ᠬᠠᠤᠯᠢ ᠶᠣᠰᠣᠭ᠋ᠠᠷ ᠴᠢᠩᠭ᠎ᠠ ᠰᠢᠳᠬᠡᠨ᠎ᠡ᠃
    ᠳᠦᠷᠪᠡ᠂ ᠶᠠᠯ᠎ᠠ ᠬᠢᠭᠰᠡᠳ ᠫᠤᠤ ᠵᠡᠪᠰᠡᠭ᠂ ᠳᠡᠯᠪᠡᠷᠡᠬᠦ ᠡᠳ᠋ ᠪᠣᠳᠠᠰ᠂ ᠬᠣᠯᠬᠣᠪᠴᠢ ᠨᠤᠮᠤ᠎ᠳᠤ ᠬᠣᠯᠪᠣᠭᠳᠠᠭᠰᠠᠨ ᠵᠡᠷᠭᠡ ᠬᠠᠤᠯᠢ ᠵᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠵᠢ ᠢᠯᠡᠴᠢᠯᠡᠭᠰᠡᠨ᠂ ᠢᠯᠡᠴᠢᠯᠡᠭᠰᠡᠨ ᠪᠥᠭᠡᠳ ᠦᠨᠡᠨ ᠮᠠᠭ᠋ᠠᠳ ᠪᠣᠯᠬᠤ ᠵᠢ᠎ᠨᠢ ᠪᠠᠶ᠋ᠢᠴᠠᠭ᠋ᠠᠨ ᠲᠤᠳᠤᠯᠠᠭᠰᠠᠨ᠂ ᠡᠰᠡᠬᠦᠯ᠎ᠡ ᠴᠢᠬᠤᠯᠠ ᠰᠦᠪᠡᠭᠴᠢ ᠬᠠᠩᠭ᠋ᠠᠭᠰᠠᠨ᠎ᠠᠴᠠ ᠪᠤᠯᠵᠤ ᠫᠤᠤ ᠵᠡᠪᠰᠡᠭ᠂ ᠳᠡᠯᠪᠡᠷᠡᠯᠲᠡ᠂ ᠬᠣᠯᠬᠣᠪᠴᠢ ᠨᠤᠮᠤ᠎ᠳᠤ ᠬᠣᠯᠪᠣᠭᠳᠠᠭᠰᠠᠨ ᠵᠡᠷᠭᠡ ᠪᠤᠰᠤᠳ ᠬᠡᠷᠡᠭ᠎ᠢ ᠲᠠᠨᠭ᠌ᠨᠠᠨ ᠢᠯᠡᠷᠡᠭᠦᠯᠦᠭᠰᠡᠨ ᠭᠠᠪᠢᠶ᠎ᠠ ᠪᠠᠶ᠋ᠢᠭᠤᠯᠤᠭᠰᠠᠨ ᠢᠯᠡᠷᠡᠯ᠎ᠲᠠᠢ ᠪᠠᠶ᠋ᠢᠪᠠᠯ᠂ ᠬᠠᠤᠯᠢ ᠶᠣᠰᠣᠭ᠋ᠠᠷ ᠬᠦᠨᠭᠭᠡᠨ ᠰᠢᠳᠬᠡᠬᠦ ᠪᠤᠶᠤ ᠬᠥᠩᠭᠡᠷᠡᠭᠦᠯᠦᠨ ᠰᠢᠳᠬᠡᠵᠦ ᠪᠣᠯᠤᠨ᠎ᠠ; ᠴᠢᠬᠤᠯᠠ ᠶᠡᠬᠡ ᠭᠠᠪᠢᠶ᠎ᠠ ᠪᠠᠶ᠋ᠢᠭᠤᠯᠤᠭᠰᠠᠨ ᠢᠯᠡᠷᠡᠯ᠎ᠲᠠᠢ ᠪᠠᠶ᠋ᠢᠪᠠᠯ᠂ ᠬᠠᠤᠯᠢ ᠶᠣᠰᠣᠭ᠋ᠠᠷ ᠬᠥᠩᠭᠡᠷᠡᠭᠦᠯᠦᠨ ᠰᠢᠳᠬᠡᠬᠦ ᠪᠤᠶᠤ ᠰᠢᠳᠬᠡᠯ᠎ᠠᠴᠠ ᠭᠡᠯᠳᠦᠷᠢᠬᠦᠯᠵᠦ ᠪᠣᠯᠤᠨ᠎ᠠ᠃ ᠬᠠᠤᠯᠢ ᠵᠢ ᠵᠥᠷᠢᠴᠡᠭᠰᠡᠨ ᠠᠵᠢᠯᠳᠠᠨ ᠪᠤᠰᠤᠳ᠎ᠤᠨ ᠫᠤᠤ ᠵᠡᠪᠰᠡᠭ ᠳᠡᠯᠪᠡᠷᠡᠯᠲᠡ᠎ᠳᠤ ᠬᠣᠯᠪᠣᠭᠳᠠᠭᠰᠠᠨ ᠬᠣᠯᠬᠣᠪᠴᠢ ᠨᠤᠮᠤ᠎ᠳᠤ ᠬᠣᠯᠪᠣᠭᠳᠠᠭᠰᠠᠨ ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠯᠡᠴᠢᠯᠡᠨ ᠮᠡᠳᠡᠭᠦᠯᠵᠦ᠂ ᠢᠯᠡᠴᠢᠯᠡᠭᠡᠳ ᠭᠠᠪᠢᠶ᠎ᠠ ᠪᠠᠶ᠋ᠢᠭᠤᠯᠤᠭᠰᠠᠨ ᠢᠯᠡᠷᠡᠯ᠎ᠲᠠᠢ ᠪᠠᠶ᠋ᠢᠪᠠᠯ᠂ ᠬᠠᠤᠯᠢ ᠶᠣᠰᠣᠭ᠋ᠠᠷ ᠬᠥᠩᠭᠡᠷᠡᠭᠦᠯᠦᠨ ᠰᠢᠳᠬᠡᠬᠦ ᠪᠤᠶᠤ ᠰᠢᠳᠬᠡᠬᠦ ᠦᠭᠡᠢ᠃
    ᠲᠠᠪᠤ᠂ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠬᠣᠯᠬᠣᠪᠴᠢ ᠨᠤᠮᠤ ᠪᠤᠯᠢᠶᠠᠭᠳᠠᠭᠰᠠᠨ᠂ ᠬᠤᠯᠠᠭ᠋ᠠᠶ᠋ᠢᠯᠠᠭᠳᠠᠭᠰᠠᠨ ᠪᠤᠶᠤ ᠭᠡᠭᠡᠭᠳᠡᠭᠰᠡᠨ ᠪᠠᠶ᠋ᠢᠪᠠᠯ᠂ ᠲᠤᠬᠠᠢ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃ ᠴᠠᠭ ᠲᠤᠬᠠᠶ᠎ᠳᠤᠨᠢ ᠮᠡᠳᠡᠭᠦᠯᠦᠭᠰᠡᠨ ᠦᠭᠡᠶ ᠪᠣᠯ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠨᠢᠭᠡᠴᠢ ᠪᠣᠯᠤᠨ ᠠᠵᠢᠯᠲᠠᠨ᠎ᠠᠴᠠ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠶ; ᠠᠷᠠᠳ ᠢᠷᠭᠡᠨ ᠭᠣᠯᠣᠵᠤ ᠤᠷᠬᠢᠬᠰᠡᠠ ᠫᠤᠤ ᠵᠡᠪᠰᠡᠭ᠂ ᠰᠤᠮᠤ ᠲᠡᠷᠢ᠂ ᠳᠠᠭᠤᠷᠢᠶᠠᠮᠠᠯ ᠫᠤᠤ᠂ ᠬᠣᠯᠬᠣᠪᠴᠢ ᠨᠤᠮᠦ᠂ ᠳᠡᠯᠪᠡᠷᠡᠬᠦ ᠡᠳ᠋ ᠪᠣᠳᠠᠰ ᠪᠤᠶᠤ ᠰᠡᠵᠢᠭᠯᠡᠯᠲᠡᠢ ᠳᠡᠯᠪᠡᠷᠡᠬᠦ ᠡᠳ᠋ ᠪᠣᠳᠠᠰ᠎ᠤᠨ   ᠪᠠᠶ᠋ᠢᠬᠤ ᠵᠢ ᠣᠯᠵᠤ ᠮᠡᠳᠡᠪᠡᠯ᠂ ᠲᠡᠷᠡ ᠳᠠᠷᠤᠢ᠎ᠳᠤᠨᠢ ᠲᠤᠬᠠᠢ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠢ᠃
    ᠵᠢᠷᠭᠤᠭ᠎ᠠ᠂ ᠫᠤᠤ ᠵᠡᠪᠰᠡᠭ᠂ ᠰᠤᠮᠤ ᠲᠠᠷᠢ᠂ ᠬᠣᠯᠬᠣᠪᠴᠢ ᠨᠤᠮᠤ᠎ᠳᠤ ᠬᠣᠯᠪᠣᠭᠳᠠᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠬᠠᠤᠯᠢ᠎ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠵᠢᠨ ᠰᠦᠪᠡᠭᠴᠢ ᠵᠢ ᠦᠷᠭᠡᠨ ᠣᠯᠠᠨ ᠢᠳᠡᠪᠬᠢᠳᠡᠢ᠎ᠪᠠᠷ ᠬᠠᠩᠭ᠋ᠠᠭᠰᠠᠨ ᠪᠠᠢ᠌ᠪᠠᠯ ᠵᠣᠷᠢᠭᠵᠢᠭᠤᠯᠬᠤ ᠪᠣᠶᠣ ᠬᠠᠮᠠᠭ᠋ᠠᠯᠠᠵᠤ᠂ ᠫᠤᠤ ᠵᠡᠪᠰᠡᠭ᠂ ᠳᠡᠯᠪᠡᠷᠡᠬᠦ ᠡᠳ᠋ ᠪᠣᠳᠠᠰ᠂ ᠬᠣᠯᠬᠣᠪᠴᠢ ᠨᠤᠮᠤ᠎ᠳᠤ ᠬᠣᠯᠪᠣᠭᠳᠠᠭᠰᠠᠨ ᠣᠷᠭᠤᠳᠠᠭᠤᠯ ᠶᠠᠯᠠᠳᠤ ᠡᠳᠡᠭᠡᠳ᠎ᠢ ᠬᠡᠷᠡᠭ ᠵᠶ᠋ᠡᠨ ᠴᠠᠭ᠋ᠠᠪᠤᠷᠢᠯᠠᠵᠤ ᠪᠡᠶ᠎ᠡ᠎ᠪᠠᠨ ᠲᠤᠰᠢᠶᠠᠬᠤ ᠵᠢ ᠲᠠᠢ᠌ᠴᠢᠯᠠᠨ ᠢᠳᠬᠠᠨ᠎ᠠ᠃ ᠢᠯᠡᠴᠢᠯᠡᠭᠰᠡᠨ ᠢᠯᠡᠴᠢᠯᠡᠨ ᠮᠡᠳᠡᠭᠦᠯᠦᠭᠰᠡᠨ ᠭᠠᠪᠢᠶ᠎ᠠ᠎ᠲᠠᠢ ᠪᠦᠬᠦᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠱᠠᠩᠨᠠᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠢᠯᠡᠴᠢᠯᠡᠨ ᠮᠡᠳᠡᠭᠦᠯᠦᠭᠴᠢ ᠵᠢᠨ ᠬᠤᠪᠢ ᠬᠥᠮᠦᠨ᠎ᠤ ᠮᠡᠳᠡᠭᠡ ᠵᠠᠩᠭᠢ ᠬᠢᠭᠡᠳ ᠠᠮᠤᠷ ᠲᠦᠪᠰᠢᠨ᠎ᠢ ᠬᠠᠤᠯᠢ ᠶᠣᠰᠣᠭ᠋ᠠᠷ ᠬᠠᠮᠠᠭ᠋ᠠᠯᠠᠨ᠎ᠠ᠃   ᠫᠤᠤ ᠵᠡᠪᠰᠡᠭ᠂ ᠳᠡᠯᠪᠡᠷᠡᠬᠦ ᠡᠳ᠋ ᠪᠣᠳᠠᠰ᠂ ᠬᠣᠯᠬᠣᠪᠴᠢ ᠨᠤᠮᠤ᠎ᠳᠤ ᠬᠣᠯᠪᠣᠭᠳᠠᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠡᠲᠡᠭᠡᠳ᠎ᠢ ᠨᠢᠭᠤᠨ ᠳᠠᠯᠳᠠᠯᠠᠵᠤ᠂ ᠥᠮᠥᠭᠯᠡᠵᠦ᠂ ᠬᠠᠤᠯᠢ᠎ᠠᠴᠠ ᠵᠥᠷᠢᠴᠡᠭᠰᠡᠨ ᠶᠠᠯᠠᠲᠤ ᠡᠲᠡᠭᠡᠳ᠎ᠢ ᠬᠠᠪᠰᠤᠷᠴᠤ ᠪᠠᠶ᠋ᠢᠭ᠋ᠠᠳ ᠭᠡᠷᠡᠴᠢ ᠪᠠᠷᠢᠮᠲᠠ ᠵᠢ ᠤᠰᠠᠳᠬᠠᠭᠰᠠᠨ᠂ ᠬᠠᠭᠤᠷᠮᠠᠭᠯᠠᠨ ᠵᠣᠬᠢᠶᠠᠭᠰᠠᠨ ᠪᠠᠶ᠋ᠢᠪᠠᠯ᠂ ᠬᠠᠤᠯᠢ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠢᠯᠡᠴᠢᠯᠡᠨ ᠮᠡᠳᠡᠭᠦᠯᠦᠭᠴᠢ᠂ ᠵᠠᠭ᠋ᠠᠯᠳᠤᠭᠴᠢ ᠵᠢ ᠰᠦᠷᠳᠡᠭᠦᠯᠵᠦ᠂ ᠬᠠᠷᠢᠭᠤ ᠠᠪᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠨ᠎ᠡ᠃
    ᠳᠣᠯᠣᠭ᠎ᠠ᠂ ᠫᠤᠤ ᠵᠡᠪᠰᠡᠭ᠂ ᠰᠤᠮᠤ ᠳᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ᠂ ᠬᠣᠯᠬᠣᠪᠴᠢ ᠨᠤᠮᠤ ᠵᠡᠷᠭᠡ ᠵᠢ ᠬᠡᠷᠡᠭᠯᠡᠨ ᠬᠠᠤᠯᠢ ᠪᠤᠰᠤ ᠵᠤᠭ᠎ᠠ ᠴᠡᠩᠭᠡᠯ᠎ᠤᠨ ᠠᠵᠢᠯᠯᠠᠭ᠎ᠠ ᠬᠢᠬᠦ ᠵᠢ ᠴᠢᠩᠭ᠎ᠠ ᠴᠠᠭ᠋ᠠᠵᠠᠯᠠᠨ᠎ᠠ᠃ ᠲᠣᠭᠯᠠᠭ᠋ᠠᠮ᠎ᠤᠨ ᠪᠠᠭ᠋ᠠᠵᠢ ᠦᠢ᠍ᠯᠡᠳᠬᠦ ᠠᠵᠤ ᠠᠬᠤᠶ᠋ᠢᠯᠠᠯ ᠭᠠᠳᠠᠷ ᠬᠡᠯᠪᠡᠷᠢ᠂ ᠦᠨᠭᠭᠡ᠎ᠨᠢ ᠬᠡᠪᠰᠢᠭᠰᠡᠨ ᠫᠤᠤ᠎ᠲᠠᠢ ᠠᠳᠠᠯᠢ ᠪᠤᠶᠤ ᠠᠳᠠᠯᠢᠪᠲᠤᠷ᠂ ᠡᠰᠡᠬᠦᠯ᠎ᠡ ᠫᠤᠤ ᠵᠢᠨ ᠠᠮᠠ ᠵᠢ ᠬᠥᠳᠡᠯᠭᠡᠭᠡᠨ᠎ᠤ ᠡᠨᠧᠷᠭᠢ᠎ᠠᠴᠠ 0.16 ᠵᠤᠢ᠍ᠯ / ᠲᠡᠭᠰᠢ ᠳᠥᠷᠪᠡᠯᠵᠢᠨ ᠰᠠᠨᠲ᠋ᠢᠮᠧᠲᠷ ᠶᠡᠬᠡ ᠲᠣᠭᠯᠠᠭ᠋ᠠᠮ᠎ᠤᠨ ᠫᠤᠤ ᠵᠢ ᠦᠢ᠍ᠯᠡᠳᠪᠦᠷᠢᠯᠡᠵᠦ᠂ ᠪᠣᠷᠣᠯᠠᠭᠤᠯᠵᠤ ᠪᠣᠯᠬᠤ ᠦᠭᠡᠢ᠃ ᠥᠷᠭᠡᠨ ᠣᠯᠠᠨ ᠠᠷᠠᠳ ᠲᠦᠮᠡᠨ ᠲᠣᠭᠯᠠᠭ᠋ᠠᠮ᠎ᠤᠨ ᠫᠤᠤ ᠬᠤᠳᠠᠯᠳᠤᠨ ᠠᠪᠬᠤ᠎ᠳᠤ᠎ᠪᠠᠨ ᠵᠢᠩᠬᠢᠨᠢ ᠠᠵᠤ ᠠᠬᠤᠶ᠋ᠢᠯᠠᠯ᠎ᠤᠨ ᠦᠢ᠍ᠯᠡᠳᠪᠦᠷᠢᠯᠡᠭᠰᠡᠨ ᠦᠢ᠍ᠯᠡᠳᠬᠦᠨ᠎ᠢ ᠰᠣᠩᠭᠣᠬᠤ ᠬᠡᠷᠡᠭᠲᠡᠢ᠂ ᠦᠢ᠍ᠯᠡᠳᠪᠦᠷᠢᠯᠡᠬᠦ ᠦᠢ᠍ᠯᠡᠳᠪᠦᠷᠢ ᠥᠭᠡᠢ᠂ ᠵᠥᠪᠰᠢᠶᠡᠷᠡᠯ᠎ᠤᠨ ᠦᠨᠡᠮᠯᠡᠯ ᠥᠭᠡᠢ᠂ ᠦᠢ᠍ᠯᠡᠳᠬᠦᠨ᠎ᠤ ᠲᠡᠮᠳᠡᠭ ᠥᠭᠡᠢ᠂ ᠢᠷᠡᠯᠳᠡ᠎ᠨᠢ ᠲᠣᠳᠣᠷᠬᠠᠢ ᠥᠭᠡᠢ ᠲᠣᠭᠯᠠᠭ᠋ᠠᠮ᠎ᠤᠨ ᠫᠤᠤ ᠬᠤᠳᠠᠯᠳᠤᠨ ᠠᠪᠴᠤ ᠪᠣᠯᠬᠤ ᠥᠭᠡᠢ᠂ ᠳᠠᠭᠤᠷᠢᠶᠠᠮᠠᠯ ᠫᠤᠤ᠂ ᠴᠦᠢ᠍ᠳᠡᠩ᠎ᠤᠨ ᠫᠤᠤ᠂ ᠤᠰᠤᠨ ᠰᠤᠮᠤᠨ ᠫᠤᠤ ᠪᠣᠯᠤᠨ ᠳᠠᠭᠤᠷᠢᠶᠠᠮᠠᠯ ᠭᠠᠷ ᠮᠢᠨ᠎ᠠ᠂ ᠳᠡᠯᠪᠡᠴᠢᠬᠦ ᠪᠥᠮᠪᠥᠭᠡ ᠵᠡᠷᠭᠡ ᠬᠢᠯᠪᠠᠷᠬᠠᠨ ᠬᠥᠨᠥᠭᠡᠯ ᠤᠴᠠᠷᠠᠭᠤᠯᠬᠤ ᠪᠤᠳᠠᠰ᠎ᠢ ᠬᠤᠳᠠᠯᠳᠤᠨ ᠠᠪᠴᠤ ᠪᠣᠯᠬᠤ ᠥᠭᠡᠢ᠃
    ᠨᠠᠢ᠍ᠮᠠ᠂ ᠲᠤᠰ ᠵᠠᠷᠯᠠᠯ᠎ᠳᠤ ᠬᠡᠯᠡᠵᠦ ᠪᠠᠶ᠋ᠢᠭ᠎ᠠ ᠫᠤᠤ ᠭᠡᠳᠡᠭ᠎ᠲᠤ ᠴᠡᠷᠢᠭ᠎ᠤᠨ ᠬᠡᠷᠡᠭᠯᠡᠭᠡᠨ᠎ᠤ ᠫᠤᠤ᠂ ᠠᠪᠠ ᠵᠢᠨ ᠫᠤᠤ᠂ ᠫᠤᠤᠳᠠᠯᠭ᠎ᠠ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ᠂ ᠮᠢᠨᠴᠦᠭᠦᠷᠡᠭᠦᠯᠬᠦ ᠲᠠᠷᠢᠯᠭ᠎ᠠ ᠵᠢᠨ ᠫᠤᠤ᠂ ᠬᠡᠶ᠋ᠢᠲᠦ ᠫᠤᠤ᠂ ᠥᠩᠭᠡᠲᠦ ᠰᠤᠮᠤᠨ ᠫᠤᠤ᠂ ᠲᠡᠷᠢ ᠵᠢᠨ ᠫᠤᠤ ᠵᠡᠷᠭᠡ ᠡᠯ᠎ᠡ ᠲᠦᠷᠦᠯ᠎ᠤᠨ ᠳᠦᠷᠢᠮᠲᠦ ᠫᠤᠤ᠂ ᠳᠦᠷᠢᠮᠲᠦ ᠪᠤᠰᠤ ᠫᠤᠤ ᠵᠢᠴᠢ ᠫᠤᠤ ᠵᠢᠨ ᠲᠠᠩ ᠲᠤᠨᠤᠭ᠎ᠢ ᠪᠠᠭᠲᠠᠭ᠋ᠠᠨ᠎ᠠ; ᠰᠤᠮᠤ ᠳᠠᠷᠢ᠎ᠳᠤ᠄ ᠳᠡᠭᠡᠷᠡᠬᠢ ᠡᠯ᠎ᠡ ᠲᠥᠷᠥᠯ᠎ᠤᠨ ᠫᠤᠤ ᠵᠡᠪᠰᠡᠭ ᠬᠡᠷᠡᠭᠯᠡᠬᠦ ᠳᠦᠷᠢᠮᠲᠦ᠂ ᠳᠦᠷᠢᠮᠲᠦ ᠪᠤᠰᠤ ᠰᠤᠮᠤ ᠪᠠᠭᠲᠠᠨ᠎ᠠ; ᠬᠣᠯᠬᠣᠪᠴᠢ ᠨᠤᠮᠤ ᠭᠡᠳᠡᠭ᠎ᠨᠢ ᠮᠧᠬᠠᠨᠢᠭ ᠭᠠᠳᠠᠭ᠋ᠠᠳᠤ ᠬᠦᠴᠦ᠎ᠪᠠᠷ ᠰᠤᠮᠤ ᠬᠠᠷᠪᠤᠬᠤ ᠲᠣᠨᠣᠭᠯᠠᠯ᠎ᠢ ᠵᠢᠭ᠋ᠠᠵᠤ ᠪᠠᠶ᠋ᠢᠨ᠎ᠠ᠃ ᠳᠡᠯᠪᠡᠷᠡᠬᠦ ᠡᠳ᠋

ᠪᠣᠳᠠᠰ᠎ᠲᠤ᠄ ᠲᠠᠷᠢ᠂ ᠲᠡᠰᠦᠷᠡᠭᠦᠯᠦᠭᠴᠢ᠂ ᠪᠢᠯᠳᠠ᠂ ᠲᠡᠰᠦᠷᠡᠮᠡᠬᠡᠢ ᠰᠢᠵᠢᠮ᠂ ᠳᠤᠷᠬᠢᠯᠳᠠ ᠡᠭᠦᠰᠭᠡᠭᠴᠢ ᠰᠤᠮᠤ᠂ ᠬᠠᠷ᠎ᠠ ᠲᠡᠷᠢ᠂ ᠬᠤᠸᠠᠷ ᠫᠤᠤᠵᠢᠩ᠎ᠤᠨ ᠳᠠᠷᠢ᠂ ᠭᠠᠷᠨᠠᠲᠠ᠂ ᠮᠢᠨ᠎ᠠ ᠵᠡᠷᠭᠡ ᠡᠯ᠎ᠡ ᠲᠦᠷᠦᠯ᠎ᠤᠨ ᠳᠡᠯᠪᠡᠷᠡᠬᠦ ᠡᠳ᠋ ᠪᠣᠳᠠᠰ ᠵᠢᠴᠢ ᠳᠡᠯᠪᠡᠷᠡᠮᠡᠲᠡᠭᠡᠢ ᠠᠶᠤᠯᠲᠠᠢ ᠬᠢᠮᠢ ᠵᠢᠨ ᠪᠣᠳᠠᠰ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ ᠳᠡᠯᠪᠡᠷᠡᠬᠦ ᠡᠳ᠋ ᠪᠣᠳᠠᠰ᠎ᠢ ᠦᠢ᠍ᠯᠡᠳᠬᠦ᠎ᠳᠤ ᠬᠡᠷᠡᠭᠯᠡᠵᠦ ᠪᠣᠯᠬᠤ ᠠᠶᠤᠯᠲᠠᠢ ᠬᠢᠮᠢ ᠵᠢᠨ ᠡᠳ᠋ ᠪᠣᠳᠠᠰ ᠪᠠᠭᠲᠠᠨ᠎ᠠ᠃

ᠢᠷᠡᠯᠲᠡ᠄ ᠳᠣᠲᠣᠭ᠋ᠠᠳᠤ ᠵᠢ ᠬᠠᠮᠠᠭ᠋ᠠᠯᠠᠬᠤ ᠶᠠᠮᠤᠨ