ᠢᠯᠡ ᠵᠠᠰᠠᠭ   -   ᠪᠢᠴᠢᠭ ᠮᠠᠲ᠋ᠧᠷᠢᠶᠠᠯ
ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠮᠵᠢᠯᠲᠠ ᠪᠦᠲᠦᠮᠵᠢ᠎ᠪᠠᠷ ᠲᠣᠪᠣᠶ᠋ᠢᠮ᠎ᠠ ᠡᠮᠡᠭᠲᠡᠶ ᠠᠷᠠᠳ᠎ᠤᠨ ᠴᠠᠭᠳᠠᠭ᠎ᠠ ᠵᠢ ᠰᠠᠶ᠋ᠢᠰᠢᠶᠠᠨ ᠬᠥᠬᠢᠭᠦᠯᠬᠦ ᠲᠤᠬᠠᠶ ᠵᠠᠷᠯᠠᠯ
ᠨᠡᠶ᠋ᠢᠲᠡᠯᠡᠭᠰᠡᠨ ᠴᠠᠭ᠄ 2022-03-16

ᠡᠯ᠎ᠡ ᠠᠶ᠋ᠢᠮᠠᠭ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ᠎ᠳᠤ᠄
      ᠣᠶ᠋ᠢᠷ᠎ᠠ ᠵᠢᠨ ᠵᠢᠯ᠎ᠤᠨ ᠲᠤᠷᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ ᠎ᠤᠨ  ᠲᠥᠪ  ᠬᠣᠷᠢᠶᠠᠨ ᠎ᠤ  ᠪᠠᠲᠤ  ᠴᠢᠩᠭ᠎ᠠ  ᠤᠳᠤᠷᠢᠳᠤᠯᠭ᠎ᠠ ᠳᠣᠣᠷ᠎ᠠ᠂ ᠪᠥᠬᠥ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠣᠯᠤᠨ ᠥᠷᠭᠡᠨ ᠣᠯᠠᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠥᠪᠡᠷᠲᠡᠭᠡᠨ ᠵᠠᠰᠠᠬᠤ ᠣᠷᠣᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠵᠢᠴᠢ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠯ᠎ᠡ ᠱᠠᠲᠤᠨ᠎ᠤ ᠨᠠᠮ᠎ᠤᠨ  ᠬᠣᠷᠢᠶ᠎ᠠ ᠵᠢᠨ   ᠰᠢᠢ᠍ᠳᠪᠦᠷᠢᠲᠦ   ᠪᠣᠳᠣᠯᠭ᠎ᠠ ᠵᠢᠨ  ᠪᠠᠶ᠋ᠢᠷᠢᠯᠠᠭᠤᠯᠤᠯᠲᠠ ᠵᠢ  ᠭᠦᠨᠵᠡᠭᠡᠶ  ᠲᠤᠭᠤᠰᠢᠯᠠᠭᠤᠯᠤᠨ   ᠨᠠᠶ᠋ᠢᠳᠠᠪᠤᠷᠢᠵᠢᠭᠤᠯᠵᠤ᠂ 《ᠨᠠᠮ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠬᠠᠤᠯᠢ ᠵᠢ ᠲᠥᠪ ᠭᠣᠤᠯᠴᠢ᠎ᠪᠠᠷ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶ᠋ᠢᠬᠤ》 ᠶᠡᠷᠦᠩᠬᠡᠶ ᠱᠠᠭ᠋ᠠᠷᠳᠠᠯᠭ᠎ᠠ ᠵᠢ ᠬᠢᠨᠠᠮᠠᠭ᠋ᠠᠶ ᠦᠢ᠍ᠯᠡᠳᠦᠯᠭᠡᠵᠢᠭᠦᠯᠵᠦ᠂ ᠠᠶᠤᠯ ᠲᠦᠭᠰᠢᠭᠦᠷᠢ ᠵᠢ ᠰᠡᠷᠭᠡᠶ᠋ᠢᠯᠡᠨ᠂ ᠠᠮᠤᠷ ᠲᠦᠪᠰᠢᠨ᠎ᠢ ᠪᠠᠲᠤᠯᠠᠵᠤ᠂ ᠲᠣᠭᠲᠠᠭᠤᠨ᠎ᠢ ᠬᠠᠮᠠᠭ᠋ᠠᠯᠠᠨ᠂ ᠬᠢᠵᠢᠭ᠎ᠤᠨ ᠪᠠᠶ᠋ᠢᠳᠠᠯ᠎ᠲᠠᠢ ᠪᠠᠶ᠋ᠢᠯᠳᠤᠵᠤ᠂ ᠤᠯᠤᠰ᠎ᠤᠨ ᠠᠮᠤᠷ ᠲᠦᠪᠰᠢᠨ᠂ ᠨᠡᠶ᠋ᠢᠭᠡᠮ᠎ᠤᠨ ᠲᠣᠭᠲᠠᠭᠤᠨ᠂ ᠠᠷᠠᠳ ᠲᠦᠮᠡᠨ᠎ᠤ ᠠᠰᠢᠭ ᠲᠤᠰᠠ ᠵᠢ ᠬᠠᠮᠠᠭ᠋ᠠᠯᠠᠬᠤ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠪᠠᠶ᠋ᠢᠨ᠎ᠠ᠃ ᠥᠷᠭᠡᠨ ᠤᠯᠠᠨ ᠳᠣᠲᠣᠭ᠋ᠠᠳᠤ ᠵᠢ ᠬᠠᠮᠠᠭ᠋ᠠᠯᠠᠬᠤ ᠡᠮᠡᠭᠲᠡᠢ ᠠᠷᠠᠳ᠎ᠤᠨ ᠴᠠᠭᠳᠠᠭ᠎ᠠ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠳᠤᠲᠠᠭᠳᠠᠵᠤ ᠪᠣᠯᠤᠰᠢ ᠦᠭᠡᠢ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠪᠠᠭ᠎ᠠ ᠭᠡᠷ ᠵᠶ᠋ᠠᠨ ᠦᠷᠡᠭᠳᠡᠭᠦᠯᠵᠦ᠂ ᠤᠯᠠᠨ᠎ᠢ ᠬᠠᠷᠠᠭ᠋ᠠᠯᠵᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠵᠦ᠂ ᠳᠤᠷᠠᠲᠠᠶ᠎ᠠ ᠠᠮᠢ ᠪᠡᠶ᠎ᠡ᠎ᠪᠠᠨ ᠵᠣᠷᠢᠭᠤᠯᠵᠤ᠂ ᠤᠶᠤᠨ ᠤᠬᠠᠭ᠋ᠠᠨ᠂ ᠰᠢᠷᠭ᠋ᠠᠭᠤ ᠬᠥᠳᠡᠯᠮᠦᠷᠢ ᠪᠣᠯᠤᠨ ᠬᠦᠴᠦ ᠬᠥᠯᠥᠰᠥ᠎ᠪᠠᠷ ᠵᠶ᠋ᠠᠨ ᠲᠤᠪᠤᠢ᠍ᠢ᠍ᠮ᠎ᠠ ᠠᠵᠢᠯ᠎ᠤᠨ ᠠᠮᠵᠢᠯᠲᠠ ᠵᠢ ᠡᠭᠦᠳᠴᠦ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠡᠮᠡᠭᠲᠡᠢ ᠪᠠᠭ᠋ᠠᠲᠤᠷ᠎ᠤᠨ ᠡᠭᠦᠷᠭᠡ ᠬᠠᠷᠢᠭᠤᠴᠠᠯᠭ᠎ᠠ ᠵᠢ ᠲᠠᠶ᠋ᠢᠯᠪᠤᠷᠢᠯᠠᠵᠠᠢ᠃ ᠲᠡᠷᠢᠭᠦᠨ᠎ᠤ᠎ᠬᠢ ᠵᠢ ᠮᠠᠭᠲᠠᠨ ᠰᠠᠶ᠋ᠢᠰᠢᠶᠠᠵᠤ᠂ ᠥᠯᠢᠭᠡᠷ ᠳᠠᠭᠤᠷᠢᠶᠠᠯ ᠪᠣᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠮᠵᠢᠯᠲᠠ ᠪᠦᠲᠦᠮᠵᠢ᠎ᠪᠠᠷ ᠲᠣᠪᠣᠶ᠋ᠢᠮ᠎ᠠ 10 ᠡᠮᠡᠭᠲᠡᠶ ᠴᠠᠭᠳᠠᠭ᠎ᠠ ᠵᠢ ᠵᠠᠷᠯᠠᠨ ᠰᠠᠶ᠋ᠢᠰᠢᠶᠠᠬᠤ᠎ᠪᠠᠷ ᠲᠣᠭᠲᠠᠪᠠ᠃
      ᠪᠦᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠥᠷᠭᠡᠨ ᠣᠯᠠᠨ ᠴᠠᠭᠳᠠᠭ᠎ᠠ᠂ ᠢᠯᠠᠩᠭᠤᠶ᠎ᠠ ᠡᠮᠡᠭᠲᠡᠶ ᠴᠠᠭᠳᠠᠭ᠎ᠠ ᠰᠠᠶ᠋ᠢᠰᠢᠶᠠᠭᠳᠠᠭᠰᠠᠨ ᠨᠥᠬᠥᠳ ᠵᠶ᠋ᠠᠷ ᠳᠠᠭᠤᠷᠢᠶᠠᠯ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠲᠤᠭ ᠣᠯᠭᠣᠬᠤ ᠶᠣᠰᠣᠯᠠᠯ ᠳᠡᠭᠡᠷᠡᠬᠢ ᠴᠢᠬᠤᠯᠠ ᠰᠤᠷᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠢᠲᠡᠭᠡᠯ ᠵᠣᠷᠢᠭ ᠵᠶ᠋ᠠᠨ ᠤᠯᠠᠮ ᠪᠠᠲᠤᠳᠬᠠᠵᠤ᠂ ᠴᠣᠭ ᠰᠦᠯᠳᠡ᠎ᠪᠠᠨ ᠪᠠᠳᠠᠷᠠᠭᠤᠯᠤᠨ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠪᠣᠳᠠᠲᠠᠶ ᠨᠠᠷᠢᠨ ᠨᠠᠶ᠋ᠢᠳᠠᠪᠤᠷᠢᠵᠢᠭᠤᠯᠵᠤ᠂ ᠢᠯᠠᠩᠭᠤᠶ᠎ᠠ ᠡᠮᠡᠭᠲᠡᠶ ᠨᠥᠬᠥᠳ᠎ᠤᠨ ᠵᠣᠪᠠᠭᠤᠷᠢ ᠵᠦᠳᠡᠭᠦᠷᠢ ᠵᠢ ᠲᠡᠰᠪᠦᠷᠢᠯᠡᠬᠦ᠂ ᠨᠠᠷᠢᠨ ᠬᠢᠨᠠᠮᠠᠭ᠋ᠠᠶ᠂ ᠳᠠᠬᠢᠨ ᠵᠶ᠋ᠠᠷ ᠢᠯᠡᠭᠦᠦ ᠴᠢᠷᠮᠠᠶ᠋ᠢᠬᠤ ᠵᠣᠷᠢᠭ ᠰᠠᠨᠠᠭ᠎ᠠ ᠪᠠ ᠡᠷᠴᠢ ᠵᠣᠷᠢᠭ᠎ᠢ ᠪᠠᠳᠠᠷᠠᠭᠤᠯᠵᠤ᠂ ᠤᠷᠳᠤ ᠬᠤᠭᠤᠴᠠᠭ᠎ᠠ᠎ᠪᠠᠷ ᠠᠵᠢᠯ ᠵᠶ᠋ᠠᠨ ᠬᠢᠵᠦ᠂ ᠰᠢᠷᠭ᠋ᠠᠭᠤ ᠬᠢᠴᠢᠶᠡᠩᠭᠦᠶ᠎ᠪᠠᠷ ᠬᠤᠪᠢ ᠨᠡᠮᠡᠷᠢ ᠦᠵᠡᠭᠦᠯᠵᠦ᠂ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠠᠷᠠᠳ ᠤᠯᠠᠨ᠎ᠤ ᠲᠤᠰᠬᠠᠯ ᠶᠡᠬᠡᠲᠡᠶ ᠲᠤᠪᠤᠢ᠍ᠢ᠍ᠮ᠎ᠠ ᠠᠰᠠᠭᠤᠳᠠᠯ᠎ᠢ ᠰᠢᠰᠲ᠋ᠧᠮ᠎ᠲᠠᠢ᠎ᠪᠠᠷ ᠰᠤᠳᠤᠯᠤᠨ ᠰᠦᠪᠡᠭᠴᠢᠯᠡᠵᠦ ᠰᠢᠢ᠍ᠳᠪᠦᠷᠢᠯᠡᠨ᠂ ᠲᠤᠬᠠᠶ᠋ᠢᠯᠠᠭᠰᠠᠨ ᠠᠵᠢᠯ᠎ᠤᠨ ᠪᠠᠶ᠋ᠢᠷᠢ᠎ᠳᠤ᠎ᠪᠠᠨ ᠰᠠᠭᠤᠷᠢᠯᠠᠨ ᠭᠠᠪᠢᠶ᠎ᠠ ᠪᠠᠶ᠋ᠢᠭᠤᠯᠤᠨ ᠦᠢ᠍ᠯᠡᠰ ᠪᠦᠲᠦᠭᠡᠵᠦ᠂ ᠤᠯᠤᠰ ᠣᠷᠣᠨ᠎ᠤ ᠤᠯᠤᠰ ᠲᠦᠷᠦ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠭᠰᠠᠨ ᠰᠢᠯᠢᠳᠡᠭ ᠬᠢᠷᠢ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠠᠯᠲᠠ᠎ᠲᠠᠢ᠎ᠪᠠᠷ ᠬᠤᠷᠠᠯᠳᠤᠬᠤ ᠵᠢ ᠤᠭᠲᠤᠬᠤ᠎ᠪᠠᠷ ᠴᠢᠷᠮᠠᠶ᠋ᠢᠬᠤ ᠬᠡᠷᠡᠭᠲᠡᠶ᠃ ᠰᠠᠶ᠋ᠢᠰᠢᠶᠠᠭᠳᠠᠭᠰᠠᠨ ᠨᠥᠬᠥᠳ ᠴᠦ᠍ ᠢᠷᠠᠭᠤ ᠠᠯᠳᠠᠷ ᠵᠶ᠋ᠠᠨ ᠨᠠᠨᠳᠢᠩᠨᠠᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠶ᠋ᠢᠵᠤ᠂ ᠠᠮᠵᠢᠯᠲᠠ᠎ᠪᠠᠨ ᠪᠠᠳᠠᠷᠠᠭᠤᠯᠤᠨ᠂ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠦᠯᠢᠭᠡᠷ ᠵᠢᠱ᠌ᠢᠶ᠎ᠡ ᠦᠵᠡᠭᠦᠯᠬᠦ᠂ ᠬᠥᠲᠥᠯᠥᠨ ᠳᠠᠭ᠋ᠠᠭᠤᠯᠬᠤ᠂ ᠳᠠᠶ᠋ᠢᠴᠢᠯᠠᠬᠤ ᠦᠢ᠍ᠯᠡᠳᠦᠯ ᠵᠶ᠋ᠠᠨ ᠨᠡᠩ ᠰᠠᠢ᠍ᠢ᠍ᠨ ᠪᠠᠳᠠᠷᠠᠭᠤᠯᠬᠤ ᠬᠡᠷᠡᠭᠲᠡᠶ᠃


                                          ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ
                                              2022 ᠣᠨ᠎ᠤ 3 ᠳ᠋ᠤᠭ᠋ᠠᠷ ᠰᠠᠷ᠎ᠠ ᠵᠢᠨ 7᠎ᠤ ᠡᠳᠦᠷ




      ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠮᠡᠭᠲᠡᠶ ᠠᠷᠠᠳ᠎ᠤᠨ ᠴᠠᠭᠳᠠᠭ᠎ᠠ ᠰᠠᠶ᠋ᠢᠰᠢᠶᠠᠭᠰᠠᠳ᠎ᠤᠨ ᠨᠡᠷᠡᠰ᠎ᠢ ᠮᠡᠳᠡᠭᠳᠡᠪᠡ


      ᠮᠠ ᠵᠧᠨ ᠫᠢᠩ  ᠪᠤᠭᠤᠲᠤ ᠬᠣᠲᠠ ᠵᠢᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠲᠤᠬᠠᠭ᠋ᠠᠯᠭ᠎ᠠ ᠵᠢᠨ ᠲᠣᠮᠢᠯᠠᠭᠰᠠᠨ ᠰᠠᠯᠪᠤᠷᠢ ᠵᠢᠨ ᠬᠣᠶᠠᠳᠤᠭ᠋ᠠᠷ ᠳᠡᠰ᠎ᠤᠨ ᠴᠠᠭᠳᠠᠭ᠋ᠠᠨ ᠳᠠᠷᠤᠭ᠎ᠠ
      ᠰᠢᠤᠢ ᠮᠢᠩ ᠵᠢᠩ  ᠬᠥᠯᠥᠨ ᠪᠣᠶ᠋ᠢᠷ ᠬᠣᠲᠠ ᠵᠢᠨ ᠶᠠᠭᠰᠢ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠬᠡ ᠠᠩᠭᠢ ᠵᠢᠨ ᠳᠡᠳ᠋ ᠳᠠᠷᠤᠭ᠎ᠠ
      ᠵᠠᠩ ᠯᠢ  ᠬᠢᠩᠭ᠋ᠠᠨ ᠠᠶ᠋ᠢᠮᠠᠭ᠎ᠤᠨ ᠵᠠᠯᠠᠶ᠋ᠢᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠣᠯᠪᠠᠰᠤᠷᠠᠯ᠎ᠤᠨ ᠲᠥᠪ᠎ᠤᠨ ᠡᠷᠬᠢᠯᠡᠭᠴᠢ
      ᠲᠠᠨ᠎ᠠ  ᠰᠢᠯᠢ ᠵᠢᠨ ᠭᠣᠤᠯ ᠠᠶ᠋ᠢᠮᠠᠭ᠎ᠤᠨ ᠡᠷᠢᠶᠡᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ᠎ᠤᠨ ᠭᠤᠷᠪᠠᠳᠤᠭ᠋ᠠᠷ ᠳᠡᠰ᠎ᠤᠨ ᠭᠣᠤᠯ ᠬᠠᠮᠢᠶᠠᠷᠤᠭᠴᠢ
      ᠵᠠᠩ ᠯᠢ ᠴᠢᠨ  ᠣᠷᠳᠣᠰ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠤ ᠠᠬᠤᠶ ᠵᠢᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠰᠠᠯᠪᠤᠷᠢ ᠠᠩᠭᠢ ᠵᠢᠨ ᠬᠣᠶᠠᠳᠤᠭ᠋ᠠᠷ ᠳᠡᠰ᠎ᠤᠨ ᠴᠠᠭᠳᠠᠭ᠋ᠠᠨ ᠳᠠᠷᠤᠭ᠎ᠠ
      ᠸᠠᠩ ᠬᠣᠶ  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠶᠡᠷᠦᠩᠬᠡᠶ ᠠᠩᠭᠢ ᠵᠢᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠰᠠᠯᠪᠤᠷᠢ ᠠᠩᠭᠢ ᠵᠢᠨ ᠳᠠᠷᠤᠭ᠎ᠠ
      ᠵᠠᠩ ᠢᠦᠶ ᠽᠢ  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠤᠷᠲᠤ ᠡᠳ᠋᠎ᠢ ᠴᠠᠭ᠋ᠠᠵᠠᠯᠠᠬᠤ ᠶᠡᠷᠦᠩᠬᠡᠶ ᠠᠩᠭᠢ ᠵᠢᠨ ᠬᠣᠤᠷᠲᠤ ᠡᠳ᠋᠎ᠢ ᠰᠢᠯᠭ᠋ᠠᠨ ᠪᠠᠶ᠋ᠢᠴᠠᠭ᠋ᠠᠵᠤ ᠬᠢᠨᠠᠨ ᠲᠣᠭᠲᠠᠭ᠋ᠠᠬᠤ ᠰᠠᠯᠪᠤᠷᠢ ᠠᠩᠭᠢ ᠵᠢᠨ ᠳᠡᠳ᠋ ᠳᠠᠷᠤᠭ᠎ᠠ
      ᠪᠠᠶ ᠰᠢᠶᠤᠤ ᠨᠠᠨ  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠢᠰᠬᠡᠯ᠎ᠤᠨ ᠪᠠᠭᠤᠳᠠᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠬᠥᠬᠡᠬᠣᠲᠠ ᠵᠢᠨ ᠨᠢᠰᠬᠡᠯ᠎ᠤᠨ ᠪᠠᠭᠤᠳᠠᠯ᠎ᠤᠨ ᠬᠤᠪᠢᠶᠠᠷᠢ ᠲᠣᠪᠴᠢᠶᠠᠨ᠎ᠤ ᠬᠣᠶᠠᠳᠤᠭ᠋ᠠᠷ ᠳᠡᠰ᠎ᠤᠨ ᠴᠠᠭᠳᠠᠭ᠋ᠠᠨ ᠳᠠᠷᠤᠭ᠎ᠠ
      ᠸᠠᠩ ᠹᠠᠩ  ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠺᠦᠳᠦ᠋ᠷ ᠬᠤᠪᠢᠶᠠᠷᠢ ᠲᠣᠪᠴᠢᠶ᠎ᠠ ᠵᠢᠨ ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠳᠥᠷᠪᠡᠳᠦᠭᠡᠷ ᠳᠡᠰ᠎ᠤᠨ ᠴᠠᠭᠳᠠᠭ᠋ᠠᠨ ᠳᠠᠷᠤᠭ᠎ᠠ
      ᠶᠢᠩ ᠵᠢᠶᠦ᠋ᠨ  ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠣᠲᠣᠭ᠋ᠠᠳᠤ ᠵᠢ ᠬᠠᠮᠠᠭ᠋ᠠᠯᠠᠬᠤ ᠬᠠᠮᠢᠶᠠᠷᠤᠯᠲᠠ ᠵᠢᠨ ᠰᠠᠯᠪᠤᠷᠢ ᠵᠢᠨ ᠨᠠᠷᠢᠨ ᠪᠢᠴᠢᠭᠡᠴᠢ ᠵᠢᠨ ᠵᠢᠭ᠋ᠠᠨ ᠰᠤᠳᠤᠯᠬᠤ ᠭᠠᠵᠠᠷ᠎ᠤᠨ ᠡᠷᠬᠢᠯᠡᠭᠴᠢ

 

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ