ᠦᠢᠯᠡᠴᠢᠯᠡᠭᠡ   -   ᠳᠣᠲᠣᠭᠠᠳᠤ᠎ᠶᠢ ᠬᠠᠮᠠᠭᠠᠯᠠᠬᠤ ᠪᠢᠴᠢᠭ ᠬᠠᠷ᠎ᠠ᠎ᠶᠢᠨ ᠬᠡᠯᠪᠡᠷᠢ
ᠬᠠᠮᠵᠢᠵᠣ ᠡᠳ᠋ ᠬᠦᠷᠦᠩᠭᠡ ᠵᠢ ᠴᠡᠪᠳᠡᠭᠯᠡᠬᠦ / ᠴᠡᠪᠳᠡᠭᠯᠡᠭᠰᠡᠨ᠎ᠢ ᠬᠦᠴᠦᠨ ᠦᠭᠡᠢ ᠪᠣᠯᠭ᠋ᠠᠬᠣ ᠮᠡᠳᠡᠭᠳᠡᠯ᠎ᠤᠨ ᠪᠢᠴᠢᠭ
ᠨᠡᠶ᠋ᠢᠲᠡᠯᠡᠭᠰᠡᠨ ᠴᠠᠭ᠄ 2020-08-25

          ᠬᠠᠮᠵᠢᠵᠣ ᠡᠳ᠋ ᠬᠦᠷᠦᠩᠭᠡ ᠵᠢ ᠴᠡᠪᠳᠡᠭᠯᠡᠬᠦ / ᠴᠡᠪᠳᠡᠭᠯᠡᠭᠰᠡᠨ᠎ᠢ ᠬᠦᠴᠦᠨ ᠦᠭᠡᠢ ᠪᠣᠯᠭ᠋ᠠᠬᠣ

          ᠮᠡᠳᠡᠭᠳᠡᠯ᠎ᠤᠨ ᠪᠢᠴᠢᠭ


      ᠬᠠᠤᠯᠢ ᠴᠠᠭ᠋ᠠᠵᠠ ᠵᠢᠨ ᠪᠢᠴᠢᠭ ᠬᠠᠷ᠎ᠠ ᠪᠣᠯ ᠬᠠᠤᠯᠢ ᠴᠠᠭ᠋ᠠᠵᠠ ᠵᠢᠨ ᠬᠠᠷᠢᠴᠠᠭ᠋ᠠᠨ᠎ᠤ ᠭᠣᠣᠯ ᠴᠣᠭᠴᠠ᠎ᠨᠢ ᠬᠠᠤᠯᠢ᠎ᠳᠤ ᠲᠣᠭᠲᠠᠭ᠋ᠠᠭᠰᠠᠨ ᠳᠡᠰ ᠳᠠᠷᠠᠭ᠋ᠠᠯᠠᠯ ᠶᠣᠰᠣᠭ᠋ᠠᠷ᠂ ᠵᠠᠷᠭᠤᠯᠳᠤᠬᠤ ᠪᠠ ᠵᠠᠷᠭᠤᠯᠳᠤᠬᠤ᠎ᠲᠠᠢ ᠬᠣᠯᠪᠣᠭ᠎ᠠ᠎ᠲᠠᠢ ᠦᠯᠦ ᠵᠠᠷᠭᠤᠯᠳᠤᠬᠤ ᠠᠵᠢᠯᠯᠠᠭ᠎ᠠ ᠵᠢᠨ ᠳᠤᠮᠳᠠ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠠᠤᠯᠢ ᠴᠠᠭ᠋ᠠᠵᠠ ᠵᠢᠨ ᠬᠦᠴᠦᠨ ᠪᠤᠶᠤ ᠬᠠᠤᠯᠢ ᠴᠠᠭ᠋ᠠᠵᠠ ᠵᠢᠨ ᠠᠴᠢ ᠬᠣᠯᠪᠣᠭᠳᠠᠯ ᠪᠦᠬᠦᠢ ᠪᠢᠴᠢᠭ ᠬᠠᠷ᠎ᠠ ᠵᠢ ᠬᠡᠯᠡᠨ᠎ᠡ᠃
      ᠬᠠᠤᠯᠢ ᠴᠠᠭ᠋ᠠᠵᠠ ᠵᠢᠨ ᠪᠢᠴᠢᠭ ᠬᠠᠷ᠎ᠠ ᠭᠡᠬᠦ ᠡᠨᠡ ᠬᠦ᠌ ᠤᠬᠠᠭᠳᠠᠬᠤᠨ᠎ᠨᠢ ᠳᠡᠯᠭᠡᠷᠡᠩᠭᠦᠢ ᠤᠳᠬ᠎ᠠ ᠪᠠ ᠢᠪᠴᠤᠤ ᠤᠳᠬ᠎ᠠ ᠵᠢᠨ ᠢᠯᠭ᠋ᠠᠭ᠎ᠠ᠎ᠲᠠᠢ ᠪᠠᠶ᠋ᠢᠳᠠᠭ᠃ ᠳᠡᠯᠭᠡᠷᠡᠩᠭᠦᠶ ᠤᠳᠬ᠎ᠠ ᠵᠢᠨ ᠬᠠᠤᠯᠢ ᠴᠠᠭ᠋ᠠᠵᠠ ᠵᠢᠨ ᠪᠢᠴᠢᠭ ᠬᠠᠷ᠎ᠠ ᠪᠣᠯ ᠤᠯᠤᠰ᠎ᠠᠴᠠ ᠲᠣᠭᠲᠠᠭ᠋ᠠᠭᠰᠠᠨ ᠪᠠ ᠮᠡᠳᠡᠷᠡᠨ ᠵᠥᠪᠰᠢᠶᠡᠷᠡᠭᠰᠡᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠬᠠᠤᠯᠢ ᠴᠠᠭ᠋ᠠᠵᠠ ᠵᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠬᠦᠴᠦᠨ ᠪᠦᠬᠦᠢ ᠪᠢᠴᠢᠭ ᠮᠠᠲᠸᠷᠢᠶᠠᠯ᠂ ᠪᠢᠴᠢᠭ ᠬᠠᠷ᠎ᠠ ᠵᠢ ᠶᠡᠷᠦᠩᠬᠡᠶ᠋ᠢᠯᠡᠨ ᠵᠢᠭ᠋ᠠᠳᠠᠭ᠃ ᠢᠪᠴᠤᠤ ᠤᠳᠬ᠎ᠠ ᠵᠢᠨ ᠬᠠᠤᠯᠢ ᠴᠠᠭ᠋ᠠᠵᠠ ᠵᠢᠨ ᠪᠢᠴᠢᠭ ᠬᠠᠷ᠎ᠠ ᠭᠡᠳᠡᠭ᠎ᠨᠢ ᠵᠠᠷᠭᠤ ᠵᠢᠨ ᠠᠵᠢᠯᠯᠠᠭ᠎ᠠ ᠵᠢᠨ ᠳᠤᠮᠳᠠ ᠪᠠ ᠵᠠᠷᠭᠤ ᠵᠢᠨ ᠠᠵᠢᠯᠯᠠᠭ᠎ᠠ᠎ᠲᠠᠢ ᠬᠣᠯᠪᠣᠭ᠎ᠠ᠎ᠲᠠᠢ ᠵᠠᠷᠭᠤ ᠵᠢᠨ ᠪᠤᠰᠤ ᠠᠵᠢᠯᠯᠠᠭ᠎ᠠ ᠵᠢᠨ ᠳᠤᠮᠳᠠ ᠵᠣᠬᠢᠶᠠᠭᠰᠠᠨ ᠬᠠᠣᠯᠢ ᠴᠠᠭ᠋ᠠᠵᠠ ᠵᠢᠨ ᠬᠦᠴᠦᠨ ᠪᠤᠶᠤ ᠬᠠᠤᠯᠢ ᠴᠠᠭ᠋ᠠᠵᠠ ᠵᠢᠨ ᠠᠴᠢ ᠬᠣᠯᠪᠣᠭᠳᠠᠯ᠎ᠲᠠᠢ ᠪᠢᠴᠢᠭ ᠬᠠᠷ᠎ᠠ ᠵᠢ ᠵᠢᠭ᠋ᠠᠳᠠᠭ᠃ ᠢᠪᠴᠤᠤ ᠤᠳᠬ᠎ᠠ ᠵᠢᠨ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢᠨ ᠤᠬᠠᠭᠳᠠᠬᠤᠨ᠎ᠳᠤ ᠪᠠᠰᠠ ᠬᠠᠤᠯᠢ ᠴᠠᠭ᠋ᠠᠵᠠ ᠵᠢᠨ ᠪᠢᠴᠢᠭ ᠬᠠᠷ᠎ᠠ᠂ ᠵᠠᠷᠭᠤ ᠵᠢᠨ ᠪᠢᠴᠢᠭ ᠬᠠᠷ᠎ᠠ ᠵᠢᠨ ᠢᠯᠭ᠋ᠠᠭ᠎ᠠ ᠪᠠᠶ᠋ᠢᠳᠠᠭ᠃ ᠬᠠᠤᠯᠢ ᠴᠠᠭ᠋ᠠᠵᠠ ᠵᠢᠨ ᠪᠢᠴᠢᠭ ᠬᠠᠷ᠎ᠠ ᠭᠡᠳᠡᠭ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ (ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠠᠶ᠋ᠢᠭᠤᠯᠭ᠎ᠠ ᠪᠠᠭᠲᠠᠨ᠎ᠠ)᠂ ᠪᠠᠶ᠋ᠢᠴᠠᠭ᠋ᠠᠬᠤ ᠪᠠᠶ᠋ᠢᠭᠤᠯᠭ᠎ᠠ᠂ ᠰᠢᠭᠦᠨ ᠲᠠᠰᠤᠯᠬᠤ ᠪᠠᠶ᠋ᠢᠭᠤᠯᠭ᠎ᠠ᠂ ᠬᠥᠳᠡᠯᠮᠦᠷᠢ᠎ᠪᠠᠷ ᠥᠭᠡᠷᠡᠴᠢᠯᠡᠬᠦ ᠵᠢ ᠬᠠᠮᠢᠶᠠᠷᠬᠤ ᠪᠠᠶ᠋ᠢᠭᠤᠯᠭ᠎ᠠ ᠵᠢᠨ ᠵᠠᠷᠭᠤ ᠵᠢᠨ ᠠᠵᠢᠯᠯᠠᠭ᠎ᠠ ᠵᠢᠨ ᠳᠤᠮᠳᠠ ᠡᠷᠬᠡ ᠲᠤᠰᠢᠶᠠᠯ᠎ᠤᠨ ᠶᠣᠰᠣᠭ᠋ᠠᠷ ᠬᠡᠷᠡᠭᠯᠡᠭᠳᠡᠳᠡᠭ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢ ᠵᠢᠭ᠋ᠠᠵᠤ ᠪᠣᠢ᠃ ᠵᠠᠷᠭᠤ ᠵᠢᠨ ᠪᠢᠴᠢᠭ ᠬᠠᠷ᠎ᠠ ᠭᠡᠳᠡᠭ᠎ᠨᠢ ᠳᠡᠭᠡᠷ᠎ᠡ ᠳᠤᠷᠠᠳᠤᠭᠰᠠᠨ ᠪᠠᠶ᠋ᠢᠭᠤᠯᠭ᠎ᠠ ᠪᠠ ᠲᠤᠬᠠᠶ ᠵᠢᠨ ᠬᠥᠮᠦᠨ᠂ ᠵᠠᠷᠭᠣ ᠵᠢᠨ ᠣᠷᠣᠯᠠᠭᠴᠢ ᠵᠢᠨ ᠵᠠᠷᠭᠤ ᠵᠢᠨ ᠠᠵᠢᠯᠯᠠᠭ᠎ᠠ ᠵᠢᠨ ᠳᠤᠮᠳᠠ ᠬᠠᠤᠯᠢ ᠶᠣᠰᠣᠭ᠋ᠠᠷ ᠬᠡᠷᠡᠭᠯᠡᠭᠳᠡᠳᠡᠭ ᠪᠢᠴᠢᠭ ᠬᠠᠷ᠎ᠠ ᠵᠢ ᠵᠢᠭ᠋ᠠᠵᠤ ᠪᠣᠢ᠃ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢᠨ ᠤᠬᠠᠭᠳᠠᠬᠤᠨ᠎ᠢ ᠰᠤᠳᠤᠯᠬᠤ᠎ᠳᠤ᠎ᠪᠠᠨ ᠬᠡᠷᠪᠡ ᠵᠣᠬᠢᠶᠠᠨ ᠪᠢᠴᠢᠯᠭᠡ ᠵᠢᠨ ᠲᠠᠯ᠎ᠠ᠎ᠪᠠᠷ ᠶᠠᠷᠢᠪᠠᠯ᠂ ᠲᠡᠷᠡ ᠪᠣᠯ ᠨᠢᠭᠡ ᠵᠦᠢ᠍ᠯ᠎ᠤᠨ ᠬᠡᠷᠡᠭᠯᠡᠭᠡᠨ᠎ᠤ ᠰᠲ᠋ᠢᠯᠢ ᠮᠥᠨ᠃ ᠲᠡᠷᠡ ᠪᠣᠯ ᠬᠠᠤᠯᠢ ᠴᠠᠭ᠋ᠠᠵᠠ ᠵᠢᠨ ᠠᠵᠢᠯᠯᠠᠭ᠎ᠠ ᠵᠢᠨ ᠲᠤᠰᠬᠠᠶ ᠮᠡᠷᠭᠡᠵᠢᠯ᠎ᠤᠨ ᠪᠢᠴᠢᠭ ᠬᠠᠷ᠎ᠠ ᠮᠥᠨ᠃
      ᠵᠥᠪᠬᠡᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠬᠡᠷᠡᠭᠵᠢᠭᠦᠯᠪᠡᠯ ᠰᠠᠶᠢ ᠣᠶ᠋ᠢᠯᠠᠭ᠋ᠠᠭᠳᠠᠬᠤᠨ᠎ᠤ ᠲᠠᠯ᠎ᠠ ᠵᠢᠨ ᠦᠢ᠍ᠯᠡᠳᠦᠯ᠎ᠨᠢ ᠪᠣᠳᠠᠲᠤ ᠠᠴᠢ ᠬᠣᠯᠪᠣᠭᠳᠠᠯ᠎ᠲᠠᠢ ᠪᠣᠯᠵᠣ᠂   ᠬᠠᠤᠯᠢ ᠵᠢᠨ ᠪᠣᠳᠠᠲᠤ ᠦᠷ᠎ᠡ ᠪᠦᠲᠦᠮᠵᠢ᠂ ᠲᠤᠰ ᠪᠡᠶ᠎ᠡ ᠵᠢᠨ ᠦᠨᠡᠨ ᠪᠣᠳᠠᠲᠠᠢ ᠣᠷᠣᠰᠢᠬᠤᠢ ᠵᠢ ᠢᠯᠡᠷᠡᠭᠦᠯᠦᠨ᠎ᠡ᠃ ᠬᠠᠤᠯᠢ ᠴᠠᠭ᠋ᠠᠵᠠ ᠵᠢᠨ ᠪᠢᠴᠢᠭ ᠬᠠᠷ᠎ᠠ ᠪᠣᠯ ᠶᠠᠭ ᠡᠶ᠋ᠢᠮᠦᠷᠬᠦ ᠦᠨᠡᠨ ᠪᠣᠳᠠᠲᠠᠶ ᠣᠷᠣᠰᠢᠬᠤ ᠵᠢ ᠢᠯᠡᠳᠬᠡᠬᠦ ᠳᠣᠲᠠᠭᠳᠠᠵᠣ ᠪᠣᠯᠤᠰᠢ ᠦᠭᠡᠢ ᠴᠢᠬᠤᠯᠠ ᠪᠠᠭ᠋ᠠᠵᠢ ᠪᠠ ᠠᠴᠢᠶᠠᠯᠠᠭᠴᠢ ᠮᠥᠨ᠃

      ᠡᠳ᠋ ᠬᠦᠷᠦᠩᠭᠡ ᠵᠢ ᠬᠠᠮᠵᠢᠵᠣ ᠪᠠᠢ᠌ᠴᠠᠭ᠋ᠠᠨ ᠯᠠᠪᠯᠠᠬᠣ ᠮᠡᠳᠡᠭᠳᠡᠯ᠎ᠤᠨ ᠪᠢᠴᠢᠭ (ᠪᠣᠴᠠᠭ᠋ᠠᠯ ᠪᠠᠷᠢᠮᠲᠠ) ᠵᠢ ᠳᠠᠷᠣᠮᠠᠯᠯᠠᠵᠣ ᠬᠡᠷᠡᠭᠯᠡᠬᠦ ᠭᠡᠪᠡᠯ᠂ ᠠᠷᠣ᠎ᠳᠠᠬᠢ ᠪᠠᠭᠣᠯᠭ᠋ᠠᠬᠣ ᠬᠡᠯᠬᠢᠶᠡᠰᠦ ᠵᠢ ᠳᠠᠷᠣᠭ᠋ᠠᠷᠠᠢ!
      ᠳᠠᠷᠣᠮᠠᠯᠯᠠᠨ ᠪᠠᠭᠣᠯᠭ᠋ᠠᠬᠣ ᠬᠡᠯᠬᠢᠶᠡᠰᠦ


ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ