ᠦᠢᠯᠡᠴᠢᠯᠡᠭᠡ   -   ᠠᠯᠪᠠᠨ ᠦᠢᠯᠡᠴᠢᠯᠡᠭᠡ
ᠦᠬᠠᠶ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠶᠡᠭᠡ ᠲᠡᠭᠡᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ ᠵᠢᠨ ᠠᠮᠤᠷ᠎ᠢ ᠬᠠᠮᠠᠭ᠋ᠠᠯᠠᠬᠤ ᠠᠵᠢᠯ᠎ᠢ ᠪᠥᠬᠦ ᠲᠠᠯ᠎ᠠ᠎ᠪᠠᠷ ᠥᠷᠨᠢᠭᠦᠯᠪᠡ
ᠨᠡᠶ᠋ᠢᠲᠡᠯᠡᠭᠰᠡᠨ ᠴᠠᠭ᠄ 2025-06-18

      6 ᠰᠠᠷ᠎ᠠ ᠵᠢᠨ 7᠎ᠤ ᠡᠳᠦᠷ᠂ ᠶᠡᠭᠡ ᠲᠡᠭᠡᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ ᠵᠢᠨ ᠶᠡᠬᠡ ᠬᠦᠰᠢᠭᠡ ᠨᠡᠭᠡᠭᠡᠭᠳᠡᠯ᠎ᠡ᠂ ᠦᠬᠠᠢ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ ᠶᠡᠭᠡ ᠲᠡᠭᠡᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ ᠵᠢᠨ ᠠᠮᠤᠷ᠎ᠢ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠡᠬᠢᠯᠡᠭᠦᠯᠪᠡ᠃ 《ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠱᠠᠭ᠋ᠠᠷᠳᠠᠯᠭ᠎ᠠ᠂ ᠬᠠᠮᠤᠭ᠎ᠤᠨ ᠪᠣᠳᠠᠲᠠᠶ ᠠᠷᠭ᠎ᠠ ᠬᠡᠮᠵᠢᠶ᠎ᠡ》᠎ᠪᠠᠷ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠠᠮᠤᠷ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠢᠯᠭ᠋ᠠᠭᠤᠯᠤᠭᠴᠢ᠎ᠳᠤ ᠪᠥᠬᠦ ᠲᠠᠯ᠎ᠠ ᠵᠢᠨ ᠦᠢ᠍ᠯᠡᠴᠢᠯᠡᠭᠡ ᠬᠠᠩᠭ᠋ᠠᠪᠠ᠃

微信图片_20250611164556.jpg


      ᠶᠡᠭᠡ ᠲᠡᠭᠡᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ ᠵᠢᠨ ᠠᠩᠬᠠᠨ᠎ᠤ ᠡᠳᠦᠷ᠎ᠤᠨ 7 ᠴᠠᠭ᠎ᠤᠨ ᠦᠶ᠎ᠡ᠎ᠪᠠᠷ᠂ ᠦᠬᠠᠶ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠮᠤᠷ᠎ᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ᠎ᠤᠨ ᠲᠥᠰᠦᠯ᠎ᠤᠨ ᠶᠣᠰᠣᠭ᠋ᠠᠷ ᠠᠵᠢᠯ᠎ᠤᠨ ᠪᠠᠶ᠋ᠢᠷᠢ᠎ᠳᠤ ᠬᠦᠷᠴᠦ᠂ ᠰᠢᠯᠭ᠋ᠠᠯᠲᠠ ᠵᠢᠨ ᠴᠡᠭ᠎ᠤᠨ ᠡᠷᠬᠢᠨ ᠲᠣᠭᠤᠷᠢᠨ᠎ᠤ ᠵᠢᠵᠢᠭᠦᠷᠯᠡᠬᠦ ᠪᠠᠢ᠌ᠷᠢ᠎ᠳᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠶᠠᠪᠤᠭᠤᠯᠵᠤ᠂ ᠴᠢᠬᠤᠯᠠ ᠵᠠᠮ᠎ᠤᠨ ᠠᠭᠤᠯᠵᠠᠷ᠂ ᠵᠠᠮ᠎ᠤᠨ ᠬᠡᠰᠡᠭ ᠵᠢᠴᠢ ᠰᠢᠯᠭ᠋ᠠᠯᠲᠠ ᠵᠢᠨ ᠴᠡᠭ᠎ᠤᠨ ᠣᠶ᠋ᠢᠷ᠎ᠠ ᠬᠠᠪᠢ ᠵᠢᠨ ᠠᠮᠠᠷᠬᠠᠨ ᠲᠦᠭᠵᠢᠷᠡᠬᠦ ᠵᠠᠮ᠎ᠤᠨ ᠬᠡᠰᠡᠭ᠎ᠲᠤ ᠵᠠᠮ ᠬᠠᠷᠢᠯᠴᠠᠭ᠎ᠠ ᠵᠢ ᠰᠠᠯᠭ᠋ᠠᠨ ᠨᠡᠪᠲᠡᠷᠡᠭᠦᠯᠬᠦ ᠠᠷᠭ᠎ᠠ ᠬᠡᠮᠵᠢᠶ᠎ᠡ ᠠᠪᠴᠠᠶ᠃ ᠡᠯ᠎ᠡ ᠰᠢᠯᠭ᠋ᠠᠯᠲᠠ ᠵᠢᠨ ᠴᠡᠭ᠎ᠲᠤ ᠴᠥᠮ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ 《ᠮᠣᠷᠢᠲᠤ ᠴᠡᠷᠢᠭ》᠎ᠤᠨ ᠰᠢᠯᠭ᠋ᠠᠯᠲᠠ ᠵᠢ ᠬᠠᠮᠠᠭ᠋ᠠᠯᠠᠬᠤ ᠬᠤᠪᠢᠶᠠᠷᠢ ᠠᠩᠭᠢ ᠳᠣᠭᠢᠷᠠᠭᠤᠯᠵᠤ᠂ ᠪᠤᠷᠤᠭᠤ ᠰᠢᠯᠭ᠋ᠠᠯᠲᠠ ᠵᠢᠨ ᠲᠠᠯᠠᠪᠠᠶ᠎ᠳᠤ ᠶᠠᠪᠤᠭᠰᠠᠨ ᠪᠠ ᠣᠷᠣᠶ᠋ᠢᠲᠠᠵᠤ ᠮᠡᠳᠡᠬᠦ ᠰᠢᠯᠭ᠋ᠠᠭᠤᠯᠤᠭᠴᠢ ᠵᠡᠷᠭᠡ᠎ᠳᠤ ᠪᠠᠴᠢᠮ ᠲᠤᠰᠠᠯᠠᠮᠵᠢ ᠵᠢᠨ ᠦᠢ᠍ᠯᠡᠴᠢᠯᠡᠭᠡ ᠬᠠᠩᠭ᠋ᠠᠬᠤ᠎ᠪᠠᠷ ᠪᠡᠯᠡᠳᠬᠡᠪᠡ᠃

微信图片_20250611164737.jpg


      ᠰᠢᠯᠭ᠋ᠠᠯᠲᠠ ᠵᠢᠨ ᠲᠠᠯᠠᠪᠠᠢ ᠵᠢᠨ ᠭᠠᠳᠠᠨᠠᠬᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ 《ᠳᠣᠲᠣᠨᠣ ᠬᠠᠮᠢᠶᠠᠷᠤᠭᠴᠢ》 ᠪᠣᠯᠪᠠ᠃ ᠰᠢᠯᠭ᠋ᠠᠯᠲᠠ ᠵᠢᠨ ᠲᠠᠯᠠᠪᠠᠶ ᠵᠢᠨ ᠡᠷᠬᠢᠨ ᠲᠣᠭᠤᠷᠢᠨ᠎ᠳᠤ ᠰᠢᠯᠭ᠋ᠠᠯᠲᠠ ᠵᠢ ᠬᠠᠮᠠᠭ᠋ᠠᠯᠠᠬᠤ 《ᠳᠠᠷᠤᠢ ᠭᠦᠢ᠍ᠴᠡᠳᠬᠡᠬᠦ》 ᠴᠠᠭᠳᠠᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠴᠡᠭ ᠭᠠᠷᠭ᠋ᠠᠵᠤ᠂ ᠦᠨᠡᠮᠯᠡᠯ ᠵᠶ᠋ᠠᠨ ᠭᠡᠭᠡᠭᠰᠡᠨ ᠪᠤᠶᠤ ᠦᠨᠡᠮᠯᠡᠯ᠎ᠨᠢ ᠡᠪᠳᠡᠷᠡᠵᠦ ᠰᠦᠢ᠍ᠳᠦᠭᠰᠡᠨ ᠰᠢᠯᠭ᠋ᠠᠭᠤᠯᠤᠭᠴᠢ ᠵᠢᠨ ᠲᠤᠬᠠᠶ ᠵᠢᠨ ᠲᠠᠯᠠᠪᠤᠷ᠎ᠲᠤ ᠪᠡᠶ᠎ᠡ ᠵᠢᠨ ᠭᠠᠷᠤᠯ᠎ᠢ ᠬᠢᠨᠠᠨ ᠬᠠᠷᠭᠤᠭᠤᠯᠬᠤ᠂ ᠲᠦᠷ ᠴᠠᠭ᠎ᠤᠨ ᠪᠡᠶ᠎ᠡ ᠵᠢᠨ ᠦᠨᠡᠮᠯᠡᠯ ᠬᠢᠬᠦ ᠵᠡᠷᠭᠡ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠪᠠᠰᠠ ᠪᠠᠴᠢᠮ ᠪᠠᠶ᠋ᠢᠳᠠᠯ᠎ᠢ ᠠᠷᠭ᠋ᠠᠴᠠᠬᠤ ᠪᠢᠴᠢᠭ᠎ᠤᠨ ᠬᠡᠷᠡᠭᠰᠡᠯ᠂ ᠬᠠᠯᠠᠭᠤᠨ᠎ᠠᠴᠠ ᠰᠡᠷᠭᠡᠶ᠋ᠢᠯᠡᠬᠦ ᠡᠮ᠎ᠤᠨ ᠵᠦᠢ᠍ᠯ᠂ ᠤᠤᠭᠤᠬᠤ ᠤᠰᠤ ᠵᠡᠷᠭᠡ ᠡᠳ᠋ ᠪᠣᠳᠠᠰ᠎ᠢ ᠪᠡᠯᠡᠳᠬᠡᠵᠦ᠂ ᠰᠢᠯᠭ᠋ᠠᠭᠤᠯᠤᠭᠰᠠᠳ᠎ᠤᠨ ᠬᠡᠷᠡᠭᠴᠡᠭᠡ ᠵᠢ ᠴᠠᠭ ᠲᠤᠬᠠᠶ᠎ᠳᠤ᠎ᠨᠢ ᠬᠠᠩᠭ᠋ᠠᠪᠠ᠃

微信图片_20250611164750.jpg


      ᠡᠭᠦᠨ᠎ᠤ ᠬᠠᠮᠲᠤ᠂ ᠰᠢᠯᠭ᠋ᠠᠭᠤᠯᠤᠭᠴᠢ ᠵᠢᠨ ᠰᠢᠯᠭ᠋ᠠᠯᠲᠠ ᠵᠢᠨ ᠲᠠᠯᠠᠪᠤᠷ᠎ᠲᠤ ᠤᠷᠤᠭᠰᠢᠲᠠᠶ ᠬᠦᠷᠴᠦ ᠳᠡᠶ᠋ᠢᠯᠬᠦ ᠵᠢ ᠪᠠᠲᠤᠯᠠᠬᠤ ᠵᠢᠨ ᠲᠥᠯᠥᠭᠡ᠂ ᠦᠬᠠᠶ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠯ᠎ᠡ ᠱᠠᠲᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠰᠢᠯᠭ᠋ᠠᠭᠤᠯᠤᠭᠴᠢ᠎ᠳᠤ ᠦᠢ᠍ᠯᠡᠴᠢᠯᠡᠬᠦ ᠠᠶᠠᠨᠴᠢᠳ᠎ᠤᠨ ᠲᠡᠭᠡᠭᠡᠪᠦᠷᠢ ᠵᠢᠨ ᠲᠡᠷᠭᠡ ᠬᠥᠰᠬᠡ ᠪᠣᠯᠤᠨ ᠰᠤᠷᠤᠭᠴᠢᠳ᠎ᠢ ᠲᠤᠰᠴᠤ ᠬᠦᠷᠭᠡᠬᠦ ᠲᠡᠷᠭᠡ ᠬᠥᠰᠬᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠪᠠ᠃ ᠰᠢᠯᠭ᠋ᠠᠯᠲᠠ ᠵᠢᠨ ᠬᠤᠭᠤᠴᠠᠭ᠋ᠠᠨ᠎ᠳᠤ᠂ ᠰᠢᠯᠭ᠋ᠠᠯᠲᠠ ᠵᠢᠨ ᠴᠡᠭ᠎ᠤᠨ ᠡᠷᠬᠢᠨ ᠲᠣᠭᠤᠷᠢᠨ᠎ᠤ ᠵᠠᠮ᠎ᠢ ᠬᠠᠮᠢᠶᠠᠷᠤᠨ ᠡᠵᠡᠮᠳᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠡᠷᠭᠡᠨ᠎ᠤ ᠤᠷᠤᠰᠬᠠᠯ᠎ᠤᠨ ᠬᠡᠮᠵᠢᠶ᠎ᠡ ᠵᠢ ᠴᠢᠩᠭ᠎ᠠ ᠬᠢᠵᠠᠭ᠋ᠠᠷᠯᠠᠵᠤ᠂ ᠵᠠᠮ᠎ᠤᠨ ᠨᠡᠪᠲᠡᠷᠡᠬᠦ ᠴᠢᠳᠠᠪᠤᠷᠢ ᠵᠢ ᠳᠡᠭᠡᠭᠰᠢᠯᠡᠭᠦᠯᠪᠡ᠃ ᠡᠭᠦᠨ᠎ᠠᠴᠠ ᠭᠠᠳᠠᠨ᠎ᠠ ᠪᠠᠰᠠ 《ᠰᠠᠭ᠋ᠠᠳ ᠥᠬᠡᠶ ᠨᠡᠪᠲᠡᠷᠡᠬᠦ ᠵᠠᠮ》᠎ᠢ ᠨᠡᠭᠡᠭᠡᠵᠦ᠂ ᠰᠢᠯᠭ᠋ᠠᠭᠤᠯᠤᠭᠴᠢ ᠵᠢ ᠬᠦᠷᠭᠡᠵᠦ ᠰᠢᠯᠭ᠋ᠠᠯᠲᠠ ᠵᠢ ᠬᠠᠮᠠᠭ᠋ᠠᠯᠠᠬᠤ ᠬᠠᠶ᠋ᠢᠷ᠎ᠠ ᠬᠠᠯᠠᠮᠵᠢ ᠵᠢᠨ ᠠᠵᠢᠯᠯᠠᠭ᠎ᠠ ᠥᠷᠨᠢᠭᠦᠯᠵᠦ᠂ ᠰᠢᠯᠭ᠋ᠠᠭᠤᠯᠤᠭᠴᠢ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠴᠠᠭ ᠲᠤᠬᠠᠶ᠎ᠳᠤ᠎ᠨᠢ ᠬᠠᠷᠢᠭᠤᠯᠲᠠ ᠥᠭᠴᠦ᠂ ᠰᠢᠯᠭ᠋ᠠᠭᠤᠯᠤᠭᠴᠢ᠎ᠳᠤ ᠪᠥᠬᠦ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠪᠠ᠃

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ