ᠲᠣᠳᠤᠭ᠋ᠠᠳᠤ ᠵᠠᠮ ᠬᠠᠮᠢᠶᠠᠷᠤᠯᠲᠠ [2023] 11 ᠳ᠋ᠦ᠍ᠭᠡᠷ ᠲᠣᠭ᠋ᠠᠲᠤ
ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠨ᠎ᠤ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠭᠡᠬᠦ᠎ᠳᠤ ᠲᠥᠬᠦᠮ ᠦᠵᠡᠭᠦᠯᠬᠦ 6 ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠶ᠋ᠢᠲᠡᠯᠡᠬᠦ ᠲᠤᠬᠠᠶ ᠮᠡᠳᠡᠭᠳᠡᠯ
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠲᠣᠪᠴᠢᠶ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ᠄
ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠷᠠᠳ᠎ᠲᠤ ᠲᠥᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠨ᠎ᠤ ᠪᠡᠶ᠎ᠡ ᠵᠢᠨ ᠦᠨᠡᠮᠯᠡᠯ᠂ ᠵᠢᠯᠣᠭᠤᠴᠢ ᠵᠢᠨ ᠦᠨᠡᠮᠯᠡᠯ ᠵᠡᠷᠭᠡ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠭᠡᠬᠦ᠎ᠳᠤ ᠲᠥᠬᠦᠮ ᠦᠵᠡᠭᠦᠯᠬᠦ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ 2023 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ ᠡᠬᠢᠯᠡᠨ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠨ᠎ᠤ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠭᠡᠬᠦ᠎ᠳᠤ ᠲᠥᠬᠦᠮ ᠦᠵᠡᠭᠦᠯᠬᠦ 6 ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠰᠤᠳᠤᠯᠤᠨ ᠲᠣᠭᠲᠠᠭ᠋ᠠᠪᠠ᠃ ᠡᠳᠦᠭᠡ ᠬᠤᠯᠪᠣᠭᠳᠠᠯ ᠪᠥᠬᠦᠢ ᠪᠣᠳᠠᠲᠠᠶ ᠵᠦᠢ᠍ᠯ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠵᠢᠯᠣᠭᠤᠴᠢ ᠵᠢᠨ ᠦᠨᠡᠮᠯᠡᠯ᠎ᠢ ᠬᠤᠶ᠋ᠢᠰᠢᠯᠠᠭᠤᠯᠤᠨ ᠰᠣᠯᠢᠵᠤ ᠠᠪᠬᠤ᠎ᠳᠤ ᠲᠥᠬᠦᠮ ᠦᠵᠡᠭᠦᠯᠦᠨ᠎ᠡ᠃ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠨ ᠶᠠᠮᠠᠷ ᠨᠢᠭᠡᠨ ᠰᠢᠯᠲᠠᠭ᠋ᠠᠨ᠎ᠠᠴᠠ ᠪᠣᠯᠵᠣ ᠤᠯᠤᠰ᠎ᠲᠤ᠎ᠪᠠᠨ ᠪᠤᠴᠠᠨ ᠢᠷᠡᠵᠦ (ᠬᠢᠯᠢ᠎ᠳᠤ ᠣᠷᠣᠵᠤ ᠢᠷᠡᠬᠦ) ᠲᠡᠢ᠌ᠯᠬᠦ ᠦᠭᠡᠢ᠎ᠠᠴᠠ ᠪᠣᠯᠤᠭ᠋ᠠᠳ᠂ ᠵᠢᠯᠣᠭᠤᠴᠢ ᠵᠢᠨ ᠦᠨᠡᠮᠯᠡᠯ᠎ᠤᠨ ᠬᠤᠭᠤᠴᠠᠭ᠎ᠠ᠎ᠨᠢ ᠳᠦᠭᠦᠷᠦᠭᠡᠳ ᠦᠨᠡᠮᠯᠡᠯ ᠵᠶ᠋ᠠᠨ ᠰᠣᠯᠢᠬᠤ᠂ ᠬᠢᠨᠠᠨ ᠰᠢᠯᠭ᠋ᠠᠬᠤ᠂ ᠪᠡᠶ᠎ᠡ ᠵᠢᠨ ᠨᠥᠬᠦᠴᠡᠯ᠎ᠤᠨ ᠭᠡᠷᠡᠴᠢ᠎ᠪᠠᠨ ᠲᠤᠰᠢᠶᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠵᠢᠨ ᠠᠷᠭ᠎ᠠ ᠥᠬᠡᠶ ᠪᠣᠯ᠂ ᠤᠯᠤᠰ (ᠬᠢᠯᠢ)᠎ᠤᠨ ᠳᠣᠲᠣᠷᠠᠬᠢ ᠬᠥᠮᠦᠰ᠎ᠲᠤ ᠨᠠᠶ᠋ᠢᠳᠠᠵᠤ ᠪᠡᠶ᠎ᠡ ᠵᠢᠨ ᠦᠨᠡᠮᠯᠡᠯ᠂ ᠨᠠᠶ᠋ᠢᠳᠠᠯᠭ᠎ᠠ ᠵᠢᠨ ᠪᠢᠴᠢᠭ ᠵᠶ᠋ᠠᠷ ᠵᠶ᠋ᠠᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠤᠭᠤᠴᠠᠭ᠎ᠠ ᠤᠷᠲᠤᠳᠬᠠᠨ ᠬᠢᠯᠭᠡᠬᠦ᠎ᠪᠠᠷ ᠭᠤᠶᠤᠴᠢᠯᠠᠵᠤ ᠪᠣᠯᠤᠨ᠎ᠠ᠂ ᠲᠣᠰ ᠬᠥᠮᠦᠨ᠎ᠨᠢ ᠤᠯᠤᠰ᠎ᠲᠤ᠎ᠪᠠᠨ ᠪᠤᠴᠠᠨ ᠢᠷᠡᠬᠦ (ᠬᠢᠯᠢ᠎ᠳᠤ ᠣᠷᠣᠵᠤ ᠢᠷᠡᠬᠦ) ᠴᠢᠬᠤᠯᠠ ᠥᠬᠡᠶ᠃ ᠪᠡᠶ᠎ᠡ ᠵᠢᠨ ᠦᠨᠡᠮᠯᠡᠯ᠂ ᠨᠠᠶ᠋ᠢᠳᠠᠯᠭ᠎ᠠ ᠵᠢᠨ ᠪᠢᠴᠢᠭ᠎ᠤᠨ ᠣᠭ ᠮᠠᠲ᠋ᠧᠷᠢᠶᠠᠯ᠎ᠢ ᠲᠤᠰᠢᠶᠠᠬᠤ ᠵᠢᠨ ᠠᠷᠭ᠎ᠠ ᠥᠬᠡᠶ ᠪᠠᠶ᠋ᠢᠪᠠᠯ᠂ ᠪᠠᠭᠤᠯᠭ᠋ᠠᠪᠤᠷᠢ ᠪᠤᠶᠤ ᠬᠡᠷᠡᠯ ᠵᠢᠷᠤᠭ᠎ᠤᠨ ᠳᠠᠷᠤᠮᠠᠯᠯᠠᠭᠰᠠᠨ ᠮᠠᠲ᠋ᠧᠷᠢᠶᠠᠯ ᠵᠶ᠋ᠠᠷ ᠵᠶ᠋ᠠᠨ ᠬᠤᠭᠤᠴᠠᠭ᠎ᠠ ᠤᠷᠲᠤᠳᠬᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠵᠦ ᠪᠣᠯᠤᠨ᠎ᠠ᠃
ᠬᠤᠶᠠᠷ᠂ ᠤᠯᠤᠰ᠎ᠲᠤ᠎ᠪᠠᠨ ᠪᠤᠴᠠᠨ ᠢᠷᠡᠵᠦ ᠵᠢᠯᠣᠭᠤᠴᠢ ᠵᠢᠨ ᠦᠨᠡᠮᠯᠡᠯ ᠵᠶ᠋ᠠᠨ ᠰᠣᠯᠢᠵᠤ ᠠᠪᠬᠤ᠎ᠳᠤ ᠲᠥᠬᠦᠮ ᠦᠵᠡᠭᠦᠯᠦᠨ᠎ᠡ᠃ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠨ ᠶᠠᠮᠠᠷ ᠨᠢᠭᠡᠨ ᠰᠢᠯᠲᠠᠭ᠋ᠠᠨ᠎ᠠᠴᠠ ᠪᠣᠯᠵᠣ 2023 ᠣᠨ᠎ᠤ ᠵᠢᠯ᠎ᠤᠨ ᠡᠴᠦᠰ᠎ᠠᠴᠠ ᠡᠮᠦᠨ᠎ᠡ ᠤᠯᠤᠰ᠎ᠲᠤ᠎ᠪᠠᠨ ᠪᠤᠴᠠᠬᠤ (ᠬᠢᠯᠢ᠎ᠳᠤ ᠣᠷᠣᠵᠤ ᠢᠷᠡᠬᠦ) ᠠᠷᠭ᠎ᠠ ᠥᠬᠡᠶ᠎ᠠᠴᠠ ᠪᠣᠯᠵᠣ᠂ ᠵᠢᠯᠣᠭᠤᠴᠢ ᠵᠢᠨ ᠦᠨᠡᠮᠯᠡᠯ ᠵᠶ᠋ᠠᠨ ᠬᠤᠭᠤᠴᠠᠭ᠎ᠠ ᠬᠡᠲᠦᠷᠡᠲᠡᠯ᠎ᠡ ᠰᠣᠯᠢᠭᠰᠠᠨ ᠥᠬᠡᠶ᠂ ᠬᠢᠨᠠᠨ ᠰᠢᠯᠭ᠋ᠠᠭᠰᠠᠨ ᠥᠬᠡᠶ ᠪᠠᠶ᠋ᠢᠪᠠᠯ᠂ ᠤᠯᠤᠰ᠎ᠲᠤ᠎ᠪᠠᠨ ᠪᠤᠴᠠᠨ ᠢᠷᠡᠭᠰᠡᠨ (ᠬᠢᠯᠢ᠎ᠳᠤ ᠣᠷᠣᠵᠤ ᠢᠷᠡᠬᠦ)᠎ᠤ ᠳᠠᠷᠠᠭ᠋ᠠᠬᠢ 6 ᠰᠠᠷ᠎ᠠ ᠵᠢᠨ ᠳᠣᠲᠣᠷ᠎ᠠ ᠭᠠᠷ ᠭᠦᠢ᠍ᠴᠡᠳᠭᠡᠯ ᠵᠶ᠋ᠠᠨ ᠨᠥᠬᠦᠨ ᠭᠦᠢ᠍ᠴᠡᠳᠭᠡᠵᠦ᠂ ᠵᠢᠯᠣᠭᠤᠴᠢ ᠵᠢᠨ ᠬᠢᠷᠢ ᠬᠡᠮ ᠵᠶ᠋ᠠᠨ ᠰᠡᠷᠭᠦᠭᠡᠵᠦ ᠪᠣᠯᠤᠨ᠎ᠠ᠃
ᠭᠤᠷᠪᠠ᠂ ᠬᠢᠯᠢ ᠵᠢᠨ ᠭᠠᠳᠠᠨᠠᠬᠢ ᠵᠢᠯᠣᠭᠤᠴᠢ ᠵᠢᠨ ᠦᠨᠡᠮᠯᠡᠯ ᠵᠶ᠋ᠠᠷ ᠵᠶ᠋ᠠᠨ ᠳᠤᠮᠳᠠᠳᠤ ᠤᠯᠤᠰ᠎ᠤᠨ ᠵᠢᠯᠣᠭᠤᠴᠢ ᠵᠢᠨ ᠦᠨᠡᠮᠯᠡᠯ᠎ᠢ ᠰᠣᠯᠢᠵᠤ ᠠᠪᠬᠤ᠎ᠳᠤ ᠲᠥᠬᠦᠮ ᠦᠵᠡᠭᠦᠯᠦᠨ᠎ᠡ᠃ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠨ ᠤᠯᠤᠰ᠎ᠲᠤ᠎ᠪᠠᠨ ᠪᠤᠴᠠᠵᠤ (ᠬᠢᠯᠢ᠎ᠳᠤ ᠣᠷᠣᠵᠤ) ᠢᠷᠡᠭᠰᠡᠨ᠎ᠤ ᠳᠠᠷᠠᠭ᠎ᠠ ᠬᠢᠯᠢ ᠵᠢᠨ ᠭᠠᠳᠠᠨᠠᠬᠢ ᠵᠢᠯᠣᠭᠤᠴᠢ ᠵᠢᠨ ᠦᠨᠡᠮᠯᠡᠯ ᠵᠶ᠋ᠠᠷ ᠵᠶ᠋ᠠᠨ ᠳᠤᠮᠳᠠᠳᠤ ᠤᠯᠤᠰ᠎ᠤᠨ ᠵᠢᠯᠣᠭᠤᠴᠢ ᠵᠢᠨ ᠦᠨᠡᠮᠯᠡᠯ᠎ᠢ ᠰᠣᠯᠢᠵᠤ ᠠᠪᠬᠤ᠎ᠳᠤ᠂ ᠬᠢᠯᠢ ᠵᠢᠨ ᠭᠠᠳᠠᠨᠠᠬᠢ ᠵᠢᠯᠣᠭᠤᠴᠢ ᠵᠢᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 6 ᠰᠠᠷ᠎ᠠ᠎ᠠᠴᠠ ᠬᠡᠲᠦᠷᠡᠭᠰᠡᠨ ᠥᠬᠡᠶ ᠪᠠᠶ᠋ᠢᠪᠠᠯ᠂ ᠳᠤᠮᠳᠠᠳᠤ ᠤᠯᠤᠰ᠎ᠤᠨ ᠵᠢᠯᠣᠭᠤᠴᠢ ᠵᠢᠨ ᠦᠨᠡᠮᠯᠡᠯ᠎ᠢ ᠰᠣᠯᠢᠵᠤ ᠠᠪᠬᠤ᠎ᠪᠠᠷ ᠬᠡᠪ᠎ᠤᠨ ᠶᠣᠰᠣᠭ᠋ᠠᠷ ᠭᠤᠶᠤᠴᠢᠯᠠᠵᠤ ᠪᠣᠯᠤᠨ᠎ᠠ᠃
ᠳᠥᠷᠪᠡ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠨᠠᠶ᠋ᠢᠳᠠᠵᠤ ᠣᠷᠣᠯᠠᠨ ᠬᠢᠯᠭᠡᠬᠦ᠎ᠳᠤ ᠲᠥᠬᠦᠮ ᠦᠵᠡᠭᠦᠯᠦᠨ᠎ᠡ᠃ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠨ ᠰᠢᠨ᠎ᠡ ᠬᠢᠵᠢᠭ᠎ᠤᠨ ᠪᠠᠶ᠋ᠢᠳᠠᠯ᠎ᠠᠴᠠ ᠪᠣᠯᠵᠤ ᠴᠠᠭ ᠲᠤᠬᠠᠶ᠎ᠳᠤᠨᠢ ᠪᠡᠶ᠎ᠡ ᠵᠢᠨ ᠦᠨᠡᠮᠯᠡᠯ᠎ᠤᠨ ᠬᠤᠭᠤᠴᠠᠭ᠎ᠠ᠎ᠨᠢ ᠳᠦᠭᠦᠷᠦᠭᠡᠳ ᠦᠨᠡᠮᠯᠡᠯ ᠵᠶ᠋ᠠᠨ ᠰᠣᠯᠢᠵᠤ ᠳᠡᠶ᠋ᠢᠯᠦᠭᠰᠡᠨ ᠦᠭᠡᠶ ᠪᠣᠯ ᠤᠯᠤᠰ᠎ᠤᠨ ᠳᠣᠲᠣᠭ᠋ᠠᠳᠤ ᠵᠢᠨ ᠣᠢ᠌ᠷ᠎ᠠ ᠲᠥᠷᠥᠯ ᠰᠠᠳᠤᠨ᠎ᠳᠤ ᠨᠠᠶ᠋ᠢᠳᠠᠵᠤ ᠪᠠᠶ᠋ᠢᠩᠭᠤ ᠵᠢᠨ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠤᠨ ᠲᠣᠮᠢᠯᠠᠭᠰᠠᠨ ᠰᠠᠯᠪᠤᠷᠢ ᠪᠤᠶᠤ ᠡᠷᠦᠬᠡ ᠠᠮᠠ ᠵᠢᠨ ᠶᠠᠪᠤᠳᠠᠯ᠎ᠤᠨ ᠦᠨᠡᠮᠯᠡᠯ ᠭᠦᠢ᠍ᠴᠡᠳᠭᠡᠬᠦ ᠶᠡᠭᠡ ᠲᠢᠩᠬᠢᠮ᠎ᠳᠤ ᠦᠨᠡᠮᠯᠡᠯ ᠰᠣᠯᠢᠬᠤ ᠭᠤᠶᠤᠴᠢᠯᠠᠯ᠎ᠢ ᠣᠷᠣᠯᠠᠨ ᠭᠠᠷᠳᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠨᠠᠶ᠋ᠢᠳᠠᠯᠭ᠎ᠠ ᠬᠦᠯᠢᠶᠡᠭᠴᠢ ᠵᠢᠨ ᠪᠡᠶ᠎ᠡ ᠬᠡᠮ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠵᠤ᠂ ᠭᠡᠷᠡᠴᠢᠯᠡᠬᠦ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠦᠨᠡᠮᠯᠡᠯ᠎ᠢ ᠭᠥᠯᠢᠶᠡᠨ ᠠᠪᠴᠤ᠂ ᠭᠠᠷᠤᠨ ᠥᠰᠥᠭ ᠵᠢᠷᠤᠵᠤ᠂ ᠦᠢ᠍ᠯᠡᠳᠬᠦ ᠪᠠ ᠣᠯᠭᠤᠵᠤ ᠪᠣᠯᠤᠨ᠎ᠠ᠃
ᠲᠠᠪᠤ᠂ ᠤᠯᠤᠰ᠎ᠲᠤ᠎ᠪᠠᠨ ᠪᠣᠴᠠᠨ ᠢᠷᠡᠵᠦ ᠣᠶ᠋ᠢᠷ᠎ᠠ ᠬᠠᠪᠢ᠎ᠳᠤ᠎ᠪᠠᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠰᠣᠯᠢᠵᠤ ᠠᠪᠬᠤ᠎ᠳᠤ ᠲᠥᠬᠦᠮ ᠦᠵᠡᠭᠦᠯᠦᠨ᠎ᠡ᠃ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠨ ᠰᠢᠨ᠎ᠡ᠎ᠪᠠᠷ ᠳᠡᠯᠭᠡᠷᠡᠭᠰᠡᠨ ᠬᠢᠵᠢᠭ᠎ᠤᠨ ᠪᠠᠶ᠋ᠢᠳᠠᠯ᠎ᠠᠴᠠ ᠪᠣᠯᠵᠣ ᠪᠡᠶ᠎ᠡ ᠵᠢᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠦᠭᠡᠳ ᠦᠨᠡᠮᠯᠡᠯ ᠵᠶ᠋ᠠᠨ ᠰᠣᠯᠢᠵᠤ ᠳᠡᠶ᠋ᠢᠯᠬᠦ ᠥᠬᠡᠶ ᠪᠣᠯ᠂ ᠤᠯᠤᠰ᠎ᠲᠤ᠎ᠪᠠᠨ ᠪᠤᠴᠠᠵᠤ (ᠬᠢᠯᠢ᠎ᠳᠤ ᠣᠷᠣᠵᠤ) ᠢᠷᠡᠭᠰᠡᠨ᠎ᠤ ᠳᠠᠷᠠᠭ᠎ᠠ ᠪᠥᠬᠦ ᠤᠯᠤᠰ᠎ᠤᠨ ᠶᠠᠮᠠᠷᠪᠠ ᠨᠢᠭᠡᠨ ᠡᠷᠦᠬᠡ ᠠᠮᠠ ᠵᠢᠨ ᠲᠣᠮᠢᠯᠠᠭᠰᠠᠨ ᠰᠠᠯᠪᠤᠷᠢ᠎ᠳᠤ ᠪᠡᠶ᠎ᠡ ᠵᠢᠨ ᠦᠨᠡᠮᠯᠡᠯ ᠵᠶ᠋ᠠᠨ ᠰᠣᠯᠢᠵᠤ ᠠᠪᠬᠤ ᠲᠤᠬᠠᠶ᠋ᠢᠯᠠᠭᠰᠠᠨ ᠠᠵᠢᠯ᠎ᠢ ᠣᠶ᠋ᠢᠷ᠎ᠠ ᠬᠠᠪᠢ᠎ᠳᠤ᠎ᠪᠠᠨ ᠭᠦᠢ᠍ᠴᠡᠳᠭᠡᠵᠦ ᠪᠣᠯᠤᠨ᠎ᠠ᠃
ᠵᠢᠷᠭᠤᠭ᠎ᠠ᠂ ᠬᠢᠯᠢ᠎ᠪᠠᠷ ᠣᠷᠣᠵᠤ ᠭᠠᠷᠬᠤ ᠲᠤᠬᠠᠶ᠋ᠢᠯᠠᠭᠰᠠᠨ ᠠᠵᠢᠯ ᠪᠠ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠪᠠᠢ᠌ᠴᠠᠭ᠋ᠠᠨ ᠯᠠᠪᠯᠠᠬᠤ᠎ᠳᠤ ᠲᠦᠭᠦᠮ ᠦᠵᠡᠭᠦᠯᠦᠨ᠎ᠡ᠃ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠲᠣᠪᠴᠢᠶ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠠᠮᠵᠢᠭᠤᠯᠤᠨ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠳ᠎ᠲᠤ ᠬᠢᠯᠢ᠎ᠪᠠᠷ ᠣᠷᠣᠵᠤ ᠭᠠᠷᠬᠤ ᠭᠡᠷᠡᠴᠢ ᠦᠨᠡᠮᠯᠡᠯ᠂ ᠬᠢᠯᠢ᠎ᠪᠠᠷ ᠣᠷᠣᠵᠤ ᠭᠠᠷᠤᠭᠰᠠᠨ ᠲᠡᠮᠳᠡᠭᠯᠡᠯ ᠵᠡᠷᠭᠡ ᠮᠡᠳᠡᠭᠡ ᠵᠠᠩᠭᠢ ᠵᠢᠨ ᠰᠦᠯᠵᠢᠶᠡᠨ ᠳᠡᠭᠡᠷᠡᠬᠢ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠵᠤ᠂ 12367 ᠦᠢ᠍ᠯᠡᠴᠢᠯᠡᠭᠡᠨ᠎ᠤ ᠬᠠᠯᠠᠮᠰᠢᠯ ᠤᠲᠠᠰᠤ᠎ᠪᠠᠷ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠳ᠎ᠲᠤ ᠳᠤᠮᠳᠠᠳᠤ ᠠᠩᠭ᠍ᠯᠢ ᠬᠤᠤᠰ ᠬᠡᠯᠡ᠂ 《7 × 24》 ᠴᠠᠭ᠎ᠤᠨ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢᠨ ᠯᠠᠪᠯᠠᠭ᠎ᠠ ᠬᠠᠩᠭ᠋ᠠᠨ᠎ᠠ᠃
ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ 6 ᠵᠦᠢ᠍ᠯ᠎ᠤᠨ ᠰᠢᠨ᠎ᠡ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭ᠋ᠠᠵᠤ᠂ ᠠᠷᠠᠳ᠎ᠲᠤ ᠲᠦᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠪᠣᠳᠠᠲᠠᠢ ᠠᠵᠢᠯᠯᠠᠭ᠎ᠠ ᠪᠣᠯᠭ᠋ᠠᠵᠤ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ ᠵᠢ ᠴᠢᠩᠭ᠋ᠠᠳᠬᠠᠨ᠂ ᠬᠡᠷᠡᠭᠵᠢᠭᠦᠯᠬᠦ ᠲᠥᠰᠦᠯ᠎ᠢ ᠨᠠᠷᠢᠯᠢᠬ᠍ᠵᠢᠭᠤᠯᠵᠤ᠂ ᠬᠠᠷᠢᠭᠤᠴᠠᠯᠭ᠎ᠠ ᠵᠢ ᠱᠠᠳᠤ ᠱᠠᠳᠤ᠎ᠪᠠᠷ ᠨᠠᠶ᠋ᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ᠎ᠪᠠᠷ ᠠᠬᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠢᠵᠢ ᠪᠦᠷᠢᠳᠦᠭᠦᠯᠬᠦ ᠪᠠᠲᠤᠯᠠᠭ᠎ᠠ ᠵᠢ ᠨᠠᠶ᠋ᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠡᠯ᠎ᠡ ᠵᠦᠢ᠍ᠯ᠎ᠤᠨ ᠢᠵᠢ ᠪᠦᠷᠢᠳᠦᠭᠦᠯᠬᠦ ᠪᠠᠲᠤᠯᠠᠭ᠎ᠠ ᠵᠢ ᠤᠷᠢᠳᠴᠢᠯᠠᠨ ᠨᠠᠶ᠋ᠢᠳᠠᠪᠤᠷᠢᠵᠢᠭᠤᠯᠵᠤ᠂ ᠰᠢᠰᠲ᠋ᠧᠮ᠎ᠢ ᠲᠡᠰ ᠳᠡᠪᠰᠢᠭᠦᠯᠬᠦ᠂ ᠲᠦᠷᠢᠮ᠎ᠢ ᠲᠡᠭᠦᠯᠳᠡᠷᠵᠢᠭᠦᠯᠬᠦ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ ᠵᠡᠷᠭᠡ ᠵᠢ ᠬᠡᠷᠡᠭᠵᠢᠭᠦᠯᠬᠦ ᠪᠡᠯᠡᠳᠬᠡᠯ᠎ᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠵᠦ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠬᠡᠷᠡᠭᠲᠡᠶ᠃ ᠰᠢᠮᠳᠠᠭᠤᠯᠤᠨ ᠪᠠᠶ᠋ᠢᠴᠠᠭ᠋ᠠᠵᠤ ᠦᠷ᠎ᠡ ᠪᠦᠲᠦᠮᠵᠢ ᠠᠰᠠᠭᠤᠬᠤ ᠵᠢ ᠴᠢᠩᠭ᠋ᠠᠳᠬᠠᠵᠤ᠂ ᠡᠭᠦᠷᠭᠡ ᠵᠢᠨ ᠨᠠᠷᠢᠨ ᠲᠠᠩᠰᠠ᠎ᠲᠠᠢ ᠬᠠᠷᠢᠴᠠᠭᠤᠯᠤᠨ᠂ ᠪᠦᠬᠦᠨ᠎ᠢ ᠬᠠᠮᠤᠷᠬᠤ᠂ ᠪᠡᠶᠡᠴᠢᠯᠡᠨ ᠣᠶ᠋ᠢᠯᠠᠭ᠋ᠠᠬᠤ ᠮᠠᠶᠢᠭ᠎ᠤᠨ ᠰᠢᠮᠳᠠᠭᠤᠯᠤᠨ ᠪᠠᠶ᠋ᠢᠴᠠᠭ᠋ᠠᠬᠤ ᠵᠢ ᠭᠦᠨᠵᠡᠭᠡᠶ ᠥᠷᠨᠢᠭᠦᠯᠵᠦ᠂ ᠠᠰᠠᠭᠤᠳᠠᠯ᠎ᠢ ᠴᠠᠭ ᠲᠤᠬᠠᠶ᠎ᠳᠤᠨᠢ ᠵᠠᠷᠯᠠᠨ ᠮᠡᠳᠡᠭᠳᠡᠵᠦ᠂ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠤᠨ᠂ ᠦᠷ᠎ᠡ ᠪᠦᠲᠦᠮᠵᠢ ᠪᠠ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠳᠠᠯᠠᠵᠤ᠂ ᠠᠷᠭ᠎ᠠ ᠬᠡᠮᠵᠢᠶ᠎ᠡ ᠵᠢ ᠨᠠᠷᠢᠯᠢᠭ ᠣᠨᠣᠴᠠᠲᠠᠶ᠎ᠪᠠᠷ ᠨᠠᠶ᠋ᠢᠳᠠᠪᠤᠷᠢᠵᠢᠭᠤᠯᠤᠨ᠂ ᠠᠷᠠᠳ᠎ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠯᠠᠪᠳᠠᠭᠤᠨ ᠵᠶ᠋ᠠᠷ ᠤᠬᠠᠭᠤᠯᠵᠤ ᠬᠦᠳᠦᠯᠦᠨ ᠵᠢᠯᠣᠭᠤᠳᠴᠤ᠂ ᠨᠢᠭᠡᠨᠲᠡ ᠨᠡᠶ᠋ᠢᠲᠡᠯᠡᠭᠰᠡᠨ ᠬᠢᠯᠢ ᠵᠢᠨ ᠳᠣᠲᠣᠷ᠎ᠠ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠢ ᠬᠤᠶ᠋ᠢᠰᠢᠯᠠᠭᠤᠯᠤᠨ ᠭᠦᠢ᠍ᠴᠡᠳᠬᠡᠬᠦ᠂ ᠳᠤᠲᠠᠭᠤ ᠵᠢ ᠠᠭᠤᠴᠢᠯᠠᠨ ᠰᠢᠢ᠍ᠳᠪᠦᠷᠢᠯᠡᠬᠦ ᠵᠡᠷᠭᠡ ᠠᠷᠭ᠎ᠠ ᠬᠡᠮᠵᠢᠶ᠎ᠡ ᠵᠢ ᠤᠬᠠᠭᠤᠯᠬᠤ᠎ᠲᠠᠢ ᠤᠶᠠᠯᠳᠤᠭᠤᠯᠵᠤ᠂ ᠬᠢᠯᠢ ᠵᠢᠨ ᠭᠠᠳᠠᠨᠠᠬᠢ ᠳᠤᠮᠳᠠᠳᠤ ᠤᠯᠤᠰ᠎ᠤᠨ ᠠᠷᠠᠳ ᠢᠷᠭᠡᠳ᠎ᠤᠨ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ᠎ᠳᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠵᠢ ᠰᠠᠶ᠋ᠢᠲᠤᠷ ᠤᠬᠠᠭᠤᠯᠤᠨ ᠲᠠᠶ᠋ᠢᠯᠪᠤᠷᠢᠯᠠᠵᠤ᠂ ᠤᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤᠯᠲᠠ ᠥᠭᠴᠦ᠂ ᠰᠠᠶ᠋ᠢᠨ ᠰᠠᠶ᠋ᠢᠬᠠᠨ ᠬᠡᠷᠡᠭᠵᠢᠭᠦᠯᠬᠦ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠡᠭᠦᠨ᠎ᠤ ᠬᠠᠮᠲᠤ᠂ ᠤᠯᠠᠨ ᠲᠦᠮᠡᠨ᠎ᠤ ᠤᠴᠢᠷ ᠶᠠᠪᠤᠳᠠᠯ ᠰᠢᠢ᠍ᠳᠪᠦᠷᠢᠯᠡᠬᠦ᠎ᠳᠤ ᠳᠥᠭᠦᠮ ᠦᠭᠡᠢ ᠪᠠᠶ᠋ᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠰᠣᠨᠣᠰᠴᠤ᠂ ᠠᠷᠠᠳ᠎ᠲᠤ ᠲᠦᠭᠦᠮ ᠦᠵᠡᠭᠦᠯᠵᠦ ᠠᠰᠢᠭ ᠬᠦᠷᠲᠡᠭᠡᠬᠦ ᠨᠡᠩ ᠤᠯᠠᠨ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠯᠠᠨ ᠲᠦᠮᠡᠨ᠎ᠳᠤ ᠦᠢ᠍ᠯᠡᠴᠢᠯᠡᠬᠦ ᠴᠢᠳᠠᠪᠤᠷᠢ ᠵᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃
ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠠᠯᠪᠠᠨ ᠲᠢᠩᠬᠢᠮ
2023 ᠣᠨ᠎ᠤ 1 ᠰᠠᠷ᠎ᠠ ᠵᠢᠨ 12᠎ᠤᠨ ᠡᠳᠦᠷ