ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠶᠤᠸᠠᠨ ᠪᠦᠦ ᠱᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠮᠣᠲ᠋ᠣᠷ ᠲᠡᠷᠭᠡ᠂ ᠴᠠᠬᠢᠯᠭ᠋ᠠᠨ ᠬᠥᠳᠡᠯᠭᠡᠭᠦᠷᠲᠦ ᠲᠡᠷᠭᠡ᠎ᠪᠠᠨ ᠭᠡᠭᠡᠭᠰᠡᠨ ᠬᠡᠷᠡᠭ᠎ᠤᠨ ᠮᠡᠳᠡᠭᠦᠯᠦᠯᠲᠡ ᠵᠢ ᠣᠯᠠᠨᠲᠠ ᠲᠤᠰᠪᠠ᠃ ᠬᠡᠷᠡᠭ ᠰᠢᠢ᠍ᠳᠪᠦᠷᠢᠯᠡᠬᠦ ᠠᠷᠠᠳ᠎ᠤᠨ ᠴᠠᠭᠳᠠᠭ᠎ᠠ ᠪᠠᠶ᠋ᠢᠴᠠᠭ᠋ᠠᠨ ᠰᠤᠷᠪᠤᠯᠵᠢᠯᠠᠬᠤ᠎ᠪᠠᠷ ᠳᠡᠮᠵᠢᠨ ᠵᠠᠩ ᠣᠪᠣᠭᠲᠤ ᠬᠡᠷᠡᠭ ᠬᠢᠭᠰᠡᠨ ᠬᠦᠨᠳᠦ ᠶᠡᠬᠡ ᠰᠡᠵᠢᠭ᠎ᠲᠠᠢ ᠪᠠᠶ᠋ᠢᠬᠤ ᠵᠢ ᠳᠣᠲᠣᠯᠠᠵᠠᠶ᠃ ᠡᠭᠦᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠵᠠᠩ ᠣᠪᠣᠭᠲᠤ ᠵᠢᠨ ᠨᠢᠭᠤᠨ ᠳᠠᠯᠳᠠᠯᠠᠵᠤ ᠮᠡᠳᠡᠬᠦ ᠭᠠᠵᠠᠷ᠎ᠢ ᠰᠠᠬᠢᠨ ᠭᠡᠲᠡᠭᠡᠳ᠂ ᠵᠠᠩ ᠣᠪᠣᠭᠲᠤ ᠵᠢ ᠠᠮᠵᠢᠯᠲᠠ᠎ᠲᠠᠢ ᠪᠠᠷᠢᠪᠴᠢᠯᠠᠵᠤ᠂ ᠬᠣᠯᠠᠭ᠋ᠠᠢ᠌ᠯᠠᠭᠰᠠᠨ 8 ᠮᠣᠲ᠋ᠣᠷ ᠲᠡᠷᠭᠡ ᠪᠠ ᠴᠠᠬᠢᠯᠭ᠋ᠠᠨ ᠬᠥᠳᠡᠯᠭᠡᠭᠦᠷᠲᠦ ᠲᠡᠷᠭᠡ ᠵᠢ ᠲᠤᠬᠠᠶ ᠵᠢᠨ ᠲᠠᠯᠠᠪᠠᠶ᠎ᠳᠤ ᠬᠣᠷᠢᠶᠠᠮᠵᠢᠯᠠᠨ ᠠᠪᠤᠪᠠ᠃ ᠠᠩᠬ᠎ᠠ ᠠᠯᠬᠤᠮ ᠪᠠᠢ᠌ᠴᠠᠭ᠋ᠠᠨ ᠲᠣᠳᠣᠯᠠᠭᠰᠠᠨ ᠵᠶ᠋ᠠᠷ᠂ ᠵᠠᠩ ᠣᠪᠣᠭᠲᠤ 48 ᠬᠤᠯᠠᠭ᠋ᠠᠶ᠋ᠢᠯᠠᠭᠰᠠᠨ ᠬᠡᠷᠡᠭ᠎ᠲᠤ ᠬᠣᠯᠪᠣᠭᠳᠠᠵᠤ᠂ ᠬᠡᠷᠡᠭ᠎ᠢ ᠤᠯᠠᠮ ᠨᠢᠭᠡ ᠠᠯᠬᠤᠮ ᠳᠡᠩᠨᠡᠨ ᠰᠢᠢ᠍ᠳᠪᠦᠷᠢᠯᠡᠵᠦ ᠪᠠᠶ᠋ᠢᠨ᠎ᠠ᠃