ᠦᠢᠯᠡᠴᠢᠯᠡᠭᠡ   -   ᠠᠯᠪᠠᠨ ᠦᠢᠯᠡᠴᠢᠯᠡᠭᠡ
ᠯᠢᠶᠠᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠨᠢᠭᠡ ᠥᠷᠲᠡᠭᠡ ᠮᠠᠶᠢᠭ》᠎ᠤᠨ ᠦᠢ᠍ᠯᠡᠴᠢᠯᠡᠭᠡᠨ᠎ᠤ ᠲᠢᠩᠬᠢᠮ᠎ᠢ ᠪᠦᠲᠦᠭᠡᠨ ᠪᠠᠶ᠋ᠢᠭᠤᠯᠵᠤ ᠠᠷᠠᠳ᠎ᠲᠤ ᠲᠥᠬᠥᠮ ᠦᠵᠡᠭᠦᠯᠬᠦ ᠥᠨᠳᠥᠷ ᠪᠦᠲᠦᠮᠵᠢᠲᠡᠶ ᠦᠢ᠍ᠯᠡᠴᠢᠯᠡᠭᠡ ᠬᠠᠩᠭ᠋ᠠᠪᠠ
ᠨᠡᠶ᠋ᠢᠲᠡᠯᠡᠭᠰᠡᠨ ᠴᠠᠭ᠄ 2024-12-31

      ᠳᠣᠲᠣᠭ᠋ᠠᠳᠤ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠵᠢᠨ ᠳᠤᠮᠳᠠ᠂ ᠤᠯᠠᠭ᠋ᠠᠨᠴᠠᠪ ᠬᠣᠲᠠ ᠵᠢᠨ ᠯᠢᠶᠠᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠭᠠᠷᠳᠠᠮ ᠭᠦᠢ᠍ᠴᠡᠳᠬᠡᠬᠦ ᠴᠤᠪᠤᠷᠠᠯ᠎ᠢ ᠤᠯᠠᠮ ᠨᠢᠭᠡ ᠠᠯᠬᠤᠮ ᠳᠥᠭᠥᠮᠴᠢᠯᠡᠵᠦ᠂ ᠭᠦᠢ᠍ᠴᠡᠳᠬᠡᠬᠦ ᠴᠠᠭ᠎ᠢ ᠪᠣᠭᠣᠨᠢᠰᠬᠠᠨ᠂ ᠬᠢᠨᠠᠨ ᠵᠥᠪᠰᠢᠶᠡᠷᠡᠬᠦ ᠬᠤᠷᠳᠤᠴᠠ ᠵᠢ ᠳᠡᠭᠡᠭᠰᠢᠯᠡᠭᠦᠯᠵᠦ᠂ ᠠᠵᠤ ᠠᠬᠤᠶ᠋ᠢᠯᠠᠯ ᠪᠠ ᠠᠵᠢᠯ ᠶᠠᠪᠤᠳᠠᠯ ᠭᠦᠢ᠍ᠴᠡᠳᠭᠡᠬᠦ ᠣᠯᠠᠨ ᠲᠦᠮᠡᠨ᠎ᠳᠤ ᠨᠠᠩ ᠳᠥᠭᠥᠮ ᠳᠥᠲᠡ ᠥᠨᠳᠥᠷ ᠪᠦᠲᠦᠮᠵᠢᠲᠡᠶ ᠦᠢ᠍ᠯᠡᠴᠢᠯᠡᠭᠡ ᠵᠢ ᠢᠳᠡᠪᠬᠢᠲᠡᠶ ᠬᠠᠩᠭ᠋ᠠᠪᠠ᠃ ᠣᠶ᠋ᠢᠷ᠎ᠠ᠎ᠳᠤ᠂ ᠯᠢᠶᠠᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠮᠠᠢ᠌ᠬᠠᠨᠲᠤ ᠪᠠᠯᠭ᠋ᠠᠰᠤᠨ᠎ᠤ ᠲᠣᠮᠢᠯᠠᠭᠰᠠᠨ ᠰᠠᠯᠪᠤᠷᠢ 《ᠨᠢᠭᠡ ᠥᠷᠲᠡᠭᠡ ᠮᠠᠶᠢᠭ》᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠢᠩᠬᠢᠮ᠎ᠢ ᠪᠦᠲᠦᠭᠡᠨ ᠪᠠᠶ᠋ᠢᠭᠤᠯᠵᠤ᠂ ᠣᠳᠣᠬᠠᠨ᠎ᠳᠤ ᠠᠷᠠᠳ᠎ᠲᠤ ᠦᠢ᠍ᠯᠡᠴᠢᠯᠡᠬᠦ 114 ᠵᠦᠢ᠍ᠯ᠎ᠤᠨ ᠬᠦᠢ᠍ᠴᠡᠳᠬᠡᠬᠦ ᠶᠠᠪᠤᠳᠠᠯ᠎ᠢ ᠣᠷᠣᠭᠤᠯᠵᠤ᠂ ᠴᠠᠭᠳᠠᠭ᠋ᠠᠨ᠎ᠤ ᠣᠯᠠᠨ ᠲᠥᠷᠥᠯ᠎ᠤᠨ ᠲᠤᠬᠠᠶ᠋ᠢᠯᠠᠭᠰᠠᠨ ᠠᠵᠢᠯ᠎ᠢ ᠡᠮᠬᠢᠯᠡᠨ ᠨᠡᠶ᠋ᠢᠯᠡᠭᠦᠯᠬᠦ ᠪᠠ ᠠᠭᠤᠰᠤᠯᠴᠠᠭᠤᠯᠬᠤ ᠵᠢ ᠪᠡᠶᠡᠯᠡᠭᠦᠯᠵᠦ᠂ ᠨᠢᠭᠡ ᠥᠷᠲᠡᠭᠡ᠎ᠳᠤ ᠦᠢ᠍ᠯᠡᠴᠢᠯᠡᠵᠦ᠂ ᠨᠢᠭᠡ ᠯᠡ ᠤᠳᠠᠭ᠎ᠠ᠎ᠳᠤ ᠭᠦᠢ᠍ᠴᠡᠳᠬᠡᠵᠦ ᠳᠠᠭᠤᠰᠬᠠᠬᠤ ᠵᠢ ᠪᠡᠶᠡᠯᠡᠭᠦᠯᠪᠡ᠃ ᠦᠢ᠍ᠯᠡᠴᠢᠯᠡᠭᠡᠨ᠎ᠤ ᠲᠢᠩᠬᠢᠮ ᠠᠰᠢᠭᠯᠠᠯᠲᠠ᠎ᠳᠤ ᠣᠷᠣᠭᠰᠠᠨ᠎ᠠᠴᠠ ᠨᠠᠭ᠋ᠠᠰᠢ᠂ ᠣᠯᠠᠨ ᠲᠦᠮᠡᠨ᠎ᠳᠤ ᠡᠷᠦᠬᠡ ᠠᠮᠠ ᠵᠢᠨ ᠲᠠᠩᠰᠠ᠂ ᠭᠡᠷᠡᠴᠢ ᠦᠨᠡᠮᠯᠡᠯ᠎ᠤᠨ ᠲᠥᠷᠥᠯ᠎ᠤᠨ ᠲᠤᠬᠠᠶ᠋ᠢᠯᠠᠭᠰᠠᠨ ᠠᠵᠢᠯ᠎ᠢ 293 ᠤᠳᠠᠭ᠎ᠠ ᠭᠦᠢ᠍ᠴᠡᠳᠬᠡᠵᠦ ᠥᠭᠪᠡ᠃ 

ᠢᠷᠡᠯᠲᠡ᠄ ᠤᠯᠠᠭ᠋ᠠᠨᠴᠠᠪ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ