ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 〈ᠲᠠᠯᠪᠢᠬᠤ ᠬᠠᠮᠢᠶᠠᠷᠬᠤ ᠦᠢ᠍ᠯᠡᠴᠢᠯᠡᠬᠦ〉 ᠥᠭᠡᠷᠡᠴᠢᠯᠡᠯᠲᠡ ᠵᠢᠨ ᠠᠷᠠᠳ᠎ᠲᠤ ᠲᠥᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭᠲᠠᠶ ᠪᠠᠶ᠋ᠢᠯᠭ᠋ᠠᠬᠤ ᠰᠢᠨ᠎ᠡ ᠠᠷᠭ᠎ᠠ ᠬᠡᠮᠵᠢᠶ᠎ᠡ》 ᠵᠢ ᠵᠣᠬᠢᠶᠠᠭᠰᠠᠨ ᠲᠣᠳᠣᠷᠬᠠᠶ᠋ᠢᠯᠠᠯᠲᠠ
ᠨᠡᠶ᠋ᠢᠲᠡᠯᠡᠭᠰᠡᠨ ᠴᠠᠭ᠄ 2022-10-17

       ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠶᠡᠭᠡ ᠰᠢᠮᠳᠠᠭᠤᠯᠤᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠮᠠᠨ᠎ᠤ ᠣᠷᠣᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠵᠠᠮ ᠳᠡᠭᠡᠷᠡᠬᠢ ᠬᠠᠤᠯᠢ ᠬᠡᠷᠡᠭᠵᠢᠭᠦᠯᠬᠦ ᠲᠣᠪᠤᠶ᠋ᠢᠮ᠎ᠠ ᠠᠰᠠᠭᠤᠳᠠᠯ ᠪᠠ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠬᠥᠮᠦᠵᠢᠭᠦᠯᠦᠨ ᠴᠡᠭᠴᠡᠯᠡᠬᠦ ᠳᠤᠮᠳᠠ ᠢᠯᠡᠷᠡᠭᠦᠯᠦᠭᠰᠡᠨ ᠠᠷᠬᠠᠭ ᠬᠡᠮ᠎ᠢ ᠭᠦᠨᠵᠡᠭᠡᠶ ᠴᠡᠭᠴᠡᠯᠡᠨ ᠰᠠᠢ᠌ᠵᠢᠷᠠᠭᠤᠯᠬᠤ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠠᠵᠢᠯᠯᠠᠭ᠎ᠠ ᠵᠢ ᠤᠯᠠᠮ ᠨᠢᠭᠡ ᠠᠯᠬᠤᠮ ᠰᠠᠶ᠋ᠢᠲᠤᠷ ᠥᠷᠨᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠰᠤᠷᠭ᠋ᠠᠨ ᠬᠥᠮᠦᠵᠢᠭᠦᠯᠵᠦ ᠴᠡᠭᠴᠡᠯᠡᠬᠦ ᠬᠡᠪᠯᠡᠯ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 〈ᠲᠠᠯᠪᠢᠬᠤ ᠬᠠᠮᠢᠶᠠᠷᠬᠤ ᠦᠢ᠍ᠯᠡᠴᠢᠯᠡᠬᠦ〉 ᠥᠭᠡᠷᠡᠴᠢᠯᠡᠯᠲᠡ᠎ᠨᠢ ᠠᠷᠠᠳ᠎ᠲᠤ ᠲᠥᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ》 (ᠳᠣᠷᠣᠭᠰᠢ 《ᠰᠢᠨ᠎ᠡ ᠠᠷᠭ᠎ᠠ ᠬᠡᠮᠵᠢᠶ᠎ᠡ》 ᠭᠡᠵᠦ ᠲᠣᠪᠴᠢᠯᠠᠨ᠎ᠠ) ᠵᠢ ᠰᠤᠳᠤᠯᠤᠨ ᠲᠣᠭᠲᠠᠭ᠋ᠠᠵᠤ᠂ ᠳᠤᠤᠷᠠᠬᠢ ᠮᠡᠲᠦ ᠲᠣᠳᠣᠷᠬᠠᠶ᠋ᠢᠯᠠᠯᠲᠠ ᠬᠢᠪᠠ᠄

       ᠨᠢᠭᠡ᠂ ᠲᠤᠭᠤᠷᠪᠢᠬᠤ ᠦᠨᠳᠦᠰᠦᠯᠡᠯ

      ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠵᠢᠨ 《ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠥᠮᠦᠵᠢᠯ ᠴᠡᠭᠴᠡᠯᠡᠯᠲᠡ ᠳᠤᠮᠳᠠ ᠢᠯᠡᠷᠡᠭᠦᠯᠦᠭᠰᠡᠨ ᠠᠷᠬᠠᠭ ᠬᠡᠮ᠎ᠢ ᠴᠡᠭᠴᠡᠯᠡᠨ ᠵᠠᠰᠠᠬᠤ᠎ᠳᠤ ᠴᠢᠭᠯᠡᠭᠦᠯᠦᠨ᠂ ᠰᠢᠨ᠎ᠡ ᠨᠢᠭᠡ ᠬᠡᠪᠯᠡᠯ᠎ᠤᠨ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ 〈ᠲᠠᠯᠪᠢᠬᠤ ᠬᠠᠮᠢᠶᠠᠷᠬᠤ ᠦᠢ᠍ᠯᠡᠴᠢᠯᠡᠬᠦ〉 ᠥᠭᠡᠷᠡᠴᠢᠯᠡᠯᠲᠡ ᠵᠢᠨ ᠠᠷᠠᠳ᠎ᠲᠤ ᠲᠥᠬᠦᠮ ᠦᠵᠡᠭᠦᠯᠬᠦ ᠬᠠᠲᠠᠭᠤ ᠠᠷᠭ᠎ᠠ ᠬᠡᠮᠵᠢᠶ᠎ᠡ ᠵᠢ ᠲᠣᠭᠲᠠᠭ᠋ᠠᠬᠤ》 ᠱᠠᠭ᠋ᠠᠷᠳᠠᠯᠭ᠎ᠠ ᠵᠢ ᠳᠣᠭᠲᠠᠭ᠋ᠠᠵᠤ᠂ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠳᠤᠮᠳᠠ ᠢᠯᠡᠷᠡᠭᠦᠯᠦᠭᠰᠡᠨ ᠠᠰᠠᠭᠤᠳᠠᠯ ᠪᠠ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ᠎ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠷᠠᠳ ᠣᠯᠠᠨ᠎ᠤ 《ᠪᠠᠴᠢᠮ ᠬᠦᠴᠢᠷᠳᠡᠯ ᠵᠣᠪᠠᠨᠢᠯ ᠬᠦᠰᠡᠯ》᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠂ 《ᠰᠦᠯᠵᠢᠶᠡᠨ ᠳᠡᠭᠡᠷ᠎ᠡ ᠭᠦᠢ᠍ᠴᠡᠳᠭᠡᠬᠦ》 ᠵᠢ ᠳᠣᠪᠤᠢ᠌ᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ 《ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠰᠢᠰᠲ᠋ᠧᠮ᠎ᠤᠨ ᠬᠠᠤᠯᠢ ᠬᠡᠷᠡᠭᠵᠢᠭᠦᠯᠬᠦ ᠠᠵᠢᠯ᠎ᠢ ᠰᠠᠶ᠋ᠢᠵᠢᠷᠠᠭᠤᠯᠬᠤ 〈ᠵᠢᠷᠭᠤᠭ᠋ᠠᠨ ᠵᠦᠢ᠍ᠯ᠎ᠤᠨ ᠠᠷᠭ᠎ᠠ ᠬᠡᠮᠵᠢᠶ᠎ᠡ〉》 ᠵᠡᠷᠭᠡ ᠠᠷᠭ᠎ᠠ᠎ᠪᠠᠷ ᠯᠠᠪᠯᠠᠯᠲᠠ ᠪᠣᠯᠭ᠋ᠠᠨ᠂ ᠲᠡᠷᠢᠭᠦᠨ᠎ᠤ ᠮᠣᠵᠢ ᠬᠤᠲᠠ ᠵᠢᠨ ᠲᠤᠷᠰᠢᠯᠭ᠎ᠠ ᠵᠢ ᠰᠤᠷᠤᠯᠴᠠᠨ ᠳᠣᠯᠢᠯᠠᠵᠤ᠂ 《ᠰᠢᠨ᠎ᠡ ᠠᠷᠭ᠎ᠠ ᠬᠡᠮᠵᠢᠶ᠎ᠡ》 ᠵᠢ ᠲᠤᠭᠤᠷᠪᠢᠪᠠ᠃

      ᠬᠤᠶᠠᠷ᠂ ᠲᠤᠭᠤᠷᠪᠢᠭᠰᠠᠨ ᠶᠠᠪᠤᠴᠠ

      ᠲᠢᠩᠬᠢᠮ᠎ᠤᠨ ᠳᠡᠳ᠋ ᠳᠠᠷᠤᠭ᠎ᠠ ᠵᠣᠣ ᠵᠢᠶᠠᠨ ᠨᠠᠨ ᠲᠢᠩᠬᠢᠮ᠎ᠤᠨ ᠥᠭᠡᠷᠡᠴᠢᠯᠡᠯᠲᠡ ᠵᠢᠨ ᠠᠯᠪᠠᠨ ᠬᠡᠷ᠂ ᠠᠮᠤᠷ᠎ᠢ ᠬᠠᠮᠠᠭ᠋ᠠᠯᠠᠬᠤ ᠶᠡᠷᠦᠩᠬᠡᠶ ᠠᠩᠭᠢ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠷᠦᠩᠬᠡᠶ ᠠᠩᠭᠢ᠂ ᠬᠢᠯᠢ᠎ᠪᠠᠷ ᠣᠷᠤᠬᠤ ᠭᠠᠷᠬᠤ ᠬᠠᠮᠢᠶᠠᠷᠤᠯᠲᠠ ᠵᠢᠨ ᠲᠣᠪᠴᠢᠶ᠎ᠠ᠂ ᠰᠦᠯᠵᠢᠶᠡᠨ᠎ᠤ ᠠᠮᠤᠷ ᠲᠦᠪᠰᠢᠨ᠎ᠤ ᠶᠡᠷᠦᠩᠬᠡᠶ ᠠᠩᠭᠢ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ᠂ ᠨᠡᠶ᠋ᠢᠲᠡ 6 ᠤᠳᠠᠭ᠎ᠠ ᠬᠤᠷᠠᠯ ᠬᠤᠷᠠᠯᠳᠤᠭᠤᠯᠵᠤ ᠳᠠᠬᠢᠨ ᠳᠠᠪᠲᠠᠨ ᠰᠤᠳᠤᠯᠤᠨ ᠨᠤᠲᠠᠯᠠᠵᠤ᠂

《ᠰᠢᠨ᠎ᠡ ᠠᠷᠭ᠎ᠠ ᠬᠡᠮᠵᠢᠶ᠎ᠡ》 ᠵᠢ ᠨᠠᠶ᠋ᠢᠷᠠᠭᠤᠯᠤᠨ ᠵᠣᠬᠢᠶᠠᠵᠤ᠂ ᠡᠬᠡ ᠪᠢᠴᠢᠭ᠎ᠢ ᠪᠠᠶ᠋ᠢᠨ ᠳᠠᠬᠢᠨ ᠵᠠᠰᠠᠭᠰᠠᠨ ᠪᠥᠭᠡᠳ ᠲᠢᠩᠬᠢᠮ᠎ᠤᠨ ᠨᠠᠮ᠎ᠤᠨ ᠬᠤᠷᠢᠶ᠎ᠠ ᠵᠢᠨ ᠬᠡᠰᠢᠭᠦᠨ᠂ ᠡᠯ᠎ᠡ ᠠᠶ᠋ᠢᠮᠠᠭ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠴᠢ ᠲᠢᠩᠬᠢᠮ᠎ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠵᠠᠰᠠᠪᠤᠷᠢ ᠣᠷᠣᠭᠤᠯᠬᠤ ᠰᠠᠨᠠᠯ᠎ᠢ ᠤᠷᠢᠳ ᠬᠤᠵᠢᠳ ᠬᠤᠷᠢᠶᠠᠪᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠪᠠ ᠳᠠᠩᠰᠠᠯᠠᠭᠤᠯᠬᠤ᠎ᠳᠤ ᠬᠢᠨᠠᠯᠲᠠ ᠲᠠᠯᠪᠢᠬᠤ ᠠᠷᠭ᠎ᠠ》 ᠵᠡᠷᠭᠡ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠨ ᠶᠠᠪᠤᠭᠤᠯᠬᠤ 5 ᠲᠠᠰ ᠳᠠᠷᠠᠭ᠋ᠠᠯᠠᠯ᠎ᠤᠨ ᠱᠠᠭ᠋ᠠᠷᠳᠠᠯᠭ᠎ᠠ ᠶᠣᠰᠣᠭ᠋ᠠᠷ᠂ ᠰᠦᠯᠵᠢᠶᠡᠨ ᠳᠡᠭᠡᠷ᠎ᠡ ᠢᠯᠡ᠎ᠪᠠᠷ ᠰᠠᠨᠠᠯ ᠬᠤᠷᠢᠶᠠᠬᠤ᠂ ᠲᠤᠰᠬᠠᠶ ᠲᠤᠰᠢᠶᠠᠯᠲᠤ ᠬᠠᠤᠯᠢᠴᠢ ᠪᠠ ᠠᠯᠪᠠᠨ ᠲᠤᠰᠢᠶᠠᠯᠲᠤ ᠬᠠᠤᠯᠢᠴᠢ ᠵᠢᠨ ᠲᠤᠰᠬᠠᠶ ᠮᠡᠷᠭᠡᠵᠢᠯᠲᠡᠨ ᠵᠶ᠋ᠠᠷ ᠦᠨᠡᠯᠡᠨ ᠵᠢᠱ᠌ᠢᠵᠦ ᠨᠤᠲᠠᠯᠠᠬᠤ ᠵᠢᠴᠢ ᠲᠢᠩᠬᠢᠮ᠎ᠤᠨ ᠬᠠᠤᠯᠢ ᠲᠦᠷᠢᠮ᠎ᠤᠨ ᠶᠡᠷᠦᠩᠬᠡᠶ ᠠᠩᠭᠢ ᠵᠢᠨ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ 3 ᠲᠠᠰ ᠳᠠᠷᠠᠭ᠋ᠠᠯᠠᠯ᠎ᠢ ᠨᠢᠭᠡᠨᠲᠡ ᠪᠡᠶᠡᠯᠡᠭᠦᠯᠪᠡ᠃ ᠡᠯ᠎ᠡ ᠲᠠᠯ᠎ᠠ ᠵᠢᠨ᠎ᠬᠢᠨ᠎ᠤ ᠳᠤᠷᠠᠳᠤᠭᠰᠠᠨ ᠰᠠᠨᠠᠯ ᠶᠣᠰᠣᠭ᠋ᠠᠷ᠂ ᠳᠠᠬᠢᠨᠲᠠ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ ᠡᠴᠦᠰ᠎ᠲᠤ᠎ᠪᠠᠨ ᠲᠣᠰ ᠨᠤᠤᠷᠠᠭ᠎ᠢ ᠪᠣᠶ ᠪᠣᠯᠭ᠋ᠠᠪᠠ᠃

      ᠭᠤᠷᠪᠠ᠂ ᠭᠤᠣᠯ ᠠᠭᠤᠯᠭ᠎ᠠ

      《ᠰᠢᠨ᠎ᠡ ᠠᠷᠭ᠎ᠠ ᠬᠡᠮᠵᠢᠶ᠎ᠡ》᠎ᠳᠤ ᠨᠡᠶ᠋ᠢᠲᠡ 28 ᠵᠦᠢ᠍ᠯ ᠪᠣᠶ᠂ ᠡᠭᠦᠨ᠎ᠳᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ 12 ᠵᠦᠢ᠍ᠯ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ 9 ᠵᠦᠢ᠍ᠯ᠂ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ 4 ᠵᠦᠢ᠍ᠯ᠂ ᠰᠦᠯᠵᠢᠶᠡᠨ᠎ᠤ ᠠᠮᠤᠷ ᠲᠦᠪᠰᠢᠨ᠎ᠤ ᠲᠤᠬᠠᠶ᠋ᠢᠯᠠᠭᠰᠠᠨ ᠠᠵᠢᠯ 3 ᠵᠦᠢ᠍ᠯ ᠪᠠᠭᠲᠠᠨ᠎ᠠ᠃ 28 ᠳ᠋ᠤᠭ᠋ᠠᠷ ᠵᠦᠢ᠍ᠯ᠎ᠳᠤ ᠭᠤᠤᠯᠳᠠᠭᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠰᠠᠶ᠋ᠢᠵᠢᠷᠠᠭᠤᠯᠬᠤ ᠪᠠ ᠳᠥᠭᠦᠮ ᠳᠥᠲᠡ ᠦᠢ᠍ᠯᠡᠴᠢᠯᠡᠭᠡ ᠬᠢᠬᠦ᠂ 《ᠰᠦᠯᠵᠢᠶᠡᠨ ᠳᠡᠭᠡᠷ᠎ᠡ ᠭᠦᠢ᠍ᠴᠡᠳᠭᠡᠬᠦ》᠂ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ》᠂

《ᠣᠶ᠋ᠢᠷ᠎ᠠ ᠬᠠᠪᠢ᠎ᠳᠤ᠎ᠨᠢ ᠭᠦᠢ᠍ᠴᠡᠳᠭᠡᠬᠦ》᠂ ᠮᠠᠲ᠋ᠧᠷᠢᠶᠠᠯ᠎ᠢ ᠬᠠᠰᠤᠵᠤ ᠴᠠᠭ᠎ᠤᠨ ᠬᠢᠵᠠᠭ᠋ᠠᠷ᠎ᠢ ᠪᠠᠭ᠋ᠠᠰᠬᠠᠬᠤ ᠵᠡᠷᠭᠡ ᠲᠠᠯ᠎ᠠ᠎ᠪᠠᠷ᠂ ᠠᠷᠠᠳ᠎ᠲᠤ ᠲᠥᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭᠲᠠᠶ ᠪᠠᠶ᠋ᠢᠯᠭ᠋ᠠᠬᠤ ᠵᠣᠬᠢᠴᠠᠩᠭᠤᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠶ᠃ ᠨᠢᠭᠡ᠎ᠳᠤ᠂ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠪᠣᠯᠤᠨ ᠳᠥᠭᠦᠮ ᠦᠢ᠍ᠯᠡᠴᠢᠯᠡᠭᠡ ᠵᠢ ᠰᠠᠶ᠋ᠢᠵᠢᠷᠠᠭᠤᠯᠬᠤ ᠲᠠᠯ᠎ᠠ᠎ᠪᠠᠷ 11 ᠵᠦᠢ᠍ᠯ ᠠᠷᠭ᠎ᠠ ᠬᠡᠮᠵᠢᠶ᠎ᠡ ᠳᠤᠷᠠᠳᠪᠠ᠃ ᠡᠭᠦᠨ᠎ᠳᠤ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠬᠥᠩᠭᠡᠪᠲᠦᠷ ᠦᠢ᠍ᠯᠡ ᠠᠵᠢᠯᠯᠠᠭ᠎ᠠ ᠵᠢ ᠰᠢᠢ᠍ᠳᠭᠡᠬᠦ ᠦᠭᠡᠶ ᠪᠠᠶ᠋ᠢᠬᠤ᠂ 《ᠡᠩ᠎ᠤᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠠᠩᠬ᠎ᠠ ᠤᠳᠠᠭ᠎ᠠ ᠰᠡᠷᠡᠮᠵᠢ ᠥᠭᠬᠦ》᠂ 《ᠠᠷᠪᠠᠨ ᠮᠢᠨᠦ᠋ᠲ᠎ᠤᠨ ᠳᠣᠲᠣᠷ᠎ᠠ ᠬᠠᠤᠯᠢ᠎ᠠᠴᠠ ᠵᠦᠷᠢᠴᠡᠨ ᠲᠡᠷᠭᠡ ᠵᠣᠭᠰᠤᠭ᠋ᠠᠭᠰᠠᠨ᠎ᠢ ᠳᠣᠷᠭ᠋ᠠᠭᠤᠯᠢ᠎ᠠᠴᠠ ᠬᠡᠯᠲᠦᠷᠢᠭᠦᠯᠬᠦ》᠂ ᠰᠦᠯᠵᠢᠶᠡᠨ ᠳᠡᠭᠡᠷ᠎ᠡ 《ᠬᠠᠤᠯᠢ ᠰᠤᠷᠴᠤ ᠬᠤᠪᠢ ᠬᠠᠰᠤᠬᠤ》 ᠵᠡᠷᠭᠡ ᠪᠠᠭᠲᠠᠨ᠎ᠠ᠃ ᠬᠤᠶᠠᠷ᠎ᠲᠤ᠂

《ᠰᠦᠯᠵᠢᠶᠡᠨ ᠳᠡᠭᠡᠷ᠎ᠡ ᠭᠦᠢ᠍ᠴᠡᠳᠭᠡᠬᠦ》᠎ᠳᠤ ᠬᠤᠯᠪᠣᠭᠳᠠᠭᠰᠠᠨ᠎ᠨᠢ 12 ᠵᠦᠢ᠍ᠯ ᠠᠷᠭ᠎ᠠ ᠬᠡᠮᠵᠢᠶ᠎ᠡ ᠪᠣᠶ᠃ ᠡᠭᠦᠨ᠎ᠳᠤ ᠡᠷᠦᠬᠡ ᠵᠢᠨ ᠶᠠᠪᠤᠳᠠᠯ᠎ᠤᠨ 86 ᠵᠣᠷᠪᠤᠰ᠎ᠤᠨ ᠲᠤᠬᠠᠶ᠋ᠢᠯᠠᠭᠰᠠᠨ ᠠᠵᠢᠯ᠂ ᠰᠦᠯᠵᠢᠶᠡᠨ᠎ᠤ ᠠᠮᠤᠷ ᠲᠦᠪᠰᠢᠨ᠎ᠤ 3 ᠵᠣᠷᠪᠤᠰ᠎ᠤᠨ ᠲᠤᠬᠠᠶ᠋ᠢᠯᠠᠭᠰᠠᠨ ᠠᠵᠢᠯ᠎ᠢ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠪᠡ᠃ ᠭᠤᠷᠪᠠ᠎ᠳᠤ᠂ 《ᠨᠢᠭᠡ ᠥᠷᠲᠡᠭᠡ᠎ᠳᠤ ᠭᠦᠢ᠍ᠴᠡᠳᠭᠡᠬᠦ》 《ᠣᠶ᠋ᠢᠷ᠎ᠠ ᠬᠠᠪᠢ᠎ᠳᠤ᠎ᠨᠢ ᠭᠦᠢ᠍ᠴᠡᠳᠭᠡᠬᠦ》 ᠲᠠᠯ᠎ᠠ᠎ᠪᠠᠷ 5 ᠵᠦᠢ᠍ᠯ ᠠᠷᠭ᠎ᠠ ᠬᠡᠮᠵᠢᠶ᠎ᠡ ᠳᠤᠷᠠᠳᠪᠠ᠃ 2 ᠵᠣᠷᠪᠤᠰ᠎ᠤᠨ ᠣᠨᠴᠠ ᠲᠥᠷᠥᠯ᠎ᠤᠨ ᠲᠤᠬᠠᠶ᠋ᠢᠯᠠᠭᠰᠠᠨ ᠠᠵᠢᠯ᠂ 3 ᠵᠣᠷᠪᠤᠰ᠎ᠤᠨ ᠡᠷᠦᠬᠡ ᠠᠮᠠ ᠵᠢᠨ ᠲᠠᠩᠰᠠ ᠵᠢᠨ ᠲᠤᠬᠠᠶ᠋ᠢᠯᠠᠭᠰᠠᠨ ᠠᠵᠢᠯ᠂ 5 ᠵᠣᠷᠪᠤᠰ᠎ᠤᠨ ᠬᠢᠯᠢ᠎ᠪᠠᠷ ᠣᠷᠤᠬᠤ ᠭᠠᠷᠬᠤ ᠲᠤᠬᠠᠶ᠋ᠢᠯᠠᠭᠰᠠᠨ ᠠᠵᠢᠯ᠎ᠢ ᠲᠣᠮᠢᠯᠠᠭᠰᠠᠨ ᠰᠠᠯᠪᠤᠷᠢ᠎ᠳᠤ ᠲᠠᠯᠪᠢᠵᠤ᠂ 73 ᠵᠣᠷᠪᠤᠰ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠢ ᠬᠤᠰᠢᠭᠤ ᠰᠢᠶᠠᠨ᠎ᠤ ᠲᠡᠷᠭᠡ ᠬᠠᠮᠢᠶᠠᠷᠬᠤ ᠭᠠᠵᠠᠷ᠎ᠲᠤ ᠲᠠᠯᠪᠢᠵᠤ ᠭᠥᠯᠢᠶᠡᠨ ᠠᠪᠴᠤ ᠭᠦᠢ᠍ᠴᠡᠳᠭᠡᠭᠦᠯᠪᠡ᠃ ᠳᠥᠷᠪᠡ᠎ᠳᠤ᠂ ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ ᠵᠢ ᠬᠡᠷᠡᠭᠵᠢᠭᠦᠯᠬᠦ᠎ᠳᠤ ᠬᠤᠯᠪᠣᠭᠳᠠᠭᠰᠠᠨ 3 ᠵᠦᠢ᠍ᠯ᠎ᠤᠨ ᠠᠷᠭ᠎ᠠ ᠬᠡᠮᠵᠢᠶ᠎ᠡ ᠪᠣᠶ᠃ ᠪᠡᠶ᠎ᠡ ᠵᠢᠨ ᠦᠨᠡᠮᠯᠡᠯ᠂ ᠲᠦᠷ ᠴᠠᠭ᠎ᠤᠨ ᠪᠡᠶ᠎ᠡ ᠵᠢᠨ ᠦᠨᠡᠮᠯᠡᠯ᠂ ᠠᠯᠪᠠᠨ ᠲᠠᠮᠠᠭ᠎ᠠ ᠵᠢ ᠨᠥᠬᠦᠵᠦ ᠰᠣᠯᠢᠬᠤ᠎ᠳᠤ ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ ᠵᠢ ᠬᠡᠷᠡᠭᠵᠢᠭᠦᠯᠪᠡ᠃ ᠲᠠᠪᠤ᠎ᠳᠤ᠂ ᠮᠠᠲ᠋ᠧᠷᠢᠶᠠᠯ᠎ᠢ ᠬᠠᠰᠤᠵᠤ ᠴᠠᠭ᠎ᠤᠨ ᠬᠢᠵᠠᠭ᠋ᠠᠷ᠎ᠢ ᠪᠠᠭ᠋ᠠᠰᠬᠠᠬᠤ ᠲᠠᠯ᠎ᠠ᠎ᠪᠠᠷ 6 ᠵᠦᠢ᠍ᠯ᠎ᠤᠨ ᠠᠷᠭ᠎ᠠ ᠬᠡᠮᠵᠢᠶ᠎ᠡ ᠳᠤᠷᠠᠳᠪᠠ᠃ ᠡᠭᠦᠨ᠎ᠳᠤ ᠡᠵᠡᠩᠨᠡᠯᠲᠡ ᠵᠢᠨ ᠴᠢᠨᠠᠷᠲᠠᠢ ᠳᠡᠯᠪᠡᠴᠢᠬᠦ ᠠᠵᠢᠯ ᠬᠢᠬᠦ ᠨᠢᠭᠡᠴᠢ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠠᠮᠤᠷ᠎ᠢ ᠬᠠᠮᠠᠭ᠋ᠠᠯᠠᠬᠤ ᠺᠣᠮᠫᠠᠨᠢ ᠪᠠᠶ᠋ᠢᠭᠤᠯᠬᠤ ᠵᠥᠪᠰᠢᠶᠡᠷᠡᠯ᠂ ᠺᠣᠮᠫᠢᠦ᠋ᠲ᠋ᠧᠷ᠎ᠤᠨ ᠠᠶᠤᠯ ᠦᠭᠡᠢ ᠵᠢᠨ ᠪᠠᠶ᠋ᠢᠭᠤᠯᠤᠮᠵᠢ ᠵᠢ ᠳᠠᠩᠰᠠᠯᠠᠭᠤᠯᠬᠤ ᠵᠡᠷᠭᠡ ᠵᠢ ᠪᠠᠭᠲᠠᠭ᠋ᠠᠨ᠎ᠠ᠃

 

ᠢᠷᠡᠯᠲᠡ᠄ ᠥᠪᠡᠷᠳᠡᠭᠡᠨ ᠵᠠᠰᠠᠬᠤ ᠣᠷᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ