ᠦᠢᠯᠡᠴᠢᠯᠡᠭᠡ   -   ᠤᠬᠠᠭᠤᠯᠭ᠎ᠠ
ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠦᠨ᠎ᠡ ᠲᠥᠯᠥᠪᠦᠷᠢ ᠥᠬᠡᠶ᠎ᠪᠠᠷ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-05-20

      4 ᠳ᠋ᠦ᠍ᠭᠡᠷ ᠰᠠᠷ᠎ᠠ ᠵᠢᠨ 29᠎ᠤ ᠡᠳᠦᠷ᠂ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠶ᠋ᠢᠷ᠎ᠠ ᠬᠠᠯᠠᠮᠵᠢ᠎ᠪᠠᠷ ᠪᠢᠯᠬᠠᠭᠰᠠᠨ ᠴᠢᠰᠤ ᠪᠦᠲᠦᠭᠡᠬᠦ ᠭᠤᠤᠯ ᠡᠰ᠎ᠤᠨ ᠴᠢᠰᠤᠨ᠎ᠤ ᠥᠯᠢᠭᠡᠷ ᠴᠤᠭᠯᠠᠭᠤᠯᠬᠤ ᠠᠵᠢᠯᠯᠠᠭ᠎ᠠ ᠥᠷᠨᠢᠭᠦᠯᠪᠡ᠃ ᠲᠣᠰ ᠤᠳᠠᠭ᠋ᠠᠨ᠎ᠤ ᠠᠵᠢᠯᠯᠠᠭ᠎ᠠ᠎ᠳᠤ ᠡᠯ᠎ᠡ ᠰᠠᠯᠠᠭ᠎ᠠ ᠮᠥᠴᠢᠷ᠎ᠤᠨ 48 ᠴᠠᠭᠳᠠᠭ᠎ᠠ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠭᠴᠢ᠎ᠨᠢ ᠠᠷᠠᠳ ᠲᠦᠮᠡᠨ᠎ᠤ ᠲᠥᠯᠥᠭᠡ ᠪᠠᠶ᠋ᠢᠬᠤ ᠡᠷᠬᠢᠮ ᠳᠡᠭᠡᠳᠦ ᠵᠣᠷᠢᠭ ᠰᠠᠨᠠᠭ᠎ᠠ ᠵᠢ ᠲᠠᠶ᠋ᠢᠯᠪᠤᠷᠢᠯᠠᠪᠠ᠃

2.jpg


      ᠠᠵᠢᠯᠯᠠᠭ᠎ᠠ ᠡᠬᠢᠯᠡᠬᠦ᠎ᠠᠴᠠ ᠡᠮᠦᠨ᠎ᠡ᠂ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠴᠢᠰᠤ ᠪᠦᠲᠦᠭᠡᠬᠦ ᠭᠤᠤᠯ ᠡᠰ᠎ᠤᠨ ᠥᠯᠢᠭᠡᠷ ᠴᠤᠭᠯᠠᠭᠤᠯᠬᠤ ᠠᠵᠢᠯ᠎ᠢ ᠲᠠᠨᠢᠯᠴᠠᠭᠤᠯᠤᠭᠰᠠᠨ ᠪᠥᠭᠡᠳ ᠠᠵᠢᠯᠯᠠᠭ᠎ᠠ᠎ᠳᠤ ᠣᠷᠣᠯᠴᠠᠭᠰᠠᠨ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠤᠬᠠᠶ ᠵᠢᠨ ᠲᠠᠯᠠᠪᠠᠶ᠎ᠳᠤ᠂ ᠴᠢᠰᠤ ᠪᠦᠲᠦᠭᠡᠬᠦ ᠭᠤᠤᠯ ᠡᠰ᠎ᠤᠨ ᠦᠯᠢᠭᠡᠷ ᠴᠤᠭᠯᠠᠭᠤᠯᠬᠤ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠠᠵᠢᠯᠲᠠᠨ᠎ᠤ ᠵᠢᠯᠣᠭᠣᠳᠣᠯᠭ᠎ᠠ ᠳᠤᠤᠷ᠎ᠠ᠂ ᠬᠢᠨᠠᠮᠠᠭ᠋ᠠᠶ ᠪᠦᠷᠢᠳᠬᠡᠨ ᠲᠡᠮᠳᠡᠭᠯᠡᠵᠦ᠂ ᠬᠦᠰᠦᠨᠦᠭᠲᠦ ᠲᠠᠭᠯᠠᠨ ᠪᠢᠴᠢᠵᠦ᠂ ᠰᠠᠶ᠋ᠢᠨ ᠳᠤᠷ᠎ᠠ᠎ᠠᠴᠠ᠎ᠪᠠᠨ ᠡᠮᠬᠢ ᠵᠢᠷᠤᠮ᠎ᠲᠠᠢ᠎ᠪᠠᠷ ᠴᠢᠰᠤᠨ᠎ᠤ ᠦᠯᠢᠭᠡᠷ ᠠᠪᠤᠭᠤᠯᠵᠤ᠂ ᠴᠢᠰᠤ ᠪᠦᠲᠦᠭᠡᠬᠦ ᠭᠤᠤᠯ ᠡᠰ ᠬᠠᠨᠳᠢᠪᠯᠠᠭᠴᠢᠳ᠎ᠤᠨ ᠮᠠᠲ᠋ᠧᠷᠢᠶᠠᠯ᠎ᠤᠨ ᠬᠥᠮᠥᠷᠭᠡ᠎ᠳᠤ ᠰᠢᠨ᠎ᠡ ᠰᠣᠷᠭᠣᠭ ᠴᠢᠰᠤ ᠣᠷᠣᠭᠤᠯᠬᠤ ᠥᠭᠪᠡ᠃

6.jpg


      ᠴᠢᠰᠤ ᠪᠦᠲᠦᠭᠡᠬᠦ ᠭᠣᠣᠯ ᠡᠰ ᠴᠤᠭᠯᠠᠭᠤᠯᠬᠤ ᠪᠣᠯ ᠨᠢᠭᠡ ᠵᠦᠢ᠍ᠯ᠎ᠤᠨ ᠡᠷᠬᠢᠮ ᠳᠡᠭᠡᠳᠦ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ ᠮᠥᠨ᠂ ᠴᠢᠰᠤ ᠴᠠᠶ᠋ᠢᠬᠤ ᠡᠪᠡᠳᠴᠢᠨ ᠵᠡᠷᠭᠡ ᠴᠢᠰᠤᠨ᠎ᠤ ᠡᠪᠡᠳᠴᠢᠨ᠎ᠲᠠᠢ ᠡᠪᠡᠳᠴᠢᠲᠡᠨ᠎ᠤ ᠠᠮᠢ ᠨᠠᠰᠤ ᠵᠢ ᠠᠪᠤᠷᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ 18 - 45 ᠨᠠᠰᠤᠨ᠎ᠤ ᠰᠠᠶ᠋ᠢᠨ ᠳᠤᠷ᠎ᠠ ᠵᠢᠨ ᠠᠵᠢᠯᠯᠠᠭᠴᠢ᠎ᠠᠴᠠ 8 ml ᠴᠢᠰᠤᠨ᠎ᠤ ᠥᠯᠢᠭᠡᠷ ᠠᠪᠴᠤ᠂ ᠪᠠᠶ᠋ᠢᠴᠠᠭ᠋ᠠᠨ ᠰᠢᠯᠭ᠋ᠠᠵᠤ ᠵᠠᠳᠠᠯᠤᠯᠲᠠ ᠬᠢᠬᠦ᠎ᠪᠠᠷ ᠳᠡᠮᠵᠢᠨ ᠳᠤᠮᠳᠠᠳᠤ ᠵᠢᠨ ᠴᠢᠮᠥᠭᠡ ᠵᠢᠨ ᠬᠥᠮᠥᠷᠭᠡ᠎ᠳᠤ ᠣᠷᠣᠭᠤᠯᠤᠨ᠎ᠠ᠂ ᠬᠡᠯᠪᠡᠷᠢ ᠲᠠᠭ᠋ᠠᠷᠠᠭᠤᠯᠵᠤ ᠠᠮᠵᠢᠯᠲᠠ ᠣᠯᠤᠭᠰᠠᠨ᠎ᠤ ᠳᠠᠷᠠᠭ᠎ᠠ ᠰᠠᠶ᠋ᠢᠨ ᠳᠤᠷ᠎ᠠ ᠵᠢᠨ ᠠᠵᠢᠯᠯᠠᠭᠴᠢ ᠰᠠᠶ᠋ᠢᠨ ᠳᠤᠷ᠎ᠠ᠎ᠠᠴᠠ᠎ᠪᠠᠨ ᠴᠢᠰᠤ᠎ᠪᠠᠨ ᠥᠭᠴᠦ᠂ ᠴᠢᠰᠤᠨ᠎ᠤ ᠡᠪᠡᠳᠴᠢᠲᠡᠨ᠎ᠢ ᠠᠪᠤᠷᠠᠨ ᠵᠠᠰᠠᠵᠤ᠂ ᠰᠠᠶ᠋ᠢᠨ ᠳᠤᠷ᠎ᠠ ᠵᠢᠨ ᠠᠵᠢᠯᠯᠠᠭᠴᠢ ᠵᠢᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠳᠤ ᠶᠠᠮᠠᠷ ᠴᠤ᠌ ᠬᠣᠬᠢᠷᠠᠯ ᠤᠴᠠᠷᠠᠭᠤᠯᠬᠤ ᠥᠬᠡᠶ᠂ ᠭᠡᠪᠡᠴᠦ ᠬᠡᠷᠡᠭᠴᠡᠭᠡ᠎ᠲᠠᠢ ᠬᠥᠮᠦᠰ᠎ᠲᠤ ᠠᠮᠢᠳᠤᠷᠠᠬᠤᠶ ᠵᠢᠨ ᠬᠦᠰᠡᠯ ᠡᠷᠡᠮᠡᠯᠵᠡᠯ ᠣᠯᠭᠣᠵᠤ ᠪᠣᠯᠤᠨ᠎ᠠ᠃

ᠢᠷᠡᠯᠲᠡ᠄ ᠲᠦᠩᠯᠢᠶᠣᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ