ᠣᠶ᠋ᠢᠷ᠎ᠠ᠎ᠳᠤ᠂ ᠰᠢᠯᠢ᠎ᠶᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ ᠦ᠋᠊ᠨ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠯᠤᠭᠤᠴᠢ ᠵᠢᠨ ᠦᠨᠡᠮᠯᠡᠯ᠎ᠢ ᠬᠤᠷᠢᠶᠠᠨ ᠠᠪᠴᠤ ᠬᠦᠴᠦᠨ ᠦᠭᠡᠢ ᠪᠣᠯᠭ᠋ᠠᠭᠰᠠᠨ᠎ᠢ ᠰᠡᠷᠭᠦᠭᠡᠬᠦ᠂ ᠠᠷᠢᠬᠢ ᠤᠤᠭᠤᠵᠤ ᠲᠡᠷᠭᠡ ᠵᠢᠯᠣᠭᠣᠳᠤᠭᠰᠠᠨ ᠲᠡᠮᠳᠡᠭᠯᠡᠯ᠎ᠢ ᠰᠢᠢ᠍ᠳᠪᠦᠷᠢᠯᠡᠬᠦ ᠵᠡᠷᠭᠡ ᠪᠠᠷ ᠰᠢᠯᠲᠠᠭ ᠪᠣᠯᠭ᠋ᠠᠵᠤ ᠬᠢᠭᠰᠡᠨ ᠮᠡᠬᠡᠯᠡᠯ ᠦ᠋᠊ᠨ ᠬᠡᠷᠡᠭ᠎ᠢ ᠠᠮᠵᠢᠯᠲᠠ᠎ᠲᠠᠶ ᠢᠯᠡᠷᠡᠭᠦᠯᠵᠦ᠂ ᠬᠣᠬᠢᠷᠠᠯ ᠠᠮᠰᠠᠭᠴᠢ ᠵᠢᠨ ᠠᠵᠤ ᠠᠬᠤᠶ ᠵᠢᠨ ᠬᠣᠬᠢᠷᠠᠯ᠎ᠢ ᠡᠭᠡᠭᠦᠯᠵᠦ ᠠᠪᠴᠢᠷᠠᠵᠤ᠂ ᠨᠡᠶ᠋ᠢᠭᠡᠮ ᠦ᠋᠊ᠨ ᠡᠮᠬᠢ ᠵᠢᠷᠤᠮ ᠪᠠ ᠣᠯᠠᠨ ᠲᠦᠮᠡᠨ᠎ᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠦᠴᠦᠲᠡᠶ ᠪᠠᠲᠤᠯᠠᠭᠰᠠᠨ ᠪᠠᠶ᠋ᠢᠨ᠎ᠠ᠃
ᠪᠠᠶ᠋ᠢᠴᠠᠭ᠋ᠠᠭᠰᠠᠨ ᠵᠶ᠋ᠠᠷ᠂ ᠶᠠᠯ᠎ᠠ ᠬᠢᠭᠰᠡᠨ ᠰᠡᠵᠢᠭᠳᠡᠨ ᠼᠦᠢ ᠣᠪᠣᠭᠲᠤ ᠬᠤᠬᠢᠷᠠᠯ ᠠᠮᠰᠠᠭᠴᠢ᠎ᠳᠤ ᠥᠪᠡᠷ᠎ᠤᠨ ᠣᠨᠴᠠᠭ᠋ᠠᠶ ᠠᠷᠭ᠎ᠠ ᠵᠠᠮ᠎ᠲᠠᠢ᠂ ᠬᠡᠪ᠎ᠤᠨ ᠪᠤᠰᠤ ᠶᠠᠪᠤᠴᠠ᠎ᠪᠠᠷ ᠳᠠᠮᠵᠢᠨ᠂ ᠵᠥᠪᠬᠡᠨ ᠵᠣᠬᠢᠬᠤ ᠲᠣᠭ᠋ᠠᠨ᠎ᠤ 《ᠬᠠᠷᠢᠴᠠᠭ᠋ᠠᠨ᠎ᠤ ᠵᠠᠷᠤᠳᠠᠯ》 ᠵᠠᠷᠤᠴᠠᠭᠤᠯᠪᠠᠯ᠂ ᠲᠡᠭᠦᠨ᠎ᠢ ᠬᠠᠪᠰᠤᠷᠤᠨ ᠵᠢᠯᠣᠭᠤᠴᠢ ᠵᠢᠨ ᠦᠨᠡᠮᠯᠡᠯ᠎ᠢ᠎ᠨᠢ ᠲᠦᠷᠭᠡᠨ ᠰᠡᠷᠭᠦᠭᠡᠵᠦ ᠳᠡᠢ᠌ᠯᠦᠨ᠎ᠡ ᠭᠡᠪᠡ᠃ ᠬᠤᠬᠢᠷᠠᠯ ᠠᠮᠰᠠᠭᠴᠢ᠎ᠨᠢ ᠵᠢᠯᠤᠭᠤᠴᠢ ᠵᠢᠨ ᠦᠨᠡᠮᠯᠡᠯ᠎ᠢ᠎ᠨᠢ ᠬᠦᠴᠦᠨ ᠦᠭᠡᠢ ᠪᠤᠯᠭ᠋ᠠᠭᠰᠠᠨ᠎ᠤ ᠲᠠᠷᠠᠭ᠎ᠠ᠂ ᠠᠵᠢᠯ ᠠᠮᠢᠳᠤᠷᠠᠯ᠎ᠨᠢ ᠲᠦᠢ᠍ᠯ᠎ᠤᠨ ᠶᠡᠭᠡ ᠨᠦᠯᠦᠭᠡᠯᠡᠯ᠎ᠳᠤ ᠤᠴᠠᠷᠠᠵᠤ᠂ ᠵᠢᠯᠤᠭᠤᠳᠬᠤ ᠬᠢᠷᠢ ᠬᠡᠮ᠎ᠢᠶᠠᠨ ᠰᠡᠷᠭᠦᠭᠡᠬᠦ᠎ᠪᠠᠷ ᠶᠠᠭ᠋ᠠᠷᠠᠵᠤ ᠪᠠᠢ᠌ᠬᠤ ᠪᠣᠯᠬᠣᠷ᠂ ᠼᠦᠢ ᠣᠪᠣᠭᠲᠤ ᠶᠢᠨ ᠨᠢᠭᠡ ᠰᠠᠷ᠎ᠠ ᠵᠢᠨ ᠳᠣᠲᠣᠷ᠎ᠠ ᠪᠦᠬᠦ ᠭᠠᠷ ᠭᠦᠢ᠍ᠴᠡᠳᠭᠡᠯ᠎ᠢ ᠭᠦᠢ᠍ᠴᠡᠳᠬᠡᠵᠦ ᠪᠠᠷᠠᠨ᠎ᠠ ᠭᠡᠰᠡᠨ ᠠᠮᠠᠯᠠᠯᠲᠠ᠎ᠶᠢ ᠨᠢ ᠢᠳᠡᠭᠡᠪᠡ᠃ ᠼᠦᠢ ᠣᠪᠣᠭᠲᠤ᠎ᠳᠤ ᠬᠣᠶᠠᠷ ᠤᠳᠠᠭ᠎ᠠ 14500 ᠲᠥᠭᠥᠷᠢᠭ᠎ᠢ ᠰᠢᠯᠵᠢᠭᠦᠯᠵᠡᠢ᠃ ᠭᠡᠲᠡᠯ᠎ᠡ ᠰᠠᠷ᠎ᠠ ᠭᠠᠷᠤᠶ ᠵᠢᠨ ᠬᠤᠭᠤᠴᠠᠭ᠎ᠠ ᠥᠩᠭᠡᠷᠡᠭᠰᠡᠨ ᠴᠦ᠍ ᠤᠴᠢᠷ᠎ᠢ ᠨᠢ ᠰᠢᠢ᠍ᠳᠪᠦᠷᠢᠯᠡᠵᠦ ᠥᠭᠭᠦᠭᠰᠡᠨ ᠦᠭᠡᠢ᠂ ᠬᠠᠷᠢᠨ ᠡᠯ᠎ᠡ ᠵᠦᠢ᠍ᠯ᠎ᠤᠨ ᠰᠢᠯᠲᠠᠭ ᠬᠡᠯᠡᠵᠦ᠂ ᠡᠰᠡᠬᠦᠯ᠎ᠡ ᠭᠠᠷ ᠭᠦᠢ᠍ᠴᠡᠳᠬᠡᠯ ᠶᠠᠭ ᠭᠦᠢ᠍ᠴᠡᠳᠬᠡᠵᠦ ᠪᠠᠶ᠋ᠢᠨ᠎ᠠ᠂ ᠡᠰᠡᠬᠦᠯ᠎ᠡ ᠪᠠᠭ᠎ᠠ ᠶᠠᠷᠰᠢᠭ ᠲᠦᠪᠡᠭ᠎ᠲᠤ ᠲᠤᠯᠭ᠋ᠠᠷᠠᠵᠤ᠂ ᠢᠯᠡᠭᠦᠴᠡ ᠵᠠᠷᠤᠳᠠᠯ ᠴᠢᠬᠤᠯᠠᠲᠠᠶ ᠭᠡᠳᠡᠭ᠂ ᠡᠨᠡ ᠦᠶ᠎ᠡ᠎ᠳᠤ ᠥᠪᠡᠷ᠎ᠤᠨ ᠮᠡᠬᠡᠯᠡᠭᠳᠡᠭᠰᠡᠨ ᠵᠶ᠋ᠠᠨ ᠮᠡᠳᠡᠷᠡᠵᠦ᠂ ᠳᠣᠲᠣᠭ᠋ᠠᠳᠤ᠎ᠶᠢ ᠬᠠᠮᠠᠭ᠋ᠠᠯᠠᠬᠤ ᠪᠠᠢ᠌ᠭᠤᠯᠭ᠎ᠠ᠎ᠳᠤ ᠬᠡᠷᠡᠭ ᠮᠡᠳᠡᠭᠦᠯᠪᠡ᠃

ᠬᠡᠷᠡᠭ ᠦ᠋᠊ᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠡᠷᠡᠭᠦᠤ ᠵᠢᠨ ᠬᠡᠷᠡᠭ ᠦ᠋᠊ᠨ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠲᠤᠰ ᠬᠡᠷᠡᠭ᠎ᠢ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠲᠤᠷᠰᠢᠨ ᠪᠠᠶ᠋ᠢᠴᠠᠭ᠋ᠠᠬᠤ᠎ᠪᠠᠷ ᠳᠡᠮᠵᠢᠨ 2025 ᠣᠨ᠎ᠤ 6 ᠰᠠᠷ᠎ᠠ ᠵᠢᠨ 19᠎ᠤ ᠡᠳᠦᠷ ᠼᠦᠢ ᠣᠪᠣᠭᠲᠤ ᠵᠢ ᠪᠠᠷᠢᠪᠴᠢᠯᠠᠪᠠ᠃ ᠰᠢᠭᠦᠨ ᠠᠰᠠᠭᠤᠬᠤ᠎ᠪᠠᠷ ᠳᠠᠮᠵᠢᠭ᠋ᠠᠳ᠂ ᠬᠡᠷᠡᠭ᠎ᠦᠨ ᠰᠡᠵᠢᠭᠳᠡᠨ ᠼᠦᠢ ᠣᠪᠣᠭᠲᠤ ᠲᠡᠭᠦᠨ᠎ᠤ ᠮᠡᠬᠡᠯᠡᠭᠰᠡᠨ ᠶᠠᠯ᠎ᠠ ᠵᠢᠨ ᠪᠣᠳᠠᠲᠤ ᠬᠡᠷᠡᠭ ᠵᠶ᠋ᠡᠨ ᠥᠴᠢᠭᠯᠡᠨ ᠮᠡᠳᠡᠷᠡᠵᠡᠶ᠃ ᠣᠳᠣᠬᠠᠨ᠎ᠳᠤ ᠬᠡᠷᠡᠭ᠎ᠢ ᠤᠯᠠᠮ ᠨᠢᠭᠡ ᠠᠯᠬᠤᠮ ᠳᠡᠩᠨᠡᠨ ᠰᠢᠢ᠍ᠳᠪᠦᠷᠢᠯᠡᠵᠦ ᠪᠠᠶ᠋ᠢᠨ᠎ᠠ᠃