ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠡᠵᠡᠨ ᠬᠣᠷᠣᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠫᠠᠶ᠋ᠢᠰᠠ ᠡᠯᠭᠦᠨ ᠰᠢᠪᠠᠳᠠᠨ ᠰᠢᠢ᠍ᠳᠪᠦᠷᠢᠯᠡᠭᠦᠯᠦᠭᠰᠡᠨ 《2003.04.15》᠎ᠤ ᠳᠠᠷᠤᠭᠳᠠᠮᠠᠯ ᠠᠮᠢᠨ ᠬᠡᠷᠡᠭ᠎ᠢ ᠠᠮᠵᠢᠯᠲᠠ᠎ᠲᠠᠢ᠎ᠪᠠᠷ ᠳᠡᠩᠨᠡᠨ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-03-06

      2003 ᠣᠨ᠎ᠤ 4 ᠰᠠᠷ᠎ᠠ ᠵᠢᠨ 16᠎ᠤ ᠡᠳᠦᠷ᠂ ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠰᠠᠭᠤᠭ᠋ᠠᠯᠢ ᠠᠷᠠᠳ ᠡᠦ ᠣᠪᠣᠭᠲᠤ ᠠᠯᠠᠭᠳᠠᠭᠰᠠᠨ ᠭᠡᠬᠦ ᠬᠡᠷᠡᠭ᠎ᠤᠨ ᠮᠡᠳᠡᠭᠦᠯᠦᠯᠲᠡ ᠵᠢ ᠲᠤᠰᠴᠠᠶ᠃ ᠬᠡᠷᠡᠭ ᠭᠠᠷᠤᠭᠰᠠᠨ᠎ᠤ ᠳᠠᠷᠠᠭ᠎ᠠ᠂ ᠬᠣᠲᠠ ᠬᠣᠰᠢᠭᠤ ᠬᠣᠶᠠᠷ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠦᠳᠲᠡᠷ ᠲᠦᠷᠭᠡᠨ ᠵᠶ᠋ᠠᠷ ᠲᠤᠰᠬᠠᠶ ᠬᠡᠷᠡᠭ᠎ᠤᠨ ᠳᠤᠭᠤᠶ᠋ᠢᠯᠠᠩ ᠪᠠᠶ᠋ᠢᠭᠤᠯᠵᠤ ᠬᠡᠷᠡᠭ᠎ᠢ ᠳᠡᠩᠨᠡᠨ ᠪᠠᠢ᠌ᠴᠠᠭ᠋ᠠᠭᠰᠠᠨ ᠪᠣᠯᠪᠠᠴᠤ ᠲᠤᠬᠠᠶ ᠵᠢᠨ ᠦᠶ᠎ᠡ ᠵᠢᠨ ᠨᠥᠬᠥᠴᠡᠯ᠎ᠳᠤ ᠬᠢᠵᠠᠭ᠋ᠠᠷᠯᠠᠭᠳᠠᠵᠤ᠂ ᠲᠤᠰ ᠬᠡᠷᠡᠭ᠎ᠢ ᠳᠡᠩᠨᠡᠨ ᠢᠯᠡᠷᠡᠭᠦᠯᠵᠦ ᠳᠡᠢ᠌ᠯᠦᠭᠰᠡᠨ ᠦᠭᠡᠢ᠃
      21 ᠵᠢᠯ᠎ᠤᠨ ᠬᠤᠭᠤᠴᠠᠭ᠋ᠠᠨ᠎ᠳᠤ᠂ ᠡᠵᠡᠨ ᠬᠣᠷᠣᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠠᠷᠠᠳ᠎ᠤᠨ ᠴᠠᠭᠳᠠᠭ᠎ᠠ ᠲᠣᠰ ᠬᠡᠷᠡᠭ᠎ᠤᠨ ᠰᠦᠪᠡᠭᠴᠢ ᠵᠢ ᠲᠠᠰᠤᠷᠠᠯᠲᠠ ᠥᠬᠡᠶ ᠡᠮᠬᠢᠯᠡᠨ ᠳᠢᠭᠯᠡᠵᠦ᠂ ᠶᠠᠯ᠎ᠠ ᠬᠢᠭᠰᠡᠨ ᠰᠡᠵᠢᠭᠳᠡᠨ᠎ᠢ ᠪᠥᠬᠥ ᠬᠦᠴᠦᠨ ᠵᠶ᠋ᠠᠷ ᠵᠶ᠋ᠠᠨ ᠵᠢᠭᠰᠠᠭ᠋ᠠᠨ  ᠪᠠᠢ᠌ᠴᠠᠭ᠋ᠠᠬᠤ ᠠᠵᠢᠯ᠎ᠢ ᠵᠣᠭᠰᠣᠭ᠎ᠠ ᠦᠭᠡᠢ᠃ 2023 ᠣᠨ᠎ᠳᠤ᠂ ᠠᠷᠠᠳ᠎ᠤᠨ ᠴᠠᠭᠳᠠᠭ᠎ᠠ ᠲᠣᠭ᠎ᠠ ᠪᠠᠷᠢᠮᠲᠠ ᠵᠢ ᠵᠠᠳᠠᠯᠤᠨ ᠰᠢᠨᠵᠢᠯᠡᠬᠦ᠎ᠪᠠᠷ ᠳᠡᠮᠵᠢᠨ᠂ ᠬᠡᠷᠡᠭ᠎ᠤᠨ ᠲᠤᠬᠠᠶ ᠵᠢᠨ ᠲᠠᠯᠠᠪᠤᠷ᠎ᠤᠨ ᠪᠣᠳᠠᠰ᠎ᠤᠨ ᠭᠡᠷᠡᠴᠢ ᠵᠢ ᠰᠢᠯᠭ᠋ᠠᠨ ᠲᠣᠭᠲᠠᠭ᠋ᠠᠬᠤ᠎ᠲᠠᠢ ᠤᠶᠠᠯᠳᠤᠭᠤᠯᠤᠨ᠂ ᠡᠵᠡᠨ ᠬᠣᠷᠣᠭ᠎ᠠ ᠬᠣᠰᠢᠭᠤᠨ᠎ᠤ ᠰᠠᠭᠤᠭ᠋ᠠᠯᠢ ᠠᠷᠠᠳ ᠯᠢᠦ ᠣᠪᠣᠭᠲᠤ ᠬᠦᠨᠳᠦ ᠶᠡᠬᠡ ᠬᠡᠷᠡᠭ ᠬᠢᠭᠰᠡᠨ ᠰᠡᠵᠢᠭ᠎ᠲᠠᠢ ᠪᠠᠶ᠋ᠢᠬᠤ ᠵᠢ ᠣᠯᠵᠤ ᠮᠡᠳᠡᠵᠡᠶ᠃ 2024 ᠣᠨ᠎ᠤ 2 ᠰᠠᠷ᠎ᠠ ᠵᠢᠨ 2᠎ᠤᠨ ᠡᠳᠦᠷ᠂ ᠯᠢᠦ ᠣᠪᠣᠭᠲᠤ ᠵᠢᠨ ᠬᠡᠷᠡᠭ᠎ᠲᠤ ᠬᠣᠯᠪᠣᠭᠳᠠᠭᠰᠠᠨ ᠭᠡᠷᠡᠴᠢ ᠪᠠᠷᠢᠮᠲᠠ ᠵᠢ ᠭᠦᠢ᠍ᠴᠡᠳ ᠡᠵᠡᠮᠰᠢᠭᠰᠡᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠲᠡᠭᠦᠨ᠎ᠳᠤ ᠬᠠᠤᠯᠢ ᠶᠣᠰᠣᠭ᠋ᠠᠷ ᠡᠷᠡᠭᠦᠤ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠠᠶ᠃ ᠰᠢᠭᠦᠨ ᠠᠰᠠᠭᠤᠬᠤ᠎ᠪᠠᠷ ᠳᠠᠮᠵᠢᠭ᠋ᠠᠳ ᠯᠢᠦ ᠣᠪᠣᠭᠲᠤ 2003 ᠣᠨ᠎ᠤ 4 ᠰᠠᠷ᠎ᠠ ᠵᠢᠨ 15᠎ᠤ ᠡᠳᠦᠷ ᠡᠦ ᠣᠪᠣᠭᠲᠤ ᠵᠢ ᠬᠣᠣᠷᠯᠠᠨ ᠠᠯᠠᠭᠰᠠᠨ ᠶᠠᠯ᠎ᠠ ᠵᠢᠨ ᠪᠣᠳᠠᠲᠤ ᠬᠡᠷᠡᠭ ᠵᠶ᠋ᠠᠨ ᠦᠨᠡᠨ ᠮᠥᠨ ᠵᠶ᠋ᠠᠷ᠎ᠨᠢ ᠥᠴᠢᠭᠯᠡᠭᠡᠳ ᠬᠡᠷᠡᠭ᠎ᠢ ᠠᠮᠵᠢᠯᠲᠠ᠎ᠲᠠᠢ᠎ᠪᠠᠷ ᠢᠯᠡᠷᠡᠭᠦᠯᠪᠡ᠃

ᠢᠷᠡᠯᠲᠡ᠄ ᠣᠷᠳᠣᠰ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ