ᠦᠢᠯᠡᠴᠢᠯᠡᠭᠡ   -   ᠰᠡᠷᠡᠮᠵᠢ᠎ᠶᠢᠨ ᠬᠤᠩᠬᠤ
ᠨᠢᠭᠡ ᠡᠷᠡᠭᠲᠡᠢ ᠭᠢᠨᠳᠠᠨ᠎ᠠᠴᠠ ᠰᠤᠯᠠᠯᠠᠭᠳᠠᠮᠠᠭᠴᠠ ᠴᠠᠭᠳᠠᠭ᠎ᠠ᠎ᠳᠤ ᠪᠠᠷᠢᠭᠳᠠᠪᠠ
ᠨᠡᠶ᠋ᠢᠲᠡᠯᠡᠭᠰᠡᠨ ᠴᠠᠭ᠄ 2025-03-31

      ᠶᠠᠮᠠᠷᠪᠠ ᠴᠠᠭ᠎ᠲᠤ ᠭᠡᠰᠡᠨ ᠴᠤ᠌ ᠶᠠᠯᠠᠲᠤ ᠬᠡᠷᠡᠭᠲᠡᠨ ᠬᠠᠤᠯᠢ ᠵᠢᠨ ᠰᠢᠢ᠍ᠳᠬᠡᠯ᠎ᠠᠴᠠ ᠳᠤᠲᠠᠭ᠋ᠠᠵᠤ ᠴᠢᠳᠠᠬᠤ ᠦᠭᠡᠢ᠃ ᠨᠢᠭᠡ ᠡᠷᠡᠭᠲᠡᠢ ᠭᠢᠨᠳᠠᠨ᠎ᠤ ᠡᠭᠦᠳᠡᠨ᠎ᠠᠴᠠ  ᠭᠠᠷᠤᠮᠠᠭᠴᠠ  ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ  ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ  ᠠᠷᠠᠳ᠎ᠤᠨ ᠴᠠᠭᠳᠠᠭ᠎ᠠ᠎ᠳᠤ ᠪᠠᠷᠢᠭᠳᠠᠪᠠ᠃

03f2c52850b33b0995fc607fbc89ce6.jpg


      2 ᠰᠠᠷ᠎ᠠ ᠵᠢᠨ 27᠎ᠤ ᠡᠳᠦᠷ ᠪᠣᠯ ᠪᠠᠶᠠᠨᠨᠠᠭᠤᠷ ᠬᠣᠲᠠ ᠵᠢᠨ ᠭᠢᠨᠳᠠᠨ᠎ᠤ ᠬᠣᠷᠢᠭᠳᠠᠵᠤ ᠪᠠᠶ᠋ᠢᠭ᠎ᠠ ᠵᠣᠣ ᠣᠪᠣᠭᠲᠤ ᠵᠢᠨ ᠡᠷᠡᠭᠦᠦ ᠵᠢᠨ ᠬᠤᠭᠤᠴᠠᠭ᠎ᠠ ᠳᠠᠭᠤᠰᠴᠤ ᠰᠤᠯᠠᠯᠠᠭᠳᠠᠭᠰᠠᠨ ᠡᠳᠦᠷ ᠪᠣᠯᠤᠨ᠎ᠠ᠃ ᠭᠡᠲᠡᠯ᠎ᠡ ᠲᠡᠭᠦᠨ᠎ᠢ ᠬᠦᠯᠢᠶᠡᠵᠦ ᠪᠠᠢ᠌ᠭ᠎ᠠ᠎ᠨᠢ ᠡᠷᠬᠡ ᠴᠢᠯᠥᠭᠡ ᠪᠢᠰᠢ᠂ ᠬᠠᠷᠢᠨ ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠰᠢᠨᠬᠤᠸᠠ ᠪᠠᠯᠭ᠋ᠠᠰᠤᠨ᠎ᠤ ᠬᠣᠶᠠᠳᠤᠭ᠋ᠠᠷ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ᠎ᠳᠤ ᠪᠠᠷᠢᠭᠳᠠᠭᠰᠠᠨ ᠪᠠᠢ᠌ᠨ᠎ᠠ᠃ ᠣᠶ᠋ᠢᠷ᠎ᠠ᠎ᠳᠤ᠂ ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶᠠᠨ᠎ᠤ ᠰᠢᠨᠬᠤᠸᠠ ᠪᠠᠯᠭ᠋ᠠᠰᠤᠨ᠎ᠤ ᠬᠣᠶᠠᠳᠤᠭ᠋ᠠᠷ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠡᠳᠦᠷ ᠲᠤᠲᠤᠮ᠎ᠤᠨ ᠠᠵᠢᠯ᠎ᠤᠨ ᠳᠤᠮᠳᠠ᠎ᠪᠠᠨ ᠮᠡᠳᠡᠭᠡ ᠵᠠᠩᠭᠢ ᠵᠢᠨ ᠰᠦᠯᠵᠢᠶᠡᠨ᠎ᠤ ᠶᠠᠯᠠᠲᠤ ᠠᠵᠢᠯᠯᠠᠭ᠎ᠠ ᠵᠢ ᠬᠠᠪᠰᠤᠷᠤᠨ ᠰᠦᠯᠵᠢᠶᠡᠨ ᠳᠡᠭᠡᠷ᠎ᠡ ᠳᠤᠲᠠᠭ᠋ᠠᠵᠤ ᠪᠠᠶ᠋ᠢᠭ᠎ᠠ ᠬᠥᠮᠦᠨ᠎ᠳᠤ ᠵᠢᠭᠰᠠᠭ᠋ᠠᠭᠳᠠᠭᠰᠠᠨ ᠵᠣᠣ ᠣᠪᠣᠭᠲᠤ ᠤᠳᠠᠯ ᠦᠭᠡᠢ ᠡᠷᠡᠭᠦᠦ ᠵᠢᠨ ᠬᠤᠭᠤᠴᠠᠭ᠎ᠠ᠎ᠨᠢ ᠳᠠᠭᠤᠰᠴᠤ ᠰᠤᠯᠠᠯᠠᠭᠳᠠᠬᠤ᠎ᠪᠠᠷ ᠪᠠᠢ᠌ᠬᠤ ᠵᠢ ᠣᠯᠵᠤ ᠮᠡᠳᠡᠵᠡᠢ᠃ ᠵᠣᠣ ᠣᠪᠣᠭᠲᠤ ᠵᠢᠨ ᠡᠷᠡᠭᠦᠦ ᠵᠢᠨ ᠬᠤᠭᠤᠴᠠᠭ᠎ᠠ᠎ᠨᠢ ᠳᠠᠭᠤᠰᠴᠤ ᠰᠤᠯᠠᠯᠠᠭᠳᠠᠭᠰᠠᠨ᠎ᠤ ᠳᠠᠷᠠᠭ᠎ᠠ ᠳᠤᠲᠠᠭ᠋ᠠᠵᠤ ᠵᠠᠶ᠋ᠢᠯᠠᠬᠤ᠎ᠠᠴᠠ ᠰᠡᠷᠭᠡᠢ᠍ᠯᠡᠬᠦ ᠵᠢᠨ ᠲᠥᠯᠥᠭᠡ᠂ ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠪᠠᠶᠠᠨᠨᠠᠭᠤᠷ ᠬᠣᠲᠠ ᠵᠢᠨ ᠭᠢᠨᠳᠠᠨ᠎ᠲᠠᠢ ᠰᠠᠨᠠᠭ᠋ᠠᠴᠢᠯᠠᠭ᠎ᠠ᠎ᠠᠴᠠ᠎ᠪᠠᠨ ᠨᠢᠭᠲᠠ ᠨᠡᠪᠲᠡᠷᠡᠯᠴᠡᠨ ᠵᠤᠬᠢᠴᠠᠭᠤᠯᠵᠤ᠂ 2 ᠰᠠᠷ᠎ᠠ ᠵᠢᠨ 27᠎ᠤ ᠡᠳᠦᠷ ᠵᠣᠣ ᠣᠪᠣᠭᠲᠤ ᠵᠢᠨ ᠡᠷᠡᠭᠦᠦ ᠵᠢᠨ ᠬᠤᠭᠤᠴᠠᠭ᠎ᠠ ᠳᠠᠭᠤᠰᠴᠤ ᠰᠤᠯᠠᠯᠠᠭᠳᠠᠭᠰᠠᠨ ᠡᠳᠦᠷ᠂ ᠠᠷᠠᠳ᠎ᠤᠨ ᠴᠠᠭᠳᠠᠭ᠎ᠠ ᠨᠢᠭᠡᠨᠲᠡ ᠭᠢᠨᠳᠠᠨ᠎ᠤ ᠡᠭᠦᠳᠡᠨ᠎ᠳᠤ ᠲᠡᠭᠦᠨ᠎ᠢ ᠬᠦᠯᠢᠶᠡᠵᠤ ᠪᠠᠶ᠋ᠢᠯ᠎ᠠ᠃ ᠵᠤᠤ ᠣᠪᠣᠭᠲᠤ ᠭᠢᠨᠳᠠᠨ᠎ᠤ ᠡᠭᠦᠳᠡ᠎ᠪᠠᠷ ᠭᠠᠷᠬᠤ ᠭᠡᠵᠦ ᠪᠠᠶ᠋ᠢᠭ᠎ᠠ ᠲᠡᠷᠡ ᠮᠥᠴᠡ᠎ᠳᠤ᠂ ᠬᠦᠯᠢᠶᠡᠵᠦ ᠪᠠᠶ᠋ᠢᠭᠰᠠᠨ ᠠᠷᠠᠳ᠎ᠤᠨ ᠴᠠᠭᠳᠠᠭ᠎ᠠ ᠲᠡᠷᠡ ᠳᠣᠣᠷ᠎ᠠ᠎ᠨᠢ ᠲᠡᠭᠦᠨ᠎ᠢ ᠪᠠᠷᠢᠪᠴᠢᠯᠠᠪᠠ᠃ ᠣᠳᠣᠬᠠᠨ᠎ᠳᠤ᠂ ᠶᠠᠯ᠎ᠠ ᠬᠢᠭᠰᠡᠨ ᠰᠡᠵᠢᠭᠳᠡᠨ ᠵᠣᠣ ᠣᠪᠣᠭᠲᠤ ᠨᠢᠭᠡᠨᠲᠡ ᠦᠬᠠᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠠᠮᠤᠷ ᠲᠦᠪᠰᠢᠨ ᠵᠶ᠋ᠠᠷ ᠰᠢᠯᠵᠢᠭᠦᠯᠦᠨ ᠲᠤᠰᠢᠶᠠᠭᠰᠠᠨ ᠪᠠᠶ᠋ᠢᠨ᠎ᠠ᠃


ᠢᠷᠡᠯᠲᠡ᠄ ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ