ᠢᠯᠡ ᠵᠠᠰᠠᠭ   -   ᠪᠠᠶ᠋ᠢᠭᠤᠯᠤᠮᠵᠢ᠎ᠶᠢᠨ ᠡᠭᠦᠷᠭᠡ ᠴᠢᠳᠠᠮᠵᠢ
ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢᠨ ᠡᠷᠬᠡ ᠲᠤᠰᠢᠶᠠᠯ
ᠨᠡᠶ᠋ᠢᠲᠡᠯᠡᠭᠰᠡᠨ ᠴᠠᠭ᠄ 2022-05-30

      《ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢᠨ ᠵᠣᠬᠢᠶᠠᠨ ᠪᠠᠶ᠋ᠢᠭᠤᠯᠬᠤ ᠲᠦᠷᠢᠮ》᠎ᠤᠨ ᠬᠣᠶᠠᠳᠤᠭ᠋ᠠᠷ ᠵᠦᠢ᠍ᠯ᠎ᠳᠠᠬᠢ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢᠨ ᠡᠷᠬᠡ ᠲᠤᠰᠢᠶᠠᠯ᠎ᠨᠢ ᠳᠣᠤᠷᠠᠬᠢ ᠮᠡᠲᠦ᠄
      (ᠨᠢᠭᠡ) ᠤᠯᠡᠠ ᠨᠡᠶ᠋ᠢᠲᠡ ᠵᠢᠨ ᠡᠮᠬᠢ ᠵᠢᠷᠤᠮ ᠪᠠ ᠨᠡᠶ᠋ᠢᠭᠡᠮ᠎ᠤᠨ ᠠᠮᠤᠷ ᠲᠦᠪᠰᠢᠨ᠎ᠳᠤ ᠬᠣᠯᠪᠣᠭᠳᠠᠬᠤ ᠬᠠᠤᠯᠢ ᠴᠠᠭ᠋ᠠᠵᠠ ᠵᠢ ᠬᠡᠷᠡᠭᠵᠢᠭᠦᠯᠬᠦ ᠵᠢ ᠪᠠᠳᠤᠯᠠᠬᠤ;
      (ᠬᠣᠶᠠᠷ) ᠬᠤᠪᠢᠰᠬᠠᠯ᠎ᠤᠨ ᠡᠰᠡᠷᠭᠦᠴᠦᠳ᠎ᠤᠨ ᠤᠳᠤ᠎ᠪᠠᠷ ᠵᠶ᠋ᠠᠨ ᠬᠢᠵᠦ ᠪᠠᠶ᠋ᠢᠭ᠎ᠠ ᠡᠪᠳᠡᠬᠦ ᠠᠵᠢᠯᠯᠠᠭ᠎ᠠ ᠵᠢ ᠳᠠᠷᠤᠩᠭᠤᠶ᠋ᠢᠯᠠᠬᠤ;
      (ᠭᠤᠷᠪᠠ) ᠬᠤᠯᠠᠭ᠋ᠠᠶ ᠳᠡᠭᠡᠷᠡᠮ ᠪᠠ ᠪᠤᠰᠤᠳ ᠶᠠᠯᠠᠲᠤ ᠡᠲᠡᠭᠡᠳ᠎ᠤᠨ ᠡᠪᠳᠡᠬᠦ ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠵᠦ ᠬᠣᠷᠢᠭᠯᠠᠨ ᠵᠤᠭᠰᠣᠭ᠋ᠠᠬᠤ;
      (ᠲᠤᠢ᠍ᠷᠪᠡ) ᠬᠤᠪᠢᠰᠬᠠᠯ᠎ᠤᠨ ᠡᠰᠡᠷᠭᠦᠴᠦᠳ ᠪᠠ ᠪᠤᠰᠤᠳ ᠶᠠᠯᠠᠲᠤ ᠡᠲᠡᠭᠡᠳ᠎ᠢ ᠬᠠᠤᠯᠢ ᠵᠢᠨ ᠶᠣᠰᠣᠭ᠋ᠠᠷ ᠵᠠᠬᠢᠷᠤᠨ ᠬᠠᠮᠢᠶᠠᠷᠬᠤ;
      (ᠲᠠᠪᠤ) ᠡᠷᠦᠭᠡ ᠠᠮᠠ ᠵᠢᠨ ᠲᠡᠡᠭᠰᠠ ᠵᠢ ᠬᠠᠮᠢᠶᠠᠷᠬᠤ;
      (ᠵᠢᠷᠭᠤᠭ᠎ᠠ) ᠲᠢᠶᠠᠲᠷ᠂ ᠺᠢᠨᠣ᠋ ᠵᠢᠨ ᠲᠢᠶᠠᠲᠷ᠂ ᠵᠣᠴᠢᠳ᠎ᠤᠨ ᠪᠠᠭᠤᠳᠠᠯ᠂ ᠦᠰᠦᠭ ᠰᠡᠶ᠋ᠢᠯᠬᠦ᠂ ᠷᠠᠳᠢᠣ᠋ ᠬᠡᠷᠡᠭᠰᠡᠯ ᠵᠡᠷᠭᠡ ᠠᠵᠢᠯ ᠲᠥᠷᠥᠯ ᠪᠠ ᠳᠡᠯᠪᠡᠷᠡᠬᠦ ᠪᠣᠳᠠᠰ᠂ ᠨᠣᠴᠣᠮᠠᠲᠠᠭ᠋ᠠᠶ ᠪᠣᠳᠠᠰ ᠵᠢᠴᠢ ᠪᠤᠰᠤᠳ ᠠᠶᠤᠯᠲᠠᠢ ᠪᠣᠳᠠᠰ᠎ᠢ ᠬᠠᠮᠢᠶᠠᠷᠬᠤ;
      (ᠲᠤᠯᠦᠭ᠎ᠠ) ᠬᠦᠨᠳᠦ ᠶᠡᠬᠡ ᠡᠷᠡᠭᠦᠦ ᠵᠢᠨ ᠬᠡᠷᠡᠭ ᠭᠠᠷᠤᠭᠰᠠᠨ ᠲᠤᠬᠠᠶ ᠵᠢᠨ ᠭᠠᠵᠠᠷ᠎ᠢ ᠬᠠᠮᠠᠭ᠋ᠠᠯᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠬᠡᠷᠡᠭ᠎ᠢ  ᠢᠯᠡᠷᠡᠭᠦᠯᠬᠦ;
      (ᠨᠠᠢ᠍ᠮᠠ) ᠠᠮᠤᠷ᠎ᠢ ᠬᠠᠮᠠᠭ᠋ᠠᠯᠠᠬᠤ ᠺᠣᠮᠢᠰ᠎ᠤᠨ ᠠᠵᠢᠯ᠎ᠢ ᠵᠢᠯᠤᠭᠤᠳᠬᠤ;
      (ᠶᠢᠰᠦ) ᠰᠠᠭᠤᠭ᠋ᠠᠯᠢ ᠠᠷᠠᠳ᠎ᠤᠨ ᠳᠣᠲᠣᠷ᠎ᠠ ᠬᠤᠪᠢᠰᠬᠠᠯ᠎ᠤᠨ ᠰᠣᠨᠣᠷ ᠰᠡᠷᠡᠮᠵᠢ᠎ᠪᠠᠨ ᠳᠡᠭᠡᠭᠰᠢᠯᠡᠭᠦᠯᠬᠦ᠂ ᠬᠠᠤᠯᠢ ᠴᠠᠭ᠋ᠠᠵᠠ ᠵᠢ ᠰᠠᠬᠢᠬᠤ᠂ ᠤᠯᠡᠠ ᠨᠡᠶ᠋ᠢᠲᠡ ᠵᠢᠨ ᠡᠮᠬᠢ ᠵᠢᠷᠤᠮ᠎ᠢ ᠰᠠᠬᠢᠬᠤ᠂ ᠨᠡᠶ᠋ᠢᠭᠡᠮ ᠨᠡᠶ᠋ᠢᠲᠡ ᠵᠢᠨ ᠶᠣᠰᠣ ᠮᠣᠷᠠᠯ᠎ᠢ ᠬᠦᠨᠳᠦᠳᠬᠡᠬᠦ ᠲᠤᠬᠠᠶ ᠤᠬᠠᠭᠤᠯᠭ᠎ᠠ ᠵᠢᠨ ᠠᠵᠢᠯ᠎ᠢ ᠬᠢᠬᠦ;
      (ᠠᠷᠪᠠ) ᠰᠠᠭᠤᠭ᠋ᠠᠯᠢ ᠠᠷᠠᠳ᠎ᠤᠨ ᠠᠰᠠᠷᠠᠮᠵᠢ ᠵᠢᠨ ᠬᠣᠯᠪᠣᠭᠳᠠᠯ ᠪᠦᠬᠦᠢ ᠠᠵᠢᠯ᠎ᠳᠤ ᠢᠳᠡᠪᠬᠢᠲᠡᠶ ᠣᠷᠣᠯᠴᠠᠵᠤ ᠲᠡᠭᠦᠨ᠎ᠢ ᠬᠠᠪᠰᠤᠷᠤᠨ ᠬᠢᠬᠦ᠃

 

ᠢᠷᠡᠯᠲᠡ᠄ ᠥᠪᠦᠷ ᠮᠤᠩᠭᠤᠯ᠎ᠤᠨ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ