ᠦᠢᠯᠡᠴᠢᠯᠡᠭᠡ   -   ᠨᠢᠭᠡᠳᠤᠭᠡᠷ ᠹᠷᠤᠨᠲ
ᠴᠠᠰᠤ ᠰᠢᠭᠤᠷᠭ᠋ᠠᠨ᠎ᠳᠤ ᠠᠷᠠᠳ᠎ᠤᠨ ᠴᠠᠭᠳᠠᠭ᠎ᠠ 《ᠲᠡᠷᠭᠡ》 ᠲᠦᠯᠬᠢᠵᠦ ᠬᠠᠯᠠᠭᠤᠮᠰᠤᠭ ᠦᠢ᠍ᠯᠡᠴᠢᠯᠡᠭᠡ ᠬᠠᠩᠭ᠋ᠠᠪᠠ
ᠨᠡᠶ᠋ᠢᠲᠡᠯᠡᠭᠰᠡᠨ ᠴᠠᠭ᠄ 2025-04-14

    ᠡᠨᠡ ᠵᠢᠯ᠎ᠤᠨ ᠪᠢᠳᠡᠭᠦᠨ᠂ ᠰᠢᠨ᠎ᠡ ᠵᠢᠨ ᠨᠢᠭᠡᠨ᠎ᠳᠤ ᠴᠠᠰᠤ ᠣᠷᠣᠭᠰᠠᠨ᠎ᠠᠴᠠ ᠪᠣᠯᠵᠤ᠂ ᠪᠦᠬᠦᠶ᠋ᠢᠯᠡ ᠴᠠᠭ᠋ᠠᠨ ᠰᠠᠷ᠎ᠠ ᠵᠢᠨ ᠠᠶᠠᠯᠠᠯ᠎ᠳᠤ ᠠᠮᠤᠷ ᠲᠥᠪᠰᠢᠨ᠎ᠤ ᠳᠠᠯᠳᠠ ᠭᠡᠮ᠎ᠢ ᠠᠪᠴᠢᠷᠠᠵᠤ ᠥᠭᠪᠡ᠃ ᠡᠨᠡ ᠬᠦ᠌ ᠴᠠᠭ ᠮᠥᠴᠡ᠎ᠳᠤ᠂ ᠲᠦᠩᠯᠢᠶᠣᠤ ᠬᠤᠲᠠ ᠵᠢᠨ ᠬᠤᠷᠴᠢᠨ ᠵᠡᠭᠦᠨ ᠭᠠᠷᠤᠨ ᠬᠤᠶ᠋ᠢᠲᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ᠎ᠤᠨ ᠪᠠᠶ᠋ᠢᠷᠢ᠎ᠪᠠᠨ ᠢᠮᠠᠭᠲᠠ ᠪᠠᠲᠤ ᠰᠠᠬᠢᠵᠤ᠂ ᠬᠠᠷᠢᠶ᠎ᠠ ᠣᠷᠣᠨ᠎ᠤ ᠣᠯᠠᠨ ᠲᠦᠮᠡᠨ᠎ᠳᠤ ᠬᠠᠯᠠᠭᠤᠮᠰᠤᠭ ᠦᠢ᠍ᠯᠡᠴᠢᠯᠡᠭᠡ ᠵᠢ ᠦᠨᠡᠨ ᠬᠦ᠌ ᠮᠡᠳᠡᠷᠡᠭᠦᠯᠪᠡ᠃
1.jpg   


    ᠣᠶ᠋ᠢᠯᠠᠭ᠋ᠠᠭᠰᠠᠨ ᠵᠶ᠋ᠠᠷ᠂ 2025 ᠣᠨ᠎ᠤ 1 ᠰᠠᠷ᠎ᠠ ᠵᠢᠨ 28᠎ᠤ ᠡᠳᠦᠷ᠎ᠤᠨ 10 ᠴᠠᠭ 30 ᠮᠢᠨᠦ᠋ᠲ᠎ᠤᠨ ᠦᠶ᠎ᠡ᠎ᠪᠠᠷ᠂ ᠬᠤᠷᠴᠢᠨ ᠵᠡᠭᠦᠨ ᠭᠠᠷᠤᠨ ᠬᠤᠶ᠋ᠢᠲᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠩ ᠱᠧᠩ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠲᠥᠭᠰᠢᠭᠦᠷᠢ ᠮᠡᠳᠡᠭᠦᠯᠦᠯᠳᠡ ᠵᠢ ᠰᠢᠢ᠍ᠳᠪᠦᠷᠢᠯᠡᠭᠡᠳ ᠪᠤᠴᠠᠵᠤ ᠢᠷᠡᠬᠦ ᠵᠠᠮ ᠳᠡᠭᠡᠷ᠎ᠡ᠂ ᠬᠠᠷᠢᠶᠠᠲᠤ ᠣᠷᠣᠨ᠎ᠤ ᠬᠣᠣᠰᠨᠠᠭᠤᠷ ᠭᠠᠴᠠᠭ᠎ᠠ᠎ᠠᠴᠠ ᠬᠠᠷᠠᠠᠤᠰᠤ ᠲᠣᠰᠬᠤᠨ ᠬᠦᠷᠬᠦ ᠵᠠᠮ ᠳᠡᠭᠡᠷ᠎ᠡ ᠴᠠᠰᠤ ᠬᠤᠷᠠᠭᠰᠠᠨ᠎ᠠᠴᠠ ᠪᠣᠯᠵᠣ ᠲᠡᠷᠭᠡ ᠬᠦᠰᠭᠡ ᠤᠷᠤᠭᠰᠢᠯᠠᠵᠤ ᠲᠡᠢ᠌ᠯᠬᠦ ᠦᠭᠡᠢ ᠪᠠᠢ᠌ᠭ᠎ᠠ ᠪᠠᠢ᠌ᠳᠠᠯ᠎ᠲᠠᠢ ᠲᠠᠭ᠋ᠠᠷᠠᠯᠳᠤᠵᠤ᠂ ᠭᠦᠨ ᠵᠤᠵᠠᠭ᠋ᠠᠨ ᠬᠤᠷᠠᠭᠰᠠᠨ ᠴᠠᠰᠤ ᠵᠢ ᠠᠷᠢᠯᠭ᠋ᠠᠨ᠂ ᠬᠠᠰᠢᠭᠳᠠᠭᠰᠠᠨ ᠲᠡᠷᠭᠡ ᠬᠥᠰᠬᠡ ᠵᠢ ᠠᠮᠵᠢᠯᠲᠠ᠎ᠲᠠᠢ᠎ᠪᠠᠷ ᠬᠠᠪᠰᠤᠷᠤᠨ ᠬᠦᠴᠢᠷᠳᠡᠯ᠎ᠠᠴᠠ ᠠᠩᠭᠢᠵᠢᠷᠠᠭᠤᠯᠪᠠ᠃
5.jpg   


     ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠬᠤᠷᠴᠢᠨ ᠵᠡᠭᠦᠨ ᠭᠠᠷᠤᠨ ᠬᠤᠶ᠋ᠢᠲᠤ ᠬᠤᠰᠢᠭᠤᠨ᠎ᠤ ᠬᠠᠷᠢᠶᠠᠲᠤ ᠣᠷᠤᠨ᠎ᠳᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠪᠠᠷ᠎ᠠ ᠪᠣᠯᠤᠨ ᠴᠠᠭᠳᠠᠭ᠋ᠠᠨ ᠳᠡᠷᠭᠡ᠎ᠨᠢ ᠭᠠᠵᠠᠷ ᠪᠣᠯᠭ᠋ᠠᠨ᠎ᠳᠤ ᠢᠯᠡᠷᠡᠨ᠂ ᠬᠠᠬᠢᠷ ᠬᠦᠢ᠍ᠲᠡᠨ᠎ᠳᠤ ᠠᠮᠤᠷ ᠲᠥᠪᠰᠢᠨ᠎ᠤ ᠬᠠᠯᠠᠭᠤᠮᠰᠤᠭ ᠥᠩᠭᠡ ᠪᠣᠳᠤᠭ᠎ᠢ ᠨᠡᠮᠡᠷᠢᠯᠡᠪᠡ᠃

 

ᠢᠷᠡᠯᠲᠡ᠄ ᠲᠥᠩᠯᠢᠶᠤᠤ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ