ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠠᠢ᠌ᠯᠭ᠋ᠠᠬᠤ ᠵᠢ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-10-23

ᠲᠢᠩᠬᠢᠮ᠎ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ᠄
      ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠠᠢ᠌ᠯᠭ᠋ᠠᠬᠤ ᠠᠵᠢᠯ᠎ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠷᠠᠳ ᠣᠯᠠᠨ᠎ᠤ ᠦᠢ᠍ᠯᠡᠳᠪᠦᠷᠢᠯᠡᠯ᠂ ᠠᠮᠢᠳᠤᠷᠠᠯ ᠪᠣᠯᠤᠨ ᠠᠵᠤ ᠠᠬᠤᠶ ᠨᠡᠶ᠋ᠢᠭᠡᠮ᠎ᠤᠨ ᠠᠵᠢᠯᠯᠠᠭ᠎ᠠ᠎ᠳᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠦᠢ᠍ᠯᠡᠴᠢᠯᠡᠬᠦ ᠦᠢ᠍ᠯᠡᠳᠦᠯ᠎ᠢ ᠪᠠᠳᠠᠷᠠᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠠᠢ᠌ᠯᠭ᠋ᠠᠬᠤ ᠵᠢ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠵᠤ᠂ 2022 ᠣᠨ᠎ᠤ 7 ᠳ᠋ᠤᠭ᠋ᠠᠷ ᠤᠳᠠᠭ᠎ᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ (ᠥᠷᠭᠡᠳᠬᠡᠭᠰᠡᠨ) ᠵᠢᠨ ᠬᠤᠷᠠᠯ᠎ᠠᠴᠠ ᠬᠢᠨᠠᠨ ᠵᠥᠪᠯᠡᠵᠦ ᠪᠠᠲᠤᠯᠠᠪᠠ᠃ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠶ᠃

 

                                               ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 
                                                              2022 ᠣᠨ᠎ᠤ 3 ᠳ᠋ᠤᠭ᠋ᠠᠷ ᠰᠠᠷ᠎ᠠ ᠵᠢᠨ 3᠎ᠤ ᠡᠳᠦᠷ



 

ᠣᠣᠯ ᠵᠣᠬᠢᠶᠠᠯ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠠᠢ᠌ᠯᠭ᠋ᠠᠬᠤ ᠵᠢ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

 

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ