ᠢᠯᠡ ᠵᠠᠰᠠᠭ   -   ᠪᠢᠴᠢᠭ ᠮᠠᠲ᠋ᠧᠷᠢᠶᠠᠯ
ᠳᠣᠲᠣᠭ᠋ᠠᠳᠤ ᠵᠢ ᠬᠠᠮᠠᠭ᠋ᠠᠯᠠᠬᠤ ᠶᠠᠮᠤᠨ᠄ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠦᠨ᠎ᠡ!
ᠨᠡᠶ᠋ᠢᠲᠡᠯᠡᠭᠰᠡᠨ ᠴᠠᠭ᠄ 2022-03-08

     ᠳᠣᠲᠣᠭ᠋ᠠᠳᠤ ᠵᠢ ᠬᠠᠮᠠᠭ᠋ᠠᠯᠠᠬᠤ ᠶᠠᠮᠤᠨ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 12 ᠰᠠᠷ᠎ᠠ ᠵᠢᠨ 31᠎ᠤ ᠡᠳᠦᠷ ᠪᠣᠯᠲᠠᠯ᠎ᠠ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠬᠦ᠎ᠪᠠᠷ ᠲᠣᠭᠲᠠᠪᠠ᠃ 3 ᠰᠠᠷ᠎ᠠ ᠵᠢᠨ 2᠎ᠤᠨ ᠡᠳᠦᠷ ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢᠨ ᠲᠠᠢ᠍ᠢ᠍ᠴᠢᠯᠠᠯᠳᠠ ᠪᠠᠶ᠋ᠢᠷᠢᠯᠠᠭᠤᠯᠤᠯᠲᠠ ᠵᠢᠨ ᠲᠧᠯᠸᠢᠰ ᠤᠲᠠᠰᠤ ᠵᠢᠨ ᠬᠤᠷᠠᠯ ᠬᠤᠷᠠᠯᠳᠤᠭᠤᠯᠵᠤ᠂ ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠨᠠᠮ᠎ᠤᠨ ᠲᠥᠪ ᠬᠣᠷᠢᠶᠠᠨ᠎ᠤ ᠮᠡᠬᠡᠯᠡᠨ ᠬᠤᠳᠠᠯᠳᠤᠬᠤ ᠵᠢ ᠡᠰᠡᠷᠭᠦᠴᠡᠬᠦ ᠠᠵᠢᠯ᠎ᠤᠨ ᠲᠤᠬᠠᠢ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠳᠠᠷᠤᠢ ᠲᠦᠷᠭᠡᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠮᠡᠭᠲᠡᠶ᠋ᠢᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ᠂ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ ᠪᠣᠯᠤᠨ ᠨᠡᠶ᠋ᠢᠭᠡᠮ᠎ᠤᠨ ᠲᠣᠭᠲᠠᠭᠤᠨ᠎ᠢ ᠡᠷᠡᠰ ᠬᠠᠮᠠᠭ᠋ᠠᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠠᠵᠢᠯ᠎ᠢ ᠪᠠᠶ᠋ᠢᠷᠢᠯᠠᠭᠤᠯᠪᠠ᠃
      ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ᠂ ᠣᠳᠣᠬᠠᠨ᠎ᠤ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠵᠢᠨ ᠰᠢᠨ᠎ᠡ ᠪᠠᠶ᠋ᠢᠳᠠᠯ ᠰᠢᠨ᠎ᠡ ᠣᠨᠴᠠᠯᠢᠭ᠎ᠢ ᠭᠦᠨᠵᠡᠭᠡᠶ ᠲᠠᠨᠢᠵᠤ᠂ ᠬᠦᠴᠦᠲᠡᠶ ᠴᠣᠬᠢᠯᠲᠠ ᠥᠭᠴᠦ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠠᠪᠴᠤ᠂ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠡᠨᠡ ᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯᠭ᠋ᠠᠨ ᠠᠳᠬᠤᠵᠤ᠂ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠰᠢᠨ᠎ᠡ ᠥᠷᠨᠢᠯᠲᠡ ᠵᠢ ᠦᠳᠲᠡᠷ ᠲᠦᠷᠭᠡᠨ ᠪᠣᠢ ᠪᠣᠯᠭ᠋ᠠᠵᠤ᠂ ᠮᠡᠬᠡᠯᠡᠨ ᠬᠤᠳᠠᠯᠳᠤᠭᠰᠠᠨ ᠬᠡᠷᠡᠭ᠎ᠢ ᠲᠦᠷᠭᠡᠨ ᠲᠠᠩᠨᠠᠨ ᠲᠦᠷᠭᠡᠨ ᠢᠯᠡᠷᠡᠭᠦᠯᠵᠦ᠂ ᠮᠡᠬᠡᠯᠡᠨ ᠬᠤᠳᠠᠯᠳᠤᠭᠰᠠᠨ ᠳᠠᠷᠤᠭᠳᠠᠮᠠᠯ ᠬᠡᠷᠡᠭ᠎ᠢ ᠪᠦᠬᠦ ᠬᠦᠴᠦᠨ ᠵᠶ᠋ᠠᠷ ᠵᠶ᠋ᠠᠨ ᠲᠠᠩᠨᠠᠨ ᠢᠯᠡᠷᠡᠭᠦᠯᠵᠦ᠂ ᠨᠢᠭᠡ ᠪᠦᠯᠦᠭ ᠮᠡᠬᠡᠯᠡᠨ ᠬᠤᠳᠠᠯᠳᠤᠭᠰᠠᠨ ᠶᠠᠯᠠᠲᠤ ᠡᠲᠡᠭᠡᠳ᠎ᠢ ᠴᠢᠩᠭ᠎ᠠ ᠰᠢᠳᠬᠡᠵᠦ᠂ ᠨᠢᠭᠡ ᠪᠦᠯᠦᠭ ᠮᠡᠬᠡᠯᠡᠭᠳᠡᠭᠰᠡᠨ ᠡᠮᠡᠭᠲᠡᠶ᠋ᠢᠴᠦᠳ ᠬᠡᠦᠬᠡᠳ᠎ᠢ ᠠᠪᠤᠷᠠᠨ ᠭᠠᠷᠭ᠋ᠠᠵᠤ᠂ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠵᠢᠨ ᠡᠭᠦᠰᠬᠦ ᠬᠥᠷᠥᠰᠥ ᠰᠢᠷᠣᠶ ᠵᠢ ᠡᠷᠡᠰ ᠠᠷᠢᠯᠭ᠋ᠠᠵᠤ᠂ ᠰᠡᠷᠭᠡᠶ᠋ᠢᠯᠡᠬᠦ᠂ ᠴᠣᠬᠢᠯᠲᠠ ᠥᠭᠬᠦ᠂ ᠠᠪᠤᠷᠠᠨ ᠲᠤᠰᠠᠯᠠᠬᠤ᠂ ᠲᠥᠪᠬᠢᠨᠡᠭᠦᠯᠬᠦ ᠵᠢ ᠨᠢᠭᠡ ᠴᠣᠭᠴᠠᠵᠢᠭᠤᠯᠤᠭᠰᠠᠨ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃
      ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ᠂ ᠨᠢᠭᠡ ᠪᠦᠯᠦᠭ ᠰᠦᠪᠡᠭᠴᠢ ᠵᠢ ᠲᠥᠪᠯᠡᠷᠡᠭᠦᠯᠦᠨ ᠪᠠᠶ᠋ᠢᠴᠠᠭ᠋ᠠᠨ ᠵᠢᠭᠰᠠᠭ᠋ᠠᠬᠤ ᠬᠡᠷᠡᠭᠲᠡᠶ᠂ ᠢᠯᠠᠩᠭᠤᠶ᠎ᠠ ᠢᠷᠡᠯᠲᠡ᠎ᠨᠢ ᠲᠣᠳᠣᠷᠬᠠᠶ ᠥᠬᠡᠶ ᠲᠡᠨᠦᠭᠦᠯ ᠭᠤᠶ᠋ᠢᠷᠠᠨᠴᠢ᠂ ᠣᠶᠤᠨ᠎ᠤ ᠰᠠᠭ᠋ᠠᠳ᠂ ᠮᠡᠳᠡᠷᠡᠯ᠎ᠤᠨ ᠡᠪᠡᠳᠴᠢᠨ᠂ ᠳᠦᠯᠡᠶ ᠶᠠᠪᠠ ᠵᠡᠮᠳᠡᠭ ᠵᠡᠷᠭᠡ ᠡᠮᠡᠭᠲᠡᠶ᠋ᠢᠴᠦᠳ ᠬᠡᠦᠬᠡᠳ᠎ᠢ ᠪᠥᠬᠥ ᠲᠠᠯ᠎ᠠ᠎ᠪᠠᠷ ᠪᠠᠶ᠋ᠢᠴᠠᠭ᠋ᠠᠨ ᠵᠢᠭᠰᠠᠭ᠋ᠠᠵᠤ᠂ ᠰᠠᠭᠤᠷᠢ ᠲᠣᠭ᠎ᠠ᠎ᠨᠢ ᠲᠣᠳᠣᠷᠬᠠᠶ᠂ ᠪᠠᠶ᠋ᠢᠳᠠᠯ᠎ᠨᠢ ᠲᠣᠳᠣᠷᠬᠠᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ 《ᠦᠢ ᠲᠦᠮᠡᠨ ᠴᠠᠭᠳᠠᠭ᠎ᠠ ᠡᠷᠦᠬᠡ᠎ᠳᠤ ᠣᠷᠣᠬᠤ》 ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠨᠡᠶ᠋ᠢᠭᠡᠮ ᠲᠣᠭᠣᠷᠢᠭ᠂ ᠵᠡᠭᠡᠯᠢ ᠭᠤᠳᠤᠮᠵᠢ ᠪᠣᠯᠤᠨ ᠲᠣᠰᠬᠣᠨ᠎ᠤ ᠳᠤᠭᠤᠶ᠋ᠢᠯᠠᠩ᠎ᠲᠠᠢ ᠬᠠᠮᠲᠤᠷᠠᠨ ᠣᠯᠠᠨ ᠲᠦᠮᠡᠨ᠎ᠤ ᠬᠡᠷ ᠪᠦᠯᠢ᠎ᠳᠤ ᠭᠦᠨᠵᠡᠭᠡᠶ᠋ᠢᠷᠡᠵᠦ᠂ ᠠᠰᠠᠷᠠᠮᠵᠢ ᠵᠢᠨ ᠬᠦᠷᠢᠶᠡᠯᠡᠩ᠂ ᠠᠪᠤᠷᠠᠨ ᠲᠤᠰᠠᠯᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠡᠷᠭᠡ ᠵᠢ ᠡᠷᠬᠢᠨ ᠦᠵᠡᠵᠦ᠂ ᠡᠮᠡᠭᠲᠡᠶ᠋ᠢᠴᠦᠳ ᠬᠡᠦᠬᠡᠳ᠎ᠤᠨ ᠡᠷᠬᠡ ᠠᠰᠢᠭ᠎ᠲᠤ   ᠬᠠᠯᠳᠠᠭᠰᠠᠨ  ᠰᠦᠪᠡᠭᠴᠢ ᠵᠢ  ᠪᠥᠬᠥ  ᠲᠠᠯ᠎ᠠ ᠎ᠪᠠᠷ   ᠡᠮᠬᠢᠯᠡᠨ ᠪᠠᠶ᠋ᠢᠴᠠᠭ᠋ᠠᠵᠤ᠂ ᠮᠡᠬᠡᠯᠡᠭᠳᠡᠭᠰᠡᠨ ᠰᠡᠵᠢᠭᠯᠡᠯᠲᠡᠶ ᠬᠥᠮᠦᠰ᠎ᠢ ᠭᠤᠤᠯᠳᠠᠯᠭ᠎ᠠ᠎ᠲᠠᠢ ᠵᠢᠭᠰᠠᠭ᠋ᠠᠨ ᠪᠠᠶ᠋ᠢᠴᠠᠭ᠋ᠠᠵᠤ᠂ ᠠᠷᠠᠳ᠎ᠤᠨ ᠶᠠᠪᠤᠳᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠡᠭᠲᠡᠶ᠋ᠢᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ ᠡᠭᠦᠷᠭᠡ ᠴᠢᠳᠠᠪᠬᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠠᠰᠠᠷᠠᠮᠵᠢ ᠲᠤᠰᠠᠯᠠᠮᠵᠢ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠴᠢᠯᠡᠭᠡ᠂ ᠰᠤᠷᠪᠤᠯᠵᠢᠯᠠᠨ ᠲᠣᠬᠣᠨᠢᠭᠤᠯᠬᠤ ᠵᠡᠷᠭᠡ ᠠᠵᠢᠯ᠎ᠤᠨ ᠳᠤᠮᠳᠠ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠴᠠᠭ ᠲᠤᠬᠠᠶ᠎ᠳᠤ᠎ᠨᠢ ᠢᠯᠡᠷᠡᠭᠦᠯᠬᠦ ᠬᠡᠷᠡᠭᠲᠡᠶ᠃ ᠢᠯᠡᠴᠢᠯᠡᠨ ᠮᠡᠳᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠣᠯᠠᠨ ᠲᠦᠮᠡᠨ᠎ᠢ ᠥᠷᠭᠡᠨ ᠵᠶ᠋ᠠᠷ ᠳᠠᠶ᠋ᠢᠴᠢᠯᠠᠨ ᠮᠡᠬᠡᠯᠡᠨ ᠬᠤᠳᠠᠯᠳᠤᠬᠤ᠎ᠳᠤ ᠬᠣᠯᠪᠣᠭᠳᠠᠭᠰᠠᠨ ᠰᠦᠪᠡᠭᠴᠢ ᠵᠢ ᠢᠯᠡᠴᠢᠯᠡᠨ ᠮᠡᠳᠡᠭᠦᠯᠬᠦ ᠬᠡᠷᠡᠭᠲᠡᠶ᠃ ᠮᠡᠬᠡᠯᠡᠭᠳᠡᠭᠰᠡᠨ ᠰᠡᠵᠢᠭᠯᠡᠯᠲᠡᠶ ᠬᠥᠮᠦᠰ ᠪᠠ ᠲᠥᠷᠥᠯ ᠰᠠᠳᠤᠨ ᠵᠶ᠋ᠠᠨ ᠡᠷᠢᠬᠦ ᠬᠥᠮᠦᠰ᠎ᠲᠤ ᠲᠡᠷᠡ ᠳᠠᠷᠤᠶ᠎ᠳᠤ᠎ᠨᠢ DNA ᠵᠡᠷᠭᠡ ᠮᠡᠳᠡᠭᠡ ᠵᠠᠩᠭᠢ ᠴᠤᠭᠯᠠᠭᠤᠯᠵᠤ᠂ ᠮᠡᠳᠡᠭᠡ ᠵᠠᠩᠭᠢ ᠵᠢ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠲᠤᠰᠬᠠᠶ ᠠᠵᠢᠯᠯᠠᠭ᠎ᠠ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
      ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ᠂ ᠵᠠᠮ ᠨᠡᠭᠡᠭᠡᠵᠦ᠂ ᠪᠦᠬᠦ ᠴᠠᠭᠳᠠᠭ᠎ᠠ ᠵᠢ ᠳᠠᠶ᠋ᠢᠴᠢᠯᠠᠨ᠂ ᠨᠢᠭᠡ ᠪᠦᠯᠦᠭ ᠬᠡᠷᠡᠭ᠎ᠢ ᠲᠥᠪᠯᠡᠷᠡᠭᠦᠯᠦᠨ ᠳᠡᠩᠨᠡᠨ ᠢᠯᠡᠷᠡᠭᠦᠯᠬᠦ ᠬᠡᠷᠡᠭᠲᠡᠶ᠃ ᠬᠡᠷᠡᠭ᠎ᠢ ᠲᠦᠷᠭᠡᠨ ᠢᠯᠡᠷᠡᠭᠦᠯᠵᠦ᠂ ᠠᠯᠠᠭ᠎ᠠ ᠪᠣᠯᠤᠭᠰᠠᠨ ᠨᠠᠰᠤᠨ᠎ᠳᠤ ᠦᠯᠦ ᠬᠦᠷᠦᠭᠰᠡᠳ᠂ ᠮᠡᠬᠡᠯᠡᠭᠳᠡᠨ ᠬᠤᠳᠠᠯᠳᠤᠭᠳᠠᠭᠰᠠᠨ ᠬᠣᠣᠷ ᠬᠥᠨᠥᠭᠡᠯ᠎ᠳᠤ ᠤᠴᠠᠷᠠᠭᠰᠠᠨ ᠰᠡᠵᠢᠭᠯᠡᠯᠲᠡᠢ ᠡᠮᠡᠭᠲᠡᠶ᠋ᠢᠴᠦᠳ᠎ᠲᠤ ᠲᠦᠷᠭᠡᠨ ᠪᠠᠶ᠋ᠢᠴᠠᠭ᠋ᠠᠨ ᠡᠷᠢᠬᠦ ᠲᠣᠭᠲᠠᠴᠠ ᠵᠢ ᠳᠠᠷᠤᠢ ᠲᠦᠷᠭᠡᠨ ᠡᠬᠢᠯᠡᠭᠦᠯᠵᠦ᠂ ᠮᠡᠬᠡᠯᠡᠨ ᠬᠤᠳᠠᠯᠳᠤᠭᠰᠠᠨ ᠬᠡᠷᠡᠭ ᠵᠶ᠋ᠠᠷ ᠨᠤᠲᠠᠯᠠᠭᠳᠠᠭᠰᠠᠨ ᠪᠠᠶ᠋ᠢᠪᠠᠯ 《ᠨᠢᠭᠡ ᠤᠷᠲᠤ ᠬᠤᠭᠤᠴᠠᠭ᠎ᠠ ᠭᠤᠷᠪᠠᠨ ᠳᠠᠭ᠋ᠠᠭ᠋ᠠᠴᠢᠯᠠᠯᠲᠠ》 ᠵᠢᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠡᠷᠡᠭ᠎ᠢ ᠪᠦᠬᠦᠨ᠎ᠢ ᠢᠯᠡᠷᠡᠭᠦᠯᠵᠦ᠂ ᠬᠡᠦᠬᠡᠳ᠎ᠢ ᠬᠤᠯᠠᠭ᠋ᠠᠶ᠋ᠢᠯᠠᠨ ᠳᠡᠭᠡᠷᠡᠮᠳᠡᠭᠰᠡᠨ ᠬᠡᠷᠡᠭ᠎ᠢ ᠵᠠᠪᠠᠯ ᠢᠯᠡᠷᠡᠭᠦᠯᠬᠦ᠎ᠪᠠᠷ ᠴᠢᠷᠮᠠᠶ᠋ᠢᠬᠤ ᠬᠡᠷᠡᠭᠲᠡᠢ᠃ ᠳᠠᠷᠤᠭᠳᠠᠮᠠᠯ ᠬᠡᠷᠡᠭ᠎ᠢ ᠤᠯᠠᠨ ᠢᠯᠡᠷᠡᠭᠦᠯᠵᠦ᠂ ᠬᠡᠦᠬᠡᠳ᠎ᠢ ᠮᠡᠬᠡᠯᠡᠨ ᠬᠤᠳᠠᠯᠳᠤᠬᠤ ᠳᠠᠷᠤᠭᠳᠠᠮᠠᠯ ᠬᠡᠷᠡᠭ᠎ᠢ ᠪᠠᠶ᠋ᠢᠩᠭᠤ ᠳᠡᠩᠨᠡᠨ ᠢᠯᠡᠷᠡᠭᠦᠯᠬᠦ ᠵᠢᠨ ᠬᠠᠮᠲᠤ ᠡᠮᠡᠭᠲᠡᠶ᠋ᠢᠴᠦᠳ᠎ᠢ ᠮᠡᠬᠡᠯᠡᠨ ᠬᠤᠳᠠᠯᠳᠤᠬᠤ ᠳᠠᠷᠤᠭᠳᠠᠮᠠᠯ ᠬᠡᠷᠡᠭ᠎ᠢ ᠭᠣᠣᠯᠳᠠᠯᠭ᠎ᠠ᠎ᠲᠠᠢ᠎ᠪᠠᠷ ᠰᠢᠪᠲᠤᠯᠵᠤ᠂ ᠪᠦᠬᠦ ᠬᠦᠴᠦᠨ ᠵᠶ᠋ᠠᠷ ᠵᠣᠬᠢᠶᠠᠨ ᠪᠠᠶ᠋ᠢᠭᠤᠯᠤᠨ ᠪᠣᠭᠣᠮᠲᠠ ᠰᠢᠪᠲᠤᠯᠬᠤ ᠬᠡᠷᠡᠭᠲᠡᠢ᠃ ᠶᠡᠬᠡ ᠬᠡᠷᠡᠭ᠎ᠢ ᠰᠢᠪᠠᠳᠠᠨ ᠰᠢᠢ᠍ᠳᠪᠦᠷᠢᠯᠡᠭᠦᠯᠬᠦ ᠬᠡᠷᠡᠭᠲᠡᠢ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠨᠢᠭᠡ ᠪᠦᠯᠦᠭ ᠤᠳᠠᠲᠠᠯ᠎ᠠ ᠢᠯᠡᠷᠡᠭᠦᠯᠦᠭᠡᠳᠦᠢ᠂ ᠨᠥᠯᠥᠭᠡ ᠮᠠᠭᠤᠲᠠᠢ ᠬᠦᠨᠳᠦ ᠶᠡᠬᠡ ᠬᠡᠷᠡᠭ᠎ᠢ ᠫᠠᠶ᠋ᠢᠰᠠ ᠡᠯᠭᠦᠨ ᠰᠢᠪᠠᠳᠠᠨ ᠰᠢᠢ᠍ᠳᠪᠦᠷᠢᠯᠡᠭᠦᠯᠬᠦ ᠬᠡᠷᠡᠭᠲᠡᠢ᠃ ᠣᠷᠭᠣᠳᠤᠤᠯ ᠬᠡᠷᠡᠭᠲᠡᠨ᠎ᠢ ᠨᠡᠬᠡᠮᠵᠢᠯᠡᠨ ᠪᠠᠷᠢᠪᠴᠢᠯᠠᠵᠤ᠂ ᠨᠡᠬᠡᠮᠵᠢᠯᠡᠨ ᠪᠠᠷᠢᠪᠴᠢᠯᠠᠬᠤ ᠵᠠᠷᠯᠠᠯ᠎ᠢ ᠲᠥᠪᠯᠡᠷᠡᠭᠦᠯᠦᠨ ᠨᠡᠶ᠋ᠢᠲᠡᠯᠡᠵᠦ᠂ ᠨᠡᠬᠡᠮᠵᠢᠯᠡᠨ ᠪᠠᠷᠢᠪᠴᠢᠯᠠᠬᠤ ᠵᠢ ᠪᠥᠬᠥ ᠬᠦᠴᠦᠨ ᠵᠶ᠋ᠠᠷ ᠥᠷᠨᠢᠭᠦᠯᠦᠨ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠎ᠲᠠᠢ ᠬᠠᠮᠲᠤᠷᠠᠨ ᠵᠠᠷᠯᠠᠯ ᠨᠡᠶ᠋ᠢᠲᠡᠯᠡᠵᠦ᠂ ᠶᠠᠯ᠎ᠠ ᠬᠢᠭᠰᠡᠨ ᠰᠡᠵᠢᠭᠳᠡᠨ᠎ᠢ ᠮᠡᠬᠡᠯᠡᠨ ᠬᠤᠳᠠᠯᠳᠤᠵᠤ ᠬᠡᠷᠡᠭ ᠵᠶ᠋ᠠᠨ ᠮᠡᠳᠡᠷᠡᠵᠦ ᠪᠡᠶ᠎ᠡ᠎ᠪᠠᠨ ᠲᠤᠰᠢᠶᠠᠬᠤ ᠵᠢ ᠰᠢᠪᠠᠳᠠᠬᠤ ᠬᠡᠷᠡᠭᠲᠡᠶ᠃ ᠡᠷᠡᠭᠦᠦ ᠵᠢᠨ ᠬᠡᠷᠡᠭ᠎ᠤᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠬᠠᠮᠲᠤᠷᠠᠭᠰᠠᠨ ᠳᠠᠶ᠋ᠢᠯᠠᠯᠳᠤᠭ᠋ᠠᠨ᠎ᠢ ᠥᠷᠨᠢᠭᠦᠯᠵᠦ᠂ ᠨᠢᠭᠡ ᠪᠦᠯᠦᠭ ᠮᠡᠬᠡᠯᠡᠭᠳᠡᠨ ᠬᠤᠳᠠᠯᠳᠤᠭᠳᠠᠭᠰᠠᠨ ᠡᠮᠡᠭᠲᠡᠶ᠋ᠢᠴᠦᠳ ᠬᠡᠦᠬᠡᠳ᠎ᠢ ᠲᠥᠪᠯᠡᠷᠡᠭᠦᠯᠦᠨ ᠡᠷᠢᠵᠦ ᠠᠪᠤᠷᠠᠬᠤ ᠬᠡᠷᠡᠭᠲᠡᠢ᠃ ᠮᠡᠬᠡᠯᠡᠨ ᠬᠤᠳᠠᠯᠳᠤᠬᠤ ᠵᠢ ᠡᠰᠡᠷᠭᠦᠴᠡᠬᠦ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠮᠡᠬᠡᠯᠡᠭᠳᠡᠨ ᠬᠤᠳᠠᠯᠳᠤᠭᠳᠠᠭᠰᠠᠨ ᠡᠮᠡᠭᠲᠡᠶ᠋ᠢᠴᠦᠳ ᠬᠡᠦᠬᠡᠳ᠎ᠢ  ᠡᠷᠡᠭᠦᠯᠵᠢᠭᠦᠯᠦᠨ   ᠲᠥᠪᠬᠢᠨᠡᠭᠦᠯᠬᠦ  ᠂  ᠬᠠᠯᠠᠮᠵᠢᠯᠠᠨ  ᠬᠠᠶ᠋ᠢᠷᠠᠯᠠᠵᠤ  ᠬᠠᠪᠰᠤᠷᠤᠨ ᠲᠡᠳᠬᠦᠬᠦ᠂ ᠬᠤᠪᠢ ᠵᠢᠨ ᠨᠢᠭᠤᠴᠠ ᠵᠢ᠎ᠨᠢ ᠬᠠᠮᠠᠭ᠋ᠠᠯᠠᠬᠤ᠎ᠪᠠᠨ ᠴᠢᠩᠭ᠋ᠠᠳᠬᠠᠵᠤ᠂ ᠲᠡᠳᠡᠨ᠎ᠢ ᠬᠠᠪᠰᠤᠷᠤᠨ ᠭᠡᠷ ᠪᠦᠯᠢ᠎ᠳᠤ᠎ᠨᠢ ᠤᠷᠤᠭᠰᠢᠲᠠᠶ ᠡᠭᠡᠭᠦᠯᠵᠦ᠂ ᠨᠡᠶ᠋ᠢᠭᠡᠮ᠎ᠳᠤ ᠠᠭᠤᠰᠤᠯᠴᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃
      ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ᠂ ᠵᠣᠬᠢᠶᠠᠨ ᠪᠠᠶ᠋ᠢᠭᠤᠯᠵᠤ ᠤᠳᠤᠷᠢᠳᠬᠤ ᠎ᠪᠠᠨ   ᠴᠢᠩᠭ᠋ᠠᠳᠬᠠᠵᠤ  ᠂  ᠬᠠᠮᠵᠢᠯᠴᠠᠨ  ᠬᠠᠮᠲᠤᠷᠠᠯᠴᠠᠬᠤ ᠎ᠪᠠᠨ ᠴᠢᠩᠭ᠋ᠠᠳᠬᠠᠵᠤ᠂ ᠠᠵᠢᠯ᠎ᠤᠨ ᠪᠦᠬᠦ ᠬᠦᠴᠦᠨ᠎ᠢ ᠪᠦᠷᠢᠯᠳᠦᠭᠦᠯᠵᠦ᠂ ᠲᠤᠰᠬᠠᠢ ᠠᠵᠢᠯᠯᠠᠭ᠎ᠠ ᠵᠢᠨ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠶᠡᠷᠦᠩᠬᠡᠶ᠋ᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠵᠢᠨ ᠡᠭᠦᠰᠦᠨ ᠳᠡᠯᠭᠡᠷᠡᠬᠦ ᠬᠥᠷᠥᠰᠥ ᠰᠢᠷᠣᠢ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠠᠷᠢᠯᠭ᠋ᠠᠬᠤ ᠬᠡᠷᠡᠭᠲᠡᠢ᠃ ᠤᠬᠠᠭᠤᠯᠤᠨ ᠳᠠᠶ᠋ᠢᠴᠢᠯᠠᠬᠤ᠎ᠪᠠᠨ ᠴᠢᠩᠭ᠋ᠠᠳᠬᠠᠵᠤ᠂ ᠮᠡᠬᠡᠯᠡᠨ ᠬᠤᠳᠠᠯᠳᠤᠬᠤ ᠵᠢ ᠡᠰᠡᠷᠭᠦᠴᠡᠬᠦ ᠤᠬᠠᠭᠤᠯᠭ᠎ᠠ ᠵᠢ ᠨᠡᠶ᠋ᠢᠭᠡᠮ ᠲᠣᠭᠣᠷᠢᠭ᠂ ᠰᠤᠷᠭ᠋ᠠᠭᠤᠯᠢ᠂ ᠠᠵᠤ ᠠᠬᠤᠶ᠋ᠢᠯᠠᠯ᠂ ᠭᠡᠷ ᠪᠦᠯᠢ᠎ᠳᠤ ᠣᠷᠣᠭᠤᠯᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠪᠦᠬᠦ ᠠᠷᠠᠳ᠎ᠤᠨ ᠮᠡᠬᠡᠯᠡᠨ ᠬᠤᠳᠠᠯᠳᠤᠬᠤ ᠵᠢ ᠡᠰᠡᠷᠭᠦᠴᠡᠬᠦ ᠠᠮᠤᠷ ᠲᠦᠪᠰᠢᠨ᠎ᠤ ᠦᠵᠡᠯ ᠤᠬᠠᠮᠰᠠᠷ᠎ᠢ ᠦᠨᠡᠨ ᠬᠦ᠌ ᠨᠡᠮᠡᠭᠳᠡᠭᠦᠯᠵᠦ᠂ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
      ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠪᠥᠬᠥ ᠤᠯᠤᠰ᠎ᠤᠨ ᠡᠮᠡᠭᠲᠡᠶ᠋ᠢᠴᠦᠳ᠎ᠤᠨ ᠬᠣᠯᠪᠣᠭ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠮᠡᠬᠡᠯᠡᠨ ᠬᠤᠳᠠᠯᠳᠤᠬᠤ᠎ᠳᠤ ᠬᠤᠤᠷ  ᠠᠮᠰᠠᠭᠴᠢ ᠵᠢ   ᠠᠪᠤᠷᠠᠨ  ᠲᠤᠰᠠᠯᠠᠬᠤ ᠂ ᠲᠥᠪᠬᠢᠨᠡᠭᠦᠯᠬᠦ᠂ ᠬᠠᠯᠠᠮᠵᠢᠯᠠᠨ ᠬᠠᠶ᠋ᠢᠷᠠᠯᠠᠬᠤ ᠵᠡᠷᠭᠡ ᠠᠵᠢᠯ᠎ᠤᠨ ᠱᠠᠭ᠋ᠠᠷᠳᠠᠯᠭ᠎ᠠ ᠳᠤᠷᠠᠳᠪᠠ᠃
      ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠲᠠᠨᠢᠯᠴᠠᠭᠤᠯᠬᠤ᠎ᠳᠤ᠎ᠪᠠᠨ᠂ ᠣᠶ᠋ᠢᠷ᠎ᠠ ᠵᠢᠨ ᠵᠢᠯ᠎ᠳᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠬᠡᠯᠡᠨ ᠬᠤᠳᠠᠯᠳᠤᠬᠤ ᠵᠢ ᠡᠰᠡᠷᠭᠦᠴᠡᠬᠦ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠮᠡᠬᠡᠯᠡᠨ ᠬᠤᠳᠠᠯᠳᠤᠬᠤ ᠵᠢ ᠡᠰᠡᠷᠭᠦᠴᠡᠬᠦ ᠠᠵᠢᠯ᠎ᠢ ᠭᠦᠨᠵᠡᠭᠡᠶ ᠳᠥᠯᠭᠢᠨ ᠠᠬᠢᠭᠤᠯᠵᠤ᠂ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠵᠢ ᠪᠦᠲᠦᠮᠵᠢᠲᠡᠶ ᠬᠣᠷᠢᠭᠯᠠᠪᠠ᠃ 2021 ᠣᠨ᠎ᠳᠤ᠂ ᠪᠥᠬᠥ ᠤᠯᠤᠰ᠎ᠤᠨ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠭᠰᠠᠨ ᠬᠡᠷᠡᠭ᠎ᠢ 2013 ᠣᠨ᠎ᠤ᠎ᠬᠢ᠎ᠲᠠᠢ ᠬᠠᠷᠢᠴᠠᠭᠤᠯᠪᠠᠯ᠂ ᠪᠠᠭᠤᠷᠠᠯᠲᠠ ᠵᠢᠨ ᠬᠡᠮᠵᠢᠶ᠎ᠡ᠎ᠨᠢ 88 . 3 %᠎ᠳᠤ ᠬᠦᠷᠴᠡᠶ᠂ ᠡᠭᠦᠨ᠎ᠳᠤ ᠣᠯᠠᠨ ᠲᠦᠮᠡᠨ᠎ᠤ ᠳᠡᠭᠡᠳᠦ ᠬᠡᠮᠵᠢᠶ᠎ᠡ᠎ᠪᠠᠷ ᠠᠩᠬᠠᠷᠴᠤ ᠪᠠᠶ᠋ᠢᠭ᠎ᠠ ᠬᠡᠦᠬᠡᠳ ᠬᠤᠯᠠᠭ᠋ᠠᠶ᠋ᠢᠯᠠᠭᠰᠠᠨ ᠬᠡᠷᠡᠭ᠎ᠢ ᠣᠳᠣᠬᠠᠨ᠎ᠳᠤ ᠬᠡᠷᠡᠭ ᠪᠣᠯᠭ᠋ᠠᠨ ᠳᠠᠩᠰᠠᠯᠠᠭᠰᠠᠨ ᠲᠣᠭ᠎ᠠ᠎ᠨᠢ 20 ᠬᠥᠷᠬᠥ ᠥᠬᠡᠶ᠃ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠵᠢᠨ ᠣᠷᠭᠢᠯ᠎ᠤᠨ ᠬᠤᠭᠤᠴᠠᠭ᠎ᠠ᠎ᠨᠢ ᠳᠡᠭᠡᠷ᠎ᠡ ᠵᠠᠭᠤᠨ᠎ᠤ ᠨᠠᠶᠠ ᠶᠡᠷᠡᠭᠡᠳ ᠣᠨ᠎ᠳᠤ ᠲᠥᠪᠯᠡᠷᠡᠵᠦ᠂ ᠣᠯᠠᠨ ᠵᠦᠢ᠍ᠯ᠎ᠤᠨ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠤ᠂ ᠣᠳᠣᠬᠠᠨ᠎ᠳᠤ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠡᠭᠦᠰᠬᠦ ᠬᠥᠷᠥᠰᠥ ᠰᠢᠷᠣᠶ ᠵᠢ ᠬᠠᠷᠠᠬᠠᠨ ᠪᠦᠷᠢᠮᠦᠰᠦᠨ ᠠᠷᠢᠯᠭ᠋ᠠᠭ᠋ᠠᠳᠤᠶ᠂ ᠪᠠᠰᠠ ᠨᠢᠭᠡ ᠪᠦᠯᠦᠭ ᠳᠠᠷᠤᠭᠳᠠᠮᠠᠯ ᠬᠡᠷᠡᠭ᠎ᠢ ᠲᠠᠩᠨᠠᠨ ᠢᠯᠡᠷᠡᠭᠦᠯᠦᠭᠡᠳᠦᠶ᠂ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠵᠢᠨ ᠪᠠᠶ᠋ᠢᠳᠠᠯ ᠮᠥᠨ ᠬᠦ᠌ ᠲᠡᠶ᠋ᠢᠮᠦ ᠰᠠᠶ᠋ᠢᠨ ᠪᠢᠰᠢ ᠪᠠᠶ᠋ᠢᠵᠤ᠂ ᠰᠡᠷᠭᠡᠶ᠋ᠢᠯᠡᠬᠦ᠂ ᠢᠯᠡᠷᠡᠭᠦᠯᠬᠦ᠂ ᠴᠣᠬᠢᠯᠲᠠ ᠥᠭᠬᠦ᠂ ᠠᠪᠤᠷᠠᠬᠤ᠂ ᠲᠥᠪᠬᠢᠨᠡᠭᠦᠯᠬᠦ ᠵᠡᠷᠭᠡ ᠠᠵᠢᠯ᠎ᠤᠨ ᠲᠣᠭᠲᠠᠴᠠ ᠬᠠᠷᠠᠬᠠᠨ ᠲᠡᠭᠦᠯᠳᠡᠷᠵᠢᠭᠡᠳᠦᠶ᠂ ᠴᠣᠬᠢᠯᠲᠠ ᠥᠭᠴᠦ ᠵᠠᠰᠠᠬᠤ ᠠᠵᠢᠯ᠎ᠤᠨ ᠡᠭᠦᠷᠭᠡ ᠬᠦᠨᠳᠦ ᠵᠠᠮ ᠬᠣᠯᠠ ᠪᠠᠶ᠋ᠢᠭᠰᠠᠭ᠋ᠠᠷ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠨᠢᠭᠡᠨᠲᠡ ᠡᠮᠡᠭᠲᠡᠶ᠋ᠢᠴᠦᠳ ᠬᠡᠦᠬᠡᠳ᠎ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠢ ᠲᠦᠷᠦᠭᠦᠯᠡᠨ ᠪᠠᠶ᠋ᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠡᠭᠦᠷᠭᠡ ᠴᠢᠳᠠᠪᠬᠢ ᠵᠢᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠲᠤᠰᠬᠠᠢ ᠠᠵᠢᠯᠯᠠᠭ᠎ᠠ ᠵᠢ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠤᠰᠬᠠᠢ ᠠᠵᠢᠯᠯᠠᠭ᠎ᠠ ᠵᠢᠨ ᠨᠡᠷ᠎ᠡ ᠬᠦᠨᠳᠦ᠎ᠲᠠᠢ᠂ ᠪᠣᠳᠠᠲᠤ ᠦᠷ᠎ᠡ ᠪᠦᠲᠦᠮᠵᠢᠲᠡᠢ ᠪᠠᠶ᠋ᠢᠬᠤ ᠵᠢ ᠪᠠᠲᠤᠯᠠᠵᠤ᠂ ᠡᠮᠡᠭᠲᠡᠶ᠋ᠢᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠡᠷᠡᠰ ᠬᠠᠮᠠᠭ᠋ᠠᠯᠠᠨ᠎ᠠ᠃

 

ᠢᠷᠡᠯᠲᠡ᠄ ᠳᠣᠲᠣᠭ᠋ᠠᠳᠤ ᠵᠢ ᠬᠠᠮᠠᠭ᠋ᠠᠯᠠᠬᠤ ᠶᠠᠮᠤᠨ