ᠦᠯᠦ ᠬᠡᠷᠡᠭ ᠪᠣᠯᠭ᠋ᠠᠬᠣ ᠮᠡᠳᠡᠭᠳᠡᠯ᠎ᠤᠨ ᠪᠢᠴᠢᠭ᠎ᠢ ᠪᠢᠴᠢᠬᠦ᠎ᠳᠤ ᠠᠩᠬᠠᠷᠬᠣ ᠵᠦᠢ᠍ᠯ᠄
ᠡᠷᠡᠭᠦᠤ ᠵᠢᠨ ᠵᠠᠷᠭᠤ ᠵᠢᠨ ᠬᠠᠤᠯᠢ ᠵᠢᠨ 68 ᠳ᠋ᠤᠭ᠋ᠠᠷ ᠵᠦᠢ᠍ᠯ᠎ᠳᠤ ᠵᠥᠪᠬᠡᠨ ᠬᠡᠷᠡᠭ ᠪᠣᠯᠭ᠋ᠠᠨ ᠳᠠᠩᠰᠠᠯᠠᠬᠤ᠎ᠳᠤ ᠵᠣᠷᠢᠭᠣᠯᠣᠨ ᠲᠣᠰᠬᠠᠢ ᠨᠢᠭᠡᠨ ᠵᠠᠷᠴᠢᠮ᠎ᠤᠨ ᠴᠢᠨᠠᠷᠲᠠᠶ ᠨᠥᠬᠥᠴᠡᠯ᠎ᠢ ᠲᠣᠭᠲᠠᠭ᠋ᠠᠪᠠ᠂ ᠭᠡᠪᠡᠴᠦ ᠬᠠᠤᠯᠢ ᠴᠠᠭ᠋ᠠᠵᠠ ᠵᠢᠨ ᠦᠢ᠍ᠯᠡᠳᠦᠯᠭᠡ ᠵᠢᠨ ᠳᠤᠮᠳᠠ᠂ ᠲᠦᠮᠡ ᠮᠢᠩᠭ᠋ᠠᠨ ᠬᠤᠪᠢᠷᠠᠯᠲᠠ᠎ᠲᠠᠢ ᠪᠣᠳᠠᠲᠠᠶ ᠣᠨᠴᠠ ᠵᠠᠷᠢᠮ ᠬᠡᠷᠡᠭ᠎ᠤᠨ ᠡᠮᠦᠨ᠎ᠡ᠂ ᠬᠡᠷᠬᠢᠨ ᠣᠨᠣᠪᠴᠢᠲᠠᠶ ᠴᠠᠭ ᠲᠤᠬᠠᠶ᠎ᠳᠤᠨᠢ ᠬᠡᠷᠡᠭ ᠪᠣᠯᠭ᠋ᠠᠨ ᠳᠠᠩᠰᠠᠯᠠᠬᠤ ᠪᠤᠢ? ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ ᠶᠡᠷᠦ᠎ᠨᠢ ᠪᠣᠳᠠᠲᠠᠶ ᠶᠠᠯ᠎ᠠ ᠵᠢᠨ ᠨᠡᠷᠡᠳᠤ ᠴᠢᠭᠯᠡᠭᠦᠯᠦᠨ᠂ ᠬᠡᠷᠡᠭ ᠪᠣᠯᠭ᠋ᠠᠨ ᠳᠠᠩᠰᠠᠯᠠᠬᠤ ᠪᠠᠷᠢᠮᠵᠢᠶ᠎ᠠ ᠵᠢ ᠲᠣᠭᠲᠠᠭ᠋ᠠᠵᠤ᠂ ᠬᠡᠷᠡᠭ ᠪᠣᠯᠭ᠋ᠠᠨ ᠳᠠᠩᠰᠠᠯᠠᠬᠤ ᠨᠥᠬᠥᠴᠡᠯ᠎ᠢ ᠨᠠᠷᠢᠯᠢᠭᠵᠢᠭᠤᠯᠤᠨ ᠬᠡᠮᠵᠢᠶᠡᠵᠢᠭᠦᠯᠵᠦ ᠪᠠᠢ᠌ᠳᠠᠭ᠂ ᠵᠢᠱ᠌ᠢᠶᠡᠯᠡᠪᠡᠯ 《ᠬᠣᠤᠷᠲᠤ ᠡᠳ᠋᠎ᠤᠨ ᠬᠡᠷᠡᠭ᠎ᠢ ᠬᠡᠷᠡᠭ ᠪᠣᠯᠭ᠋ᠠᠨ ᠳᠠᠩᠰᠠᠯᠠᠬᠤ ᠪᠠᠷᠢᠮᠵᠢᠶ᠎ᠠ ᠵᠢᠨ ᠲᠤᠬᠠᠶ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠮᠡᠳᠡᠭᠳᠡᠯ》᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ 《ᠠᠷᠠᠳ᠎ᠤᠨ ᠪᠠᠶ᠋ᠢᠴᠠᠭ᠋ᠠᠬᠤ ᠬᠣᠷᠢᠶᠠᠨ᠎ᠤ ᠰᠢᠭᠤᠳ ᠬᠦᠯᠢᠶᠡᠨ ᠠᠪᠴᠤ ᠬᠡᠷᠡᠭ ᠪᠣᠯᠭ᠋ᠠᠨ ᠳᠠᠩᠰᠠᠯᠠᠵᠤ ᠲᠤᠷᠰᠢᠨ ᠪᠠᠶ᠋ᠢᠴᠠᠭ᠋ᠠᠬᠤ ᠬᠡᠷᠡᠭ᠎ᠤᠨ ᠬᠡᠷᠡᠭ ᠪᠣᠯᠭ᠋ᠠᠨ ᠳᠠᠩᠰᠠᠯᠠᠬᠤ ᠪᠠᠷᠢᠮᠵᠢᠶ᠎ᠠ ᠵᠢᠨ ᠲᠤᠬᠠᠶ ᠲᠣᠭᠲᠠᠭ᠋ᠠᠯ (ᠲᠤᠷᠰᠢᠨ ᠬᠡᠷᠡᠭᠵᠢᠭᠦᠯᠬᠦ)》᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ 《ᠬᠡᠭᠡᠯᠢ ᠲᠦᠯᠬᠢᠭᠰᠡᠨ ᠶᠠᠯ᠎ᠠ ᠵᠢᠨ ᠬᠡᠷᠡᠭ ᠪᠣᠯᠭ᠋ᠠᠨ ᠳᠠᠩᠰᠠᠯᠠᠬᠤ ᠪᠠᠷᠢᠮᠵᠢᠶ᠎ᠠ ᠵᠢᠨ ᠲᠤᠬᠠᠶ》 ᠭᠡᠬᠦ ᠮᠡᠳᠦ᠃ ᠬᠡᠷᠡᠭ ᠪᠣᠯᠭ᠋ᠠᠨ ᠳᠠᠩᠰᠠᠯᠠᠬᠤ ᠪᠠᠷᠢᠮᠵᠢᠶ᠎ᠠ᠎ᠨᠢ ᠬᠡᠷᠡᠭ ᠪᠣᠯᠭ᠋ᠠᠨ ᠳᠠᠩᠰᠠᠯᠠᠬᠤ ᠠᠵᠢᠯᠯᠠᠭ᠋ᠠᠨ᠎ᠤ ᠨᠠᠷᠢᠨ ᠳᠦᠷᠢᠮ ᠪᠣᠯᠤᠭᠰᠠᠨ᠎ᠤ ᠬᠤᠪᠢ᠎ᠳᠤ᠂ ᠬᠡᠷᠡᠭ ᠪᠣᠯᠭ᠋ᠠᠨ ᠳᠠᠩᠰᠠᠯᠠᠬᠤ ᠠᠵᠢᠯ᠎ᠤᠨ ᠡᠷᠴᠢᠮ᠎ᠢ ᠳᠡᠭᠡᠭᠰᠢᠯᠡᠭᠦᠯᠵᠦ᠂ ᠬᠡᠷᠡᠭ ᠪᠣᠯᠭ᠋ᠠᠨ ᠳᠠᠩᠰᠠᠯᠠᠬᠤ ᠠᠵᠢᠯ᠎ᠳᠤ ᠳᠥᠭᠥᠮ ᠦᠵᠡᠭᠦᠯᠵᠦ᠂ ᠵᠣᠷᠢᠭᠤᠳᠠ ᠭᠠᠷᠭ᠋ᠠᠭᠰᠠᠨ ᠬᠦᠴᠦᠨ ᠵᠦᠢ᠍ᠯᠡᠰ᠎ᠢ ᠠᠷᠢᠯᠭ᠋ᠠᠵᠣ; ᠬᠡᠷᠡᠭ ᠪᠣᠯᠭ᠋ᠠᠨ ᠳᠠᠩᠰᠠᠯᠠᠬᠤ ᠪᠠᠷᠢᠮᠵᠢᠶ᠎ᠠ᠎ᠨᠢ ᠪᠠᠰᠠ ᠶᠠᠯ᠎ᠠ ᠬᠢᠭᠰᠡᠨ ᠰᠡᠵᠢᠭᠯᠡᠯᠲᠡᠶ ᠬᠥᠮᠦᠨ᠎ᠤ ᠡᠷᠬᠡ ᠵᠢᠨ ᠬᠠᠮᠠᠭ᠋ᠠᠯᠠᠯᠲᠠ ᠵᠢ ᠲᠣᠳᠣᠷᠬᠠᠶ ᠴᠢᠨᠠᠷ ᠪᠠ ᠬᠠᠨᠳᠤᠯᠭ᠋ᠠᠲᠤ ᠴᠢᠨᠠᠷᠲᠠᠢ ᠪᠣᠯᠭ᠋ᠠᠵᠤ᠂ ᠲᠤᠷᠰᠢᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠡᠷᠬᠡ᠎ᠪᠠᠨ ᠳᠤᠷ᠎ᠠ᠎ᠪᠠᠷ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠣᠯᠵᠤ ᠮᠡᠳᠡᠵᠦ᠂ ᠴᠠᠭ ᠲᠤᠬᠠᠶ᠎ᠳᠤᠨᠢ ᠭᠣᠮᠣᠳᠠᠯ ᠲᠣᠭ᠋ᠠᠴᠢᠬᠤ᠎ᠳᠤ ᠳᠥᠭᠥᠮ ᠪᠣᠯᠭ᠋ᠠᠭᠰᠠᠨ ᠪᠠᠢ᠌ᠨ᠎ᠠ᠃
ᠲᠣᠰ ᠪᠢᠴᠢᠭ ᠬᠠᠷ᠎ᠠ ᠵᠢ ᠳᠠᠷᠤᠮᠠᠯᠯᠠᠵᠤ ᠬᠡᠷᠡᠭᠯᠡᠬᠦ ᠭᠡᠪᠡᠯ᠂ ᠠᠷᠣ᠎ᠳᠠᠬᠢ ᠪᠠᠭᠣᠯᠭ᠋ᠠᠬᠣ ᠬᠡᠯᠬᠢᠶᠡᠰᠦ ᠵᠢ ᠳᠠᠷᠣᠭ᠋ᠠᠷᠠᠢ!
ᠪᠠᠭᠣᠯᠭ᠋ᠠᠨ ᠳᠠᠷᠤᠮᠠᠯᠯᠠᠬᠤ ᠬᠡᠯᠬᠢᠶᠡᠰᠦ