ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠵᠢᠨ ᠠᠵᠢᠯ ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠂ ᠣᠯᠠᠨ ᠲᠦᠮᠡᠨ᠎ᠤ ᠵᠣᠭᠣᠰ ᠮᠦᠷᠦᠢ᠌ᠴᠡᠬᠦ ᠵᠢ ᠡᠰᠡᠷᠭᠦᠴᠡᠬᠦ ᠤᠬᠠᠮᠰᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠤᠯᠠᠭ᠋ᠠᠨᠬᠠᠳᠠ ᠬᠣᠲᠠ ᠵᠢᠨ ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠨᠡᠶ᠋ᠢᠭᠡᠮ ᠲᠣᠭᠣᠷᠢᠭ᠂ ᠬᠤᠳᠠᠯᠳᠤᠭ᠋ᠠᠨ᠎ᠤ ᠲᠠᠯᠠᠪᠤᠷ᠎ᠲᠤ ᠭᠦᠨᠵᠡᠭᠡᠶ᠋ᠢᠷᠡᠨ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠲᠤᠬᠠᠶ ᠵᠢᠨ ᠲᠠᠯᠠᠪᠤᠷ᠎ᠲᠤ ᠵᠥᠪᠯᠡᠯᠭᠡ ᠬᠠᠩᠭ᠋ᠠᠬᠤ ᠵᠡᠷᠭᠡ ᠠᠷᠭ᠎ᠠ ᠬᠡᠯᠪᠡᠷᠢ᠎ᠪᠠᠷ ᠬᠢᠯᠢ ᠠᠯᠤᠰᠯᠠᠨ ᠵᠣᠭᠣᠰ ᠮᠦᠷᠦᠢ᠌ᠴᠡᠬᠦ ᠵᠢᠨ ᠪᠠᠶ᠋ᠢᠩᠭᠤ ᠲᠣᠬᠢᠶᠠᠯᠳᠤᠬᠤ ᠬᠡᠯᠪᠡᠷᠢ᠂ ᠬᠤᠤᠷ ᠬᠥᠨᠥᠭᠡᠯ ᠦᠷ᠎ᠡ ᠨᠥᠯᠥᠭᠡ ᠵᠢᠴᠢ ᠰᠡᠷᠭᠡᠶ᠋ᠢᠯᠡᠬᠦ ᠠᠷᠭ᠎ᠠ ᠵᠢ ᠣᠯᠠᠨ ᠲᠦᠮᠡᠨ᠎ᠳᠤ ᠨᠠᠷᠢᠨ ᠲᠣᠳᠣᠷᠬᠠᠶ ᠲᠠᠶ᠋ᠢᠯᠪᠤᠷᠢᠯᠠᠨ ᠥᠭᠴᠦ᠂ ᠣᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠵᠣᠭᠣᠰ ᠮᠦᠷᠦᠢ᠌ᠴᠡᠬᠦ ᠵᠢ ᠳᠡᠪᠴᠢᠵᠦ ᠡᠰᠡᠷᠭᠦᠴᠡᠬᠦ ᠤᠬᠠᠮᠰᠠᠷ᠎ᠢ᠎ᠨᠢ ᠳᠡᠭᠡᠭᠰᠢᠯᠡᠭᠦᠯᠵᠦ᠂ ᠰᠣᠨᠣᠷ ᠰᠡᠷᠡᠮᠵᠢ ᠵᠢ᠎ᠨᠢ ᠳᠡᠭᠡᠭᠰᠢᠯᠡᠭᠦᠯᠵᠦ᠂ ᠬᠢᠯᠢ ᠠᠯᠤᠰᠯᠠᠨ ᠵᠣᠭᠣᠰ ᠮᠦᠷᠦᠢ᠌ᠴᠡᠬᠦ᠎ᠠᠴᠠ ᠵᠠᠢ᠌ᠯᠠᠬᠤ ᠵᠢ ᠰᠠᠨᠠᠭᠤᠯᠪᠠ᠃