ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠬᠤᠯᠠᠭ᠋ᠠᠶ᠋ᠢᠯᠠᠭᠰᠠᠨ ᠨᠢᠭᠡᠨ ᠬᠡᠷᠡᠭ᠎ᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-02-18

      ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ᠎ᠬᠢᠨ ᠲᠡᠷᠭᠡᠨ᠎ᠤ  ᠰᠢᠯ᠎ᠨᠢ ᠪᠠᠯᠪᠠᠴᠢᠭᠳᠠᠨ 6720 ᠲᠥᠭᠥᠷᠢᠭ᠎ᠤᠨ ᠥᠷᠲᠡᠭ ᠪᠥᠬᠥᠶ ᠡᠳ᠋ ᠪᠣᠳᠠᠰ᠎ᠨᠢ ᠬᠤᠯᠠᠭ᠋ᠠᠶ᠋ᠢᠯᠠᠭᠳᠠᠵᠠᠶ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃ ᠠᠷᠠᠳ᠎ᠤᠨ ᠴᠠᠭᠳᠠᠭ᠎ᠠ ᠦᠳᠲᠡᠷ ᠲᠦᠷᠭᠡᠨ ᠵᠶ᠋ᠠᠷ ᠬᠡᠷᠡᠭ ᠪᠣᠯᠭ᠋ᠠᠨ ᠳᠡᠩᠰᠡᠯᠡᠵᠦ ᠳᠡᠩᠨᠡᠨ ᠪᠠᠶ᠋ᠢᠴᠠᠭ᠋ᠠᠵᠤ᠂ ᠵᠡᠭᠡᠯᠢ ᠳᠠᠭ᠋ᠠᠤ ᠵᠢᠨ ᠬᠢᠨᠠᠨ ᠡᠵᠡᠮᠳᠡᠭᠦᠷ᠎ᠤᠨ ᠳᠦᠷᠰᠦ ᠰᠢᠩᠭᠡᠭᠡᠯᠲᠡ ᠵᠢ ᠪᠠᠶ᠋ᠢᠴᠠᠭ᠋ᠠᠨ ᠦᠵᠡᠬᠦ ᠪᠠ ᠵᠠᠳᠠᠯᠤᠨ ᠰᠤᠳᠤᠯᠵᠤ ᠮᠠᠭ᠋ᠠᠳᠯᠠᠬᠤ᠂ ᠵᠢᠭᠰᠠᠭ᠋ᠠᠨ ᠪᠠᠢ᠌ᠴᠠᠭ᠋ᠠᠵᠤ ᠭᠡᠲᠡᠬᠦ᠎ᠪᠠᠷ ᠳᠠᠮᠵᠢᠭᠤᠯᠤᠨ᠂ ᠶᠠᠯ᠎ᠠ ᠬᠢᠭᠰᠡᠨ ᠰᠡᠵᠢᠭᠳᠡᠨ ᠯᠢᠦ ᠣᠪᠣᠭᠲᠤ ᠵᠢ ᠲᠣᠳᠣᠯᠠᠭᠰᠠᠨ ᠪᠥᠭᠡᠳ ᠪᠠᠷᠢᠪᠴᠢᠯᠠᠪᠠ᠃
     ᠣᠳᠣᠬᠠᠨ᠎ᠳᠤ᠂ ᠶᠠᠯ᠎ᠠ ᠬᠢᠭᠰᠡᠨ ᠰᠡᠵᠢᠭᠳᠡᠨ ᠯᠢᠦ ᠣᠪᠣᠭᠲᠤ ᠵᠢ ᠰᠠᠶ᠋ᠢᠬᠠᠨ ᠲᠣᠭᠣᠷᠢᠭ᠎ᠤᠨ ᠴᠠᠭᠳᠠᠭ᠋ᠠᠨ᠎ᠤ ᠲᠠᠯ᠎ᠠ ᠵᠢᠨ᠎ᠬᠢᠨ ᠬᠠᠤᠯᠢ ᠶᠣᠰᠣᠭ᠋ᠠᠷ ᠡᠷᠡᠭᠦᠦ ᠵᠢᠨ ᠬᠡᠷᠡᠭ ᠵᠶ᠋ᠠᠷ ᠲᠦᠷ ᠬᠣᠷᠢᠵᠤ᠂ ᠬᠡᠷᠡᠭ᠎ᠢ ᠤᠯᠠᠮ ᠨᠢᠭᠡ ᠠᠯᠬᠤᠮ ᠳᠡᠩᠨᠡᠨ ᠰᠢᠢ᠍ᠳᠪᠦᠷᠢᠯᠡᠵᠦ ᠪᠠᠶ᠋ᠢᠨ᠎ᠠ᠃

 

ᠢᠷᠡᠯᠲᠡ᠄ ᠬᠦᠬᠡᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ