ᠰᠢᠯᠢ ᠵᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠤᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ᠂ ᠲᠣᠪᠴᠢᠶᠠᠨ᠎ᠤ ᠨᠠᠮ᠎ᠤᠨ ᠬᠤᠷᠢᠶ᠎ᠠ ᠵᠢᠨ ᠭᠡᠰᠢᠭᠦᠨ ᠵᠢᠴᠢ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠲᠣᠰ ᠲᠣᠰ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠠᠷᠠᠳ᠎ᠤᠨ ᠴᠠᠭᠳᠠᠭ᠎ᠠ ᠵᠢᠨ ᠬᠡᠷ ᠪᠦᠯᠢ᠂ ᠠᠯᠪᠠᠨ ᠶᠠᠪᠤᠳᠠᠯ ᠵᠶ᠋ᠠᠷ ᠰᠢᠷᠬᠠᠲᠤᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠬᠡᠷ ᠪᠦᠯᠢ᠂ ᠬᠦᠴᠢᠷᠳᠡᠯᠲᠡᠶ ᠨᠠᠮ᠎ᠤᠨ ᠭᠡᠰᠢᠭᠦᠨ᠂ ᠠᠵᠢᠯ᠎ᠠᠴᠠ᠎ᠪᠠᠨ ᠠᠮᠠᠷᠠᠭᠰᠠᠨ ᠠᠷᠠᠳ᠎ᠤᠨ ᠴᠠᠭᠳᠠᠭ᠎ᠠ ᠵᠢᠨ ᠬᠡᠷ᠎ᠲᠤ ᠬᠦᠷᠴᠦ ᠪᠣᠯᠭᠤᠭ᠋ᠠᠨ ᠲᠣᠬᠤᠨᠢᠭᠤᠯᠵᠤ᠂ ᠲᠡᠳᠡᠨ᠎ᠳᠤ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠬᠦᠷᠭᠡᠪᠡ᠃

ᠠᠯᠪᠠᠨ᠎ᠤ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠠᠷᠠᠳ᠎ᠤᠨ ᠴᠠᠭᠳᠠᠭ᠎ᠠ ᠵᠢᠨ ᠬᠡᠷ᠎ᠲᠤ᠂ ᠲᠣᠪᠴᠢᠶᠠᠨ᠎ᠤ ᠨᠠᠮ᠎ᠤᠨ ᠬᠣᠷᠢᠶᠠᠨ᠎ᠤ ᠡᠮᠦᠨ᠎ᠡ᠎ᠠᠴᠠ ᠳᠣᠲᠣᠨᠣ ᠮᠡᠨᠳᠦᠴᠢᠯᠡᠯ ᠳᠡᠪᠰᠢᠭᠦᠯᠵᠦ᠂ ᠬᠡᠷ ᠪᠦᠯᠢ ᠵᠢᠨ᠎ᠬᠢᠨ᠎ᠤ ᠣᠷᠳᠣ ᠬᠤᠭᠤᠴᠠᠭ᠋ᠠᠨ᠎ᠤ ᠲᠤᠷᠰᠢ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠳᠡᠮᠵᠢᠭᠰᠡᠨ ᠬᠤᠪᠢ ᠨᠡᠮᠡᠷᠢ ᠦᠵᠡᠭᠦᠯᠦᠭᠰᠡᠨ᠎ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ᠂ ᠲᠡᠳᠡᠨ᠎ᠤ ᠣᠷᠣᠰᠢᠵᠤ ᠪᠠᠶ᠋ᠢᠭ᠎ᠠ ᠪᠣᠳᠠᠲᠠᠶ ᠬᠦᠴᠢᠷᠳᠡᠯ᠎ᠢ᠎ᠨᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ᠎ᠤ ᠪᠠᠶᠠᠰᠤᠩᠭᠤᠶ ᠰᠡᠳᠬᠢᠯᠭᠡ᠎ᠲᠠᠢ ᠪᠠᠶ᠋ᠢᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠭ᠍ᠤ ᠢᠲᠡᠭᠡᠯ ᠵᠣᠷᠢᠭ ᠵᠶ᠋ᠠᠨ ᠪᠣᠶ ᠪᠣᠯᠭ᠋ᠠᠬᠤ ᠵᠢ ᠵᠣᠷᠢᠭᠵᠢᠭᠤᠯᠬᠤ ᠵᠢᠨ ᠬᠠᠮᠲᠤ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠤᠷᠢᠶ᠎ᠠ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠠᠷᠠᠳ᠎ᠤᠨ ᠴᠠᠭᠳᠠᠭ᠎ᠠ ᠵᠢᠨ ᠬᠡᠷ ᠪᠦᠯᠢ ᠵᠢᠨ᠎ᠬᠢᠨ᠎ᠤ ᠠᠵᠢᠯ ᠠᠮᠢᠳᠤᠷᠠᠯ᠎ᠢ ᠦᠷᠭᠦᠯᠵᠢᠯᠡᠨ ᠬᠠᠯᠠᠮᠵᠢᠯᠠᠨ ᠠᠩᠬᠠᠷᠴᠤ᠂ ᠡᠯ᠎ᠡ ᠵᠦᠢ᠍ᠯ᠎ᠤᠨ ᠠᠰᠠᠷᠠᠨ ᠬᠠᠷᠠᠭ᠋ᠠᠯᠵᠠᠬᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠡᠷ ᠪᠦᠯᠢ ᠵᠢᠨ᠎ᠬᠢᠨ᠎ᠳᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠤᠷᠢᠶ᠎ᠠ ᠵᠢᠨ ᠬᠠᠶ᠋ᠢᠷ᠎ᠠ ᠬᠠᠯᠠᠮᠵᠢ ᠵᠢ ᠢᠮᠠᠭᠲᠠ ᠮᠡᠳᠡᠷᠡᠭᠦᠯᠦᠨ᠎ᠡ ᠭᠡᠵᠦ ᠢᠯᠡᠷᠬᠡᠶ᠋ᠢᠯᠡᠪᠡ᠃

ᠠᠯᠪᠠᠨ ᠶᠠᠪᠤᠳᠠᠯ ᠵᠶ᠋ᠠᠷ ᠰᠢᠷᠬᠠᠲᠤᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠴᠢ ᠬᠦᠴᠢᠷᠳᠡᠯ᠎ᠲᠠᠢ ᠨᠠᠮ᠎ᠤᠨ ᠭᠡᠰᠢᠭᠦᠨ ᠪᠠ ᠠᠵᠢᠯ᠎ᠠᠴᠠ᠎ᠪᠠᠨ ᠠᠮᠠᠷᠠᠭᠰᠠᠨ ᠠᠷᠠᠳ᠎ᠤᠨ ᠴᠠᠭᠳᠠᠭ᠎ᠠ ᠵᠢᠨ ᠭᠡᠷ᠎ᠲᠤ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠤᠳᠤᠷᠢᠳᠤᠯᠭ᠎ᠠ᠎ᠠᠴᠠ ᠲᠡᠳᠡᠨ᠎ᠳᠤ ᠵᠣᠬᠢᠶᠠᠨ ᠪᠠᠶ᠋ᠢᠭᠤᠯᠤᠯᠲᠠ ᠵᠢᠨ ᠭᠦᠨ ᠵᠤᠵᠠᠭ᠋ᠠᠨ ᠬᠠᠶ᠋ᠢᠷ᠎ᠠ ᠬᠠᠯᠠᠮᠵᠢ ᠵᠢ ᠳᠠᠮᠵᠢᠭᠤᠯᠵᠤ᠂ ᠠᠯᠪᠠᠨ ᠶᠠᠪᠤᠳᠠᠯ ᠵᠶ᠋ᠠᠷ ᠰᠢᠷᠬᠠᠳᠤᠭᠰᠠᠨ ᠬᠠᠪᠰᠤᠷᠤᠭᠴᠢ ᠴᠠᠭᠳᠠᠭ᠎ᠠ᠂ ᠬᠦᠴᠢᠷᠳᠡᠯ᠎ᠲᠠᠢ ᠨᠠᠮ᠎ᠤᠨ ᠭᠡᠰᠢᠭᠦᠨ᠎ᠢ ᠡᠮᠨᠡᠨ ᠵᠠᠰᠠᠵᠤ ᠡᠳᠡᠭᠡᠷᠡᠭᠰᠡᠨ ᠪᠠᠶ᠋ᠢᠳᠠᠯ᠎ᠢ ᠨᠠᠷᠢᠨ ᠠᠰᠠᠭᠤᠨ ᠯᠠᠪᠯᠠᠵᠤ᠂ ᠲᠡᠳᠡᠨ᠎ᠤ ᠠᠵᠢᠯ᠎ᠤᠨ ᠳᠤᠮᠳᠠ᠎ᠪᠠᠨ ᠡᠭᠦᠷᠭᠡ ᠲᠤᠰᠢᠶᠠᠯ ᠵᠶ᠋ᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠵᠢ ᠭᠦᠢ᠍ᠴᠡᠳ ᠨᠤᠲᠠᠯᠠᠵᠤ ᠮᠠᠭᠲᠠᠨ ᠰᠠᠶ᠋ᠢᠰᠢᠶᠠᠭᠰᠠᠨ ᠪᠥᠭᠡᠳ ᠪᠡᠶ᠎ᠡ ᠰᠡᠳᠬᠢᠯ᠎ᠪᠠᠨ ᠰᠠᠶ᠋ᠢᠲᠤᠷ ᠲᠣᠬᠢᠷᠠᠭᠤᠯᠵᠤ᠂ ᠡᠮᠴᠢᠯᠡᠭᠡ᠎ᠳᠤ ᠢᠳᠡᠪᠬᠢᠲᠡᠢ ᠬᠠᠮᠵᠢᠯᠴᠠᠵᠤ᠂ ᠡᠷᠲᠡᠬᠡᠨ ᠡᠷᠡᠭᠦᠯᠵᠢᠬᠦ᠎ᠪᠠᠷ ᠴᠢᠷᠮᠠᠶ᠋ᠢᠬᠤ ᠬᠡᠷᠡᠭᠲᠡᠢ ᠭᠡᠵᠦ ᠵᠠᠬᠢᠪᠠ᠃