ᠣᠶ᠋ᠢᠷ᠎ᠠ ᠵᠢᠨ ᠡᠳᠦᠷ᠂ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ 4 ᠡᠷᠡᠭᠲᠡᠢ ᠨᠢᠭᠡᠨ ᠨᠡᠶ᠋ᠢᠭᠡᠮ᠎ᠤᠨ ᠬᠠᠷᠢᠯᠴᠠᠭ᠋ᠠᠨ᠎ᠤ ᠲᠠᠪᠴᠠᠩ᠎ᠳᠤ ᠨᠢᠭᠡ ᠬᠡᠰᠡᠭ ᠫᠤᠤᠵᠢᠩ ᠲᠠᠯᠪᠢᠬᠤ ᠸᠢᠳᠢᠤ᠋ ᠨᠡᠢ᠌ᠲᠡᠯᠡᠭᠡᠳ ᠰᠥᠯᠵᠢᠶᠡᠴᠢᠳᠤᠨ ᠠᠩᠬᠠᠷᠤᠯ᠎ᠢ ᠲᠠᠲᠠᠭᠰᠠᠨ ᠪᠥᠭᠡᠳ ᠮᠠᠰᠢ ᠣᠯᠠᠨ ᠬᠦᠮᠦᠨ ᠲᠡᠭᠦᠨ᠎ᠢ ᠢᠯᠡᠴᠢᠯᠡᠨ ᠮᠡᠳᠡᠭᠦᠯᠪᠡ᠃ ᠢᠯᠡᠴᠢᠯᠡᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠋ᠠᠨ᠎ᠤ ᠶᠡᠬᠡ ᠠᠩᠭᠢ ᠲᠡᠷᠡ ᠳᠠᠷᠤᠢ᠎ᠳᠤ᠎ᠨᠢ ᠪᠠᠶ᠋ᠢᠴᠠᠭ᠋ᠠᠯᠲᠠ ᠬᠢᠬᠦ ᠵᠢᠨ ᠬᠠᠮᠲᠤ ᠬᠡᠷᠡᠭ᠎ᠲᠤ ᠬᠣᠯᠪᠣᠭᠳᠠᠭᠰᠠᠨ ᠳᠥᠷᠪᠡᠨ ᠬᠥᠮᠦᠨ᠎ᠢ ᠬᠠᠤᠯᠢ ᠶᠣᠰᠣᠭ᠋ᠠᠷ ᠳᠠᠭᠤᠳᠠᠵᠤ᠂ 2025 ᠣᠨ᠎ᠤ 1 ᠰᠠᠷ᠎ᠠ ᠵᠢᠨ 2᠎ᠤᠨ ᠡᠳᠦᠷ ᠪᠣᠯᠵᠣᠨ ᠶᠠᠷᠢᠯᠴᠠᠪᠠ᠃

ᠪᠠᠶ᠋ᠢᠴᠠᠭ᠋ᠠᠭᠰᠠᠨ ᠵᠶ᠋ᠠᠷ᠂ 2024 ᠣᠨ᠎ᠤ 12 ᠰᠠᠷ᠎ᠠ ᠵᠢᠨ 31᠎ᠤ ᠡᠳᠦᠷ᠎ᠤᠨ 23 ᠴᠠᠭ᠎ᠤᠨ ᠦᠶ᠎ᠡ᠎ᠪᠠᠷ ᠯᠢᠨ ᠾᠧ ᠲᠣᠭᠣᠷᠢᠭ᠎ᠤᠨ ᠰᠢᠶᠠᠨ ᠹᠧᠩ ᠬᠥᠭᠦᠷᠭᠡ ᠵᠢᠨ ᠵᠠᠮ᠎ᠤᠨ ᠬᠡᠰᠡᠭ᠎ᠲᠤ ᠳ᠋ᠦᠩ ᠣᠪᠣᠭᠲᠤ᠂ ᠫᠠᠩ ᠣᠪᠣᠭᠲᠤ᠂ ᠶᠠᠩ ᠣᠪᠣᠭᠲᠤ᠂ ᠵᠠᠩ ᠣᠪᠣᠭᠲᠤ ᠳᠥᠷᠪᠡᠨ ᠬᠥᠮᠦᠨ ᠬᠡᠭᠡᠷᠡᠯᠡᠨ ᠠᠶᠠᠯᠠᠬᠤ ᠲᠡᠷᠭᠡ ᠵᠢᠯᠣᠭᠣᠳᠴᠤ ᠪᠡᠶ᠎ᠡ᠎ᠪᠠᠨ ᠲᠡᠷᠭᠡᠨ ᠭᠠᠳᠠᠨ᠎ᠠ ᠭᠠᠷᠭ᠋ᠠᠬᠤ ᠳᠠᠭ᠋ᠠᠤ 《ᠭᠠᠲ᠋ᠧᠯᠢᠨ》 ᠫᠤᠤᠵᠢᠩ ᠲᠠᠯᠪᠢᠪᠠ᠃ ᠪᠠᠰᠠ ᠲᠤᠰ ᠠᠵᠢᠯᠯᠠᠭ᠎ᠠ᠎ᠪᠠᠨ ᠰᠢᠩᠭᠡᠭᠡᠵᠦ ᠨᠢᠭᠡᠨ ᠣᠬᠣᠷ ᠸᠢᠳᠢᠣ᠋ ᠵᠢᠨ ᠲᠠᠪᠴᠠᠩ᠎ᠳᠤ ᠨᠡᠢ᠌ᠲᠡᠯᠡᠵᠦ᠂ ᠨᠡᠢ᠌ᠭᠡᠮ ᠳᠡᠭᠡᠷ᠎ᠡ ᠮᠠᠭᠤ ᠨᠥᠯᠥᠭᠡ ᠠᠪᠴᠢᠷᠠᠪᠠ᠃
ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠠᠤᠯᠢ ᠵᠢ ᠵᠥᠷᠢᠴᠡᠭᠰᠡᠨ ᠳᠥᠷᠪᠡᠨ ᠬᠥᠮᠦᠨ᠎ᠢ ᠰᠢᠭᠦᠮᠵᠢᠯᠡᠨ ᠰᠤᠷᠭ᠋ᠠᠬᠤ ᠵᠢᠨ ᠬᠠᠮᠲᠤ ᠬᠠᠤᠯᠢ ᠶᠣᠰᠣᠭ᠋ᠠᠷ ᠰᠢᠢ᠍ᠳᠬᠡᠵᠡᠢ᠃
ᠴᠠᠭᠳᠠᠭ᠋ᠠᠨ᠎ᠤ ᠲᠠᠯ᠎ᠠ ᠵᠢᠨ ᠰᠠᠨᠠᠭᠤᠯᠤᠮᠵᠢ
ᠰᠦᠯᠵᠢᠶᠡᠨ᠎ᠤ ᠲᠠᠷᠬᠠᠯᠲᠠ᠎ᠨᠢ ᠢᠳᠡᠪᠬᠢ ᠬᠦᠴᠦᠨ᠎ᠢ ᠪᠠᠳᠠᠷᠠᠭᠤᠯᠬᠤ᠎ᠪᠠᠷ ᠭᠣᠣᠯ ᠰᠡᠳᠦᠪ ᠪᠣᠯᠭ᠋ᠠᠬᠤ ᠬᠡᠷᠡᠭᠲᠡᠢ᠂ ᠠᠩᠬᠠᠷᠤᠯ᠎ᠢ ᠲᠠᠲᠠᠬᠤ ᠵᠢᠨ ᠲᠥᠯᠥᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠠᠷᠬᠠᠵᠤ ᠪᠣᠯᠬᠤ ᠦᠭᠡᠢ᠃ ᠫᠤᠤᠵᠢᠩ᠎ᠨᠢ ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠪᠣᠳᠠᠰ᠎ᠲᠤ ᠬᠠᠷᠢᠶᠠᠯᠠᠭᠳᠠᠵᠤ᠂ ᠲᠡᠭᠡᠭᠡᠪᠦᠷᠢᠯᠡᠬᠦ ᠦᠶ᠎ᠡ᠎ᠳᠤ ᠲᠤᠰᠬᠠᠢ ᠮᠡᠷᠭᠡᠵᠢᠯ᠎ᠤᠨ ᠠᠵᠢᠯᠲᠠᠨ ᠣᠨᠴᠠ ᠲᠣᠭᠲᠠᠭᠰᠠᠨ ᠬᠠᠮᠠᠭ᠋ᠠᠯᠠᠬᠤ ᠲᠥᠬᠥᠭᠡᠷᠦᠮᠵᠢ ᠠᠪᠬᠤ ᠪᠤᠶᠤ ᠣᠨᠴᠠ ᠲᠣᠭᠲᠠᠭᠰᠠᠨ ᠲᠡᠭᠡᠭᠡᠪᠦᠷᠢ ᠵᠢᠨ ᠲᠡᠷᠭᠡ ᠬᠥᠰᠬᠡ ᠵᠢ ᠬᠡᠷᠡᠭᠯᠡᠵᠦ᠂ ᠫᠤᠤᠵᠢᠩ᠎ᠢ ᠲᠡᠷᠭᠡᠨ ᠳᠡᠭᠡᠷ᠎ᠡ ᠲᠠᠯᠪᠢᠵᠤ᠂ ᠶᠠᠭ ᠯᠠ ᠨᠢᠭᠡᠨ ᠠᠶᠤᠯᠲᠠᠢ ᠳᠡᠯᠪᠡᠷᠡᠬᠦ ᠪᠥᠮᠪᠥᠭᠡ ᠲᠠᠯᠪᠢᠭᠰᠠᠨ ᠰᠢᠭ᠋ ᠪᠥᠭᠡᠳ ᠨᠡᠩ ᠴᠤ᠌ ᠲᠡᠷᠭᠡ ᠵᠢᠯᠣᠭᠣᠳᠬᠤ ᠵᠢᠨ ᠳᠠᠭ᠋ᠠᠤ ᠫᠤᠤᠵᠢᠩ ᠲᠠᠯᠪᠢᠬᠤ᠎ᠨᠢ ᠳᠡᠯᠪᠡᠷᠡᠯᠲᠡ ᠵᠢᠨ ᠠᠳᠠᠯ ᠭᠠᠷᠭ᠋ᠠᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭ᠋ᠠᠵᠤ ᠮᠡᠳᠡᠨ᠎ᠡ᠃ ᠵᠠᠰᠠᠮᠠᠯ ᠵᠠᠮ ᠴᠤ᠌ ᠲᠣᠭᠯᠠᠭ᠋ᠠᠮ᠎ᠤᠨ ᠭᠠᠵᠠᠷ ᠪᠢᠰᠢ᠂ ᠣᠯᠠᠨ ᠵᠶ᠋ᠠᠷ ᠵᠶ᠋ᠠᠨ ᠡᠷᠬᠡᠪᠰᠢ 《ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ》 ᠵᠢ ᠪᠠᠲᠤ ᠴᠡᠭᠡᠵᠢᠯᠡᠭᠡᠷᠡᠢ! ᠬᠡᠷᠪᠡ ᠠᠶᠤᠯᠲᠠᠢ ᠦᠢ᠍ᠯᠡ ᠠᠵᠢᠯᠯᠠᠭ᠎ᠠ ᠪᠠ ᠬᠠᠤᠯᠢ ᠳᠦᠷᠢᠮ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠯᠵᠤ ᠮᠡᠳᠡᠪᠡᠯ᠂ ᠴᠠᠭ ᠲᠤᠬᠠᠢᠳᠤᠨᠢ 110᠎ᠳᠤ ᠤᠲᠠᠰᠤᠳᠠᠵᠤ ᠢᠯᠡᠴᠢᠯᠡᠨ ᠮᠡᠳᠡᠭᠦᠯᠦᠭᠡᠷᠡᠢ᠃