ᠢᠯᠡ ᠵᠠᠰᠠᠭ   -   ᠪᠢᠴᠢᠭ ᠮᠠᠲ᠋ᠧᠷᠢᠶᠠᠯ
ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ᠎ᠳᠤ ᠲᠣᠳᠤᠷ᠎ᠠ ᠭᠠᠵᠠᠷ᠎ᠤᠨ ᠬᠤᠲᠠ᠎ᠠᠴᠠ ᠰᠢᠶᠠᠩᠭ᠋ᠠᠩ ᠣᠣᠮᠧᠨ᠎ᠳᠤ ᠣᠴᠢᠵᠤ ᠢᠷᠡᠬᠦ ᠴᠢᠳᠠᠪᠤᠷᠢᠲᠠᠨ᠎ᠤ ᠴᠤᠬᠤᠯᠠᠪᠤᠷᠢᠯᠠᠬᠤ ᠲᠥᠷᠥ ᠵᠢᠨ ᠪᠣᠳᠣᠯᠭ᠎ᠠ ᠵᠢ ᠲᠤᠷᠰᠢᠨ ᠬᠡᠷᠡᠭᠵᠢᠭᠦᠯᠬᠦ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2023-03-07

        ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠠᠵᠢᠯᠯᠠᠭ᠎ᠠ ᠬᠢᠬᠦ᠎ᠳᠤ ᠲᠥᠬᠦᠮ ᠦᠵᠡᠭᠦᠯᠬᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠪᠥᠲᠥᠭᠡᠨ ᠪᠠᠶ᠋ᠢᠭᠤᠯᠤᠯᠲᠠ ᠬᠥᠭᠵᠢᠯᠲᠡ᠎ᠳᠤ ᠦᠢ᠍ᠯᠡᠴᠢᠯᠡᠬᠦ ᠵᠢ ᠠᠬᠢᠭᠤᠯᠬᠤ ᠵᠢᠨ ᠲᠥᠯᠥᠭᠡ᠂ 2023 ᠣᠨ᠎ᠤ 2 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠬᠢᠯᠡᠨ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ᠎ᠳᠤ ᠲᠣᠳᠤᠷ᠎ᠠ ᠭᠠᠵᠠᠷ᠎ᠤᠨ ᠬᠤᠲᠠ᠎ᠠᠴᠠ ᠰᠢᠶᠠᠩᠭ᠋ᠠᠩ ᠣᠣᠮᠧᠨ᠎ᠳᠤ ᠢᠷᠡᠵᠦ ᠶᠠᠪᠤᠬᠤ ᠴᠢᠳᠠᠪᠤᠷᠢᠲᠠᠨ᠎ᠤ ᠴᠤᠬᠤᠯᠠᠪᠤᠷᠢᠯᠠᠬᠤ ᠲᠥᠷᠥ ᠵᠢᠨ ᠪᠣᠳᠣᠯᠭ᠎ᠠ ᠵᠢ ᠲᠤᠷᠰᠢᠨ ᠬᠡᠷᠡᠭᠵᠢᠭᠦᠯᠬᠦ᠎ᠪᠠᠷ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠢᠨ ᠲᠣᠪᠴᠢᠶ᠎ᠠ᠎ᠠᠴᠠ ᠲᠣᠭᠲᠠᠭ᠋ᠠᠪᠠ᠃ ᠤᠳᠤ ᠳᠣᠣᠷᠠᠬᠢ ᠮᠡᠲᠦ ᠵᠠᠷᠯᠠᠶ᠎ᠠ᠄

     ᠨᠢᠭᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠤᠨ᠎ᠳᠤ ᠠᠵᠢᠯᠯᠠᠵᠤ ᠪᠠᠶ᠋ᠢᠭ᠎ᠠ ᠳᠣᠲᠣᠷ ᠭᠠᠵᠠᠷ᠎ᠤᠨ 6 ᠲᠥᠷᠥᠯ᠎ᠤᠨ ᠴᠢᠳᠠᠪᠤᠷᠢᠲᠠᠨ ᠰᠢᠶᠠᠩᠭ᠋ᠠᠩ ᠣᠣᠮᠧᠨ᠎ᠳᠤ ᠢᠷᠡᠵᠦ ᠶᠠᠪᠤᠬᠤ ᠴᠢᠳᠠᠪᠤᠷᠢᠲᠠᠨ᠎ᠤ ᠴᠣᠬᠤᠯᠠᠪᠤᠷᠢ ᠵᠢ ᠭᠤᠶᠤᠴᠢᠯᠠᠵᠤ ᠪᠣᠯᠤᠨ᠎ᠠ᠂ 6 ᠲᠥᠷᠥᠯ᠎ᠤᠨ ᠴᠢᠳᠠᠪᠤᠷᠢᠲᠠᠨ᠎ᠳᠤ᠄ ᠭᠠᠷᠮᠠᠭ᠋ᠠᠶ ᠴᠢᠳᠠᠪᠤᠷᠢᠲᠠᠨ᠂ ᠲᠤᠬᠠᠶ᠋ᠢᠯᠠᠪᠠᠯ ᠪᠤᠯᠤᠩ᠎ᠤᠨ ᠣᠷᠤᠨ᠎ᠤ ᠪᠥᠲᠥᠭᠡᠨ ᠪᠠᠶ᠋ᠢᠭᠤᠯᠤᠯᠲᠠ ᠬᠥᠭᠵᠢᠯᠲᠡ᠎ᠳᠤ ᠴᠢᠬᠤᠯᠠ ᠶᠡᠭᠡ ᠲᠣᠪᠤᠶ᠋ᠢᠮ᠎ᠠ ᠬᠤᠪᠢ ᠨᠡᠮᠡᠷᠢ ᠦᠵᠡᠭᠦᠯᠦᠭᠰᠡᠨ ᠪᠤᠶᠤ ᠪᠤᠯᠤᠩ᠎ᠤᠨ ᠣᠷᠤᠨ᠎ᠳᠤ ᠪᠠᠴᠢᠮ ᠬᠡᠷᠡᠭᠴᠡᠭᠡ᠎ᠲᠠᠢ ᠣᠷᠦ᠋ᠢ᠍ᠯᠠᠵᠤ ᠪᠠᠶ᠋ᠢᠭ᠎ᠠ ᠴᠢᠳᠠᠪᠤᠷᠢᠲᠠᠨ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠲᠠᠨ᠂ ᠲᠤᠬᠠᠶ᠋ᠢᠯᠠᠪᠠᠯ ᠪᠣᠯᠤᠩ᠎ᠤᠨ ᠣᠷᠤᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠳᠡᠳ᠋ ᠳᠡᠭᠡᠳᠦ ᠵᠡᠷᠭᠡ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠠᠵᠢᠯᠲᠠᠨ; ᠰᠣᠶᠣᠯ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠂ ᠲᠤᠬᠠᠶ᠋ᠢᠯᠠᠪᠠᠯ ᠪᠣᠯᠣᠩ᠎ᠤᠨ ᠣᠷᠤᠨ᠎ᠤ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠳᠡᠳ᠋ ᠳᠡᠭᠡᠳᠦ ᠵᠡᠷᠭᠡ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠠᠵᠢᠯᠲᠠᠨ; ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠴᠢᠳᠠᠪᠤᠷᠢᠲᠠᠨ᠂ ᠲᠤᠬᠠᠶ᠋ᠢᠯᠠᠪᠠᠯ ᠪᠣᠯᠣᠩ᠎ᠤᠨ ᠣᠷᠤᠨ᠎ᠤ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠠᠴᠠ ᠳᠡᠭᠡᠭᠰᠢᠬᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ ᠵᠢᠴᠢ ᠡᠷᠡᠭᠦᠯ ᠬᠠᠮᠠᠭ᠋ᠠᠯᠠᠯ᠎ᠤᠨ ᠰᠤᠳᠤᠯᠭ᠋ᠠᠨ᠎ᠤ ᠴᠢᠳᠠᠪᠤᠷᠢᠲᠠᠨ; ᠬᠠᠤᠯᠢ ᠴᠠᠭ᠋ᠠᠵᠠ ᠵᠢᠨ ᠴᠢᠳᠠᠪᠤᠷᠢᠲᠠᠨ᠂ ᠲᠤᠬᠠᠶ᠋ᠢᠯᠠᠪᠠᠯ ᠰᠢᠶᠠᠩᠭ᠋ᠠᠩ᠂ ᠣᠣᠮᠧᠨ᠎ᠤ ᠬᠠᠤᠯᠢ ᠴᠠᠭ᠋ᠠᠵᠠ ᠵᠢᠨ ᠬᠥᠨᠳᠡᠯᠡᠨ᠎ᠠᠴᠠ ᠲᠠᠰᠤᠯᠬᠤ ᠵᠢᠷᠤᠮ᠎ᠳᠤ ᠣᠷᠣᠯᠴᠠᠭᠰᠠᠨ ᠳᠣᠲᠣᠷ᠎ᠠ ᠭᠠᠵᠠᠷ᠎ᠤᠨ ᠬᠥᠨᠳᠡᠯᠡᠨ᠎ᠠᠴᠠ ᠲᠠᠰᠤᠯᠤᠭᠴᠢ᠂ ᠳᠣᠲᠣᠷ᠎ᠠ ᠭᠠᠵᠠᠷ ᠬᠢᠭᠡᠳ ᠰᠢᠶᠠᠩᠭ᠋ᠠᠩ᠂ ᠳᠣᠲᠣᠷ᠎ᠠ ᠭᠠᠵᠠᠷ ᠬᠢᠭᠡᠳ ᠣᠣᠮᠧᠨ᠎ᠤ ᠪᠡᠯᠡ ᠣᠷᠣᠭᠤᠯᠤᠯᠲᠠ ᠵᠢᠨ ᠮᠠᠷᠭᠤᠯᠳᠤᠭ᠋ᠠᠨ᠎ᠢ ᠰᠢᠢ᠍ᠳᠪᠦᠷᠢᠯᠡᠬᠦ ᠳᠣᠲᠣᠷ᠎ᠠ ᠭᠠᠵᠠᠷ᠎ᠤᠨ ᠡᠶᠡᠳᠡᠭᠦᠯᠦᠭᠴᠢ ᠵᠡᠷᠭᠡ; ᠪᠤᠰᠤᠳ ᠴᠢᠳᠠᠪᠤᠷᠢᠲᠠᠨ᠂ ᠲᠤᠬᠠᠶ᠋ᠢᠯᠠᠪᠠᠯ ᠪᠤᠯᠤᠩ᠎ᠤᠨ ᠣᠷᠣᠨ᠎ᠤ ᠴᠢᠳᠠᠪᠤᠷᠢᠲᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠭ᠋ᠠᠳᠯᠠᠨ ᠲᠣᠭᠲᠠᠭ᠋ᠠᠭᠰᠠᠨ ᠳᠡᠭᠡᠳᠦ ᠳᠡᠰ ᠳᠠᠪᠬᠤᠷᠭ᠎ᠠ ᠵᠢᠨ ᠬᠠᠮᠢᠶᠠᠷᠤᠯᠲᠠ ᠪᠠ ᠲᠤᠰᠬᠠᠶ ᠮᠡᠷᠭᠡᠵᠢᠯ᠎ᠤᠨ ᠠᠵᠢᠯᠲᠠᠨ ᠪᠣᠯᠤᠨ᠎ᠠ᠃

      ᠬᠤᠶᠠᠷ᠂ ᠳᠡᠭᠡᠷ᠎ᠡ ᠳᠤᠷᠠᠳᠤᠭᠰᠠᠨ ᠳᠣᠲᠣᠷ᠎ᠠ ᠭᠠᠵᠠᠷ᠎ᠤᠨ 6 ᠲᠦᠷᠦᠯ᠎ᠤᠨ ᠴᠢᠳᠠᠪᠤᠷᠢᠲᠠᠨ ᠪᠣᠳᠠᠲᠤ ᠬᠡᠷᠡᠭᠴᠡᠭᠡ᠎ᠪᠠᠨ ᠦᠨᠳᠦᠰᠦᠯᠡᠨ᠂ ᠰᠢᠶᠠᠩᠭ᠋ᠠᠩ᠎ᠳᠤ ᠣᠴᠢᠬᠤ ᠴᠢᠳᠠᠪᠤᠷᠢᠲᠠᠨ᠎ᠤ ᠴᠣᠬᠤᠯᠠᠪᠤᠷᠢ ᠪᠠ ᠣᠣᠮᠧᠨ᠎ᠳᠤ ᠣᠴᠢᠬᠤ ᠴᠢᠳᠠᠪᠤᠷᠢᠲᠠᠨ᠎ᠤ ᠴᠣᠬᠤᠯᠠᠪᠤᠷᠢ ᠵᠢ ᠲᠤᠰᠠᠭ᠋ᠠᠷ ᠪᠤᠶᠤ ᠬᠠᠮᠲᠤ᠎ᠳᠤ᠎ᠨᠢ ᠭᠤᠶᠤᠴᠢᠯᠠᠵᠤ ᠪᠣᠯᠤᠨ᠎ᠠ᠃ ᠰᠢᠯᠭ᠋ᠠᠷᠠᠭᠰᠠᠨ ᠴᠢᠳᠠᠪᠤᠷᠢᠲᠠᠨ ᠲᠤᠰ ᠬᠥᠮᠦᠨ᠎ᠨᠢ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠣᠯᠣᠩ᠎ᠤᠨ ᠣᠷᠤᠨ᠎ᠤ ᠲᠤᠷ᠎ᠠ ᠵᠢᠨ ᠨᠢᠭᠡ ᠰᠢᠶᠠᠨ᠎ᠤ ᠱᠠᠲᠤᠨ᠎ᠠᠴᠠ ᠳᠡᠭᠡᠭᠰᠢᠬᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠯᠢ᠎ᠪᠠᠷ ᠭᠠᠷᠬᠤ ᠣᠷᠣᠬᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠵᠤ ᠪᠣᠯᠤᠨ᠎ᠠ; ᠪᠤᠰᠤᠳ 5 ᠲᠥᠷᠥᠯ᠎ᠤᠨ ᠴᠢᠳᠠᠪᠤᠷᠢᠲᠠᠨ ᠲᠣᠰ ᠬᠥᠮᠦᠨ᠎ᠨᠢ ᠠᠵᠢᠯᠯᠠᠵᠤ ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠯᠢ᠎ᠪᠠᠷ ᠣᠷᠣᠵᠤ ᠭᠠᠷᠬᠤ ᠵᠢ ᠬᠠᠮᠢᠶᠠᠷᠬᠤ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠨ᠎ᠠ᠃ ᠴᠢᠳᠠᠪᠤᠷᠢᠲᠠᠨ᠎ᠤ ᠴᠣᠬᠤᠯᠠᠪᠤᠷᠢ ᠵᠢᠨ ᠭᠤᠶᠤᠴᠢᠯᠠᠯ᠎ᠤᠨ ᠮᠠᠲ᠋ᠧᠷᠢᠶᠠᠯ ᠪᠠ ᠭᠤᠶᠤᠴᠢᠯᠠᠨ ᠭᠦᠢ᠍ᠴᠡᠳᠭᠡᠬᠦ ᠭᠠᠷᠳᠠᠮ᠎ᠢ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠭᠠᠷᠬᠤ ᠣᠷᠣᠬᠤ ᠬᠠᠮᠢᠶᠠᠷᠤᠯᠲᠠ ᠵᠢᠨ ᠲᠣᠪᠴᠢᠶ᠎ᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ (http://www.nia.gov.cn/) ᠪᠤᠶᠤ 12367 ᠦᠢ᠍ᠯᠡᠴᠢᠯᠡᠭᠡᠨ᠎ᠤ ᠲᠠᠪᠴᠠᠩ ᠵᠶ᠋ᠠᠷ ᠪᠠᠶ᠋ᠢᠴᠠᠭ᠋ᠠᠨ ᠯᠠᠪᠯᠠᠵᠤ ᠪᠣᠯᠤᠨ᠎ᠠ᠃

      ᠭᠤᠷᠪᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠯᠢ᠎ᠪᠠᠷ ᠭᠠᠷᠬᠤ ᠣᠷᠤᠬᠤ ᠵᠢ ᠬᠠᠮᠢᠶᠠᠷᠬᠤ ᠪᠠᠶ᠋ᠢᠭᠤᠯᠤᠮᠵᠢ᠎ᠪᠠᠷ ᠬᠠᠤᠯᠢ ᠶᠣᠰᠣᠭ᠋ᠠᠷ ᠬᠢᠨᠠᠨ ᠵᠥᠪᠰᠢᠶᠡᠷᠡᠭᠦᠯᠪᠡᠯ᠂ ᠰᠢᠯᠭ᠋ᠠᠷᠠᠭᠰᠠᠨ ᠴᠢᠳᠠᠪᠤᠷᠢᠲᠠᠨ᠎ᠳᠤ 5 ᠵᠢᠯ᠎ᠤᠨ ᠬᠦᠴᠦᠨ᠎ᠲᠠᠢ ᠴᠢᠳᠠᠪᠤᠷᠢᠲᠠᠨ᠎ᠤ ᠴᠣᠬᠤᠯᠠᠪᠤᠷᠢ ᠵᠢ ᠣᠯᠭᠤᠵᠤ ᠪᠣᠯᠤᠨ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠰᠣᠶᠣᠯ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠳᠤ 3 ᠵᠢᠯ᠎ᠤᠨ ᠬᠦᠴᠦᠨ᠎ᠲᠠᠢ ᠴᠢᠳᠠᠪᠤᠷᠢᠲᠠᠨ᠎ᠤ ᠴᠣᠬᠤᠯᠠᠪᠤᠷᠢ ᠵᠢ ᠣᠯᠭᠤᠵᠤ ᠪᠣᠯᠤᠨ᠎ᠠ᠂ ᠬᠠᠤᠯᠢ ᠴᠠᠭ᠋ᠠᠵᠠ᠂ ᠪᠤᠰᠤᠳ ᠲᠥᠷᠥᠯ᠎ᠤᠨ ᠴᠢᠳᠠᠪᠤᠷᠢᠲᠠᠨ᠎ᠳᠤ 1 ᠵᠢᠯ᠎ᠤᠨ ᠬᠦᠴᠦᠨ᠎ᠲᠠᠢ ᠴᠢᠳᠠᠪᠤᠷᠢᠲᠠᠨ᠎ᠤ ᠴᠣᠬᠤᠯᠠᠪᠤᠷᠢ ᠵᠢ ᠣᠯᠭᠤᠵᠤ ᠪᠣᠯᠤᠨ᠎ᠠ᠃ ᠴᠢᠳᠠᠪᠤᠷᠢᠲᠠᠨ᠎ᠤ ᠴᠣᠬᠤᠯᠠᠪᠤᠷᠢ ᠵᠢ ᠡᠵᠡᠮᠰᠢᠭᠴᠢ ᠴᠣᠬᠤᠯᠠᠪᠤᠷᠢ ᠵᠢᠨ ᠬᠦᠴᠦᠨ᠎ᠲᠠᠢ ᠬᠤᠭᠤᠴᠠᠭ᠋ᠠᠨ᠎ᠳᠤ ᠰᠢᠶᠠᠩᠭ᠋ᠠᠩ ᠣᠣᠮᠧᠨ ᠣᠷᠣᠨ᠎ᠳᠤ ᠣᠯᠠᠨᠲᠠ ᠢᠷᠡᠵᠦ ᠪᠣᠯᠤᠨ᠎ᠠ᠂ ᠰᠢᠶᠠᠩᠭ᠋ᠠᠩ ᠣᠣᠮᠧᠨ᠎ᠳᠤ ᠤᠳᠠᠭ᠎ᠠ ᠪᠦᠷᠢ 30 ᠡᠳᠦᠷ᠎ᠠᠴᠠ ᠬᠡᠲᠦᠷᠡᠵᠦ ᠪᠣᠯᠬᠤ ᠦᠭᠡᠢ᠃

     ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ᠃

  

 

             ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠭᠠᠷᠬᠤ ᠣᠷᠣᠬᠤ ᠬᠠᠮᠢᠶᠠᠷᠤᠯᠲᠠ ᠵᠢᠨ ᠲᠤᠪᠴᠢᠶ᠎ᠠ

                                                       2023 ᠣᠨ᠎ᠤ 2 ᠳ᠋ᠤᠭ᠋ᠠᠷ ᠰᠠᠷ᠎ᠠ ᠵᠢᠨ 9᠎ᠤ ᠡᠳᠦᠷ

 

ᠢᠷᠡᠯᠲᠡ᠄ ᠲᠣᠳᠤᠭ᠋ᠠᠳᠤ ᠵᠢ ᠬᠠᠮᠠᠭ᠋ᠠᠯᠠᠬᠤ ᠶᠠᠮᠤᠨ᠎ᠤ ᠰᠦᠯᠵᠢᠶ᠎ᠡ