ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠭᠠᠷ ᠤᠲᠠᠰᠤ ᠣᠯᠵᠠᠯᠠᠵᠤ ᠪᠣᠰᠣᠳ᠎ᠤᠨ ᠵᠣᠭᠣᠰ᠎ᠢ ᠬᠤᠯᠠᠭ᠋ᠠᠶ᠋ᠢᠯᠠᠨ ᠵᠠᠷᠤᠭᠰᠠᠨ ᠬᠣᠶᠠᠷ ᠡᠷᠡᠭᠲᠡᠶ ᠵᠠᠰᠠᠭ ᠵᠠᠬᠢᠷᠭ᠋ᠠᠨ ᠵᠶ᠋ᠠᠷ ᠲᠦᠷ ᠬᠣᠷᠢᠭᠳᠠᠪᠠ
ᠨᠡᠶ᠋ᠢᠲᠡᠯᠡᠭᠰᠡᠨ ᠴᠠᠭ᠄ 2024-10-25

      ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠤᠸᠠᠩ ᠶᠠᠩ ᠸᠠ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ᠎ᠤ ᠠᠷᠠᠳ᠎ᠤᠨ ᠥᠪᠡᠷ᠎ᠤᠨ ᠭᠠᠷ ᠤᠲᠠᠰᠤ᠎ᠪᠠᠨ ᠭᠡᠭᠡᠭᠰᠡᠨ ᠮᠥᠷᠲᠡᠭᠡᠨ ᠸᠢᠴᠠᠲ᠎ᠲᠠᠬᠢ ᠰᠤᠯᠠ ᠵᠣᠭᠣᠰ᠎ᠨᠢ ᠪᠦᠷ ᠬᠤᠯᠠᠭ᠋ᠠᠢ᠌ᠯᠠᠭᠳᠠᠴᠢᠬᠠᠪᠠ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃ ᠠᠷᠠᠳ᠎ᠤᠨ ᠴᠠᠭᠳᠠᠭ᠎ᠠ ᠵᠢᠨ ᠪᠠᠶ᠋ᠢᠴᠠᠭ᠋ᠠᠭᠰᠠᠨ ᠵᠶ᠋ᠠᠷ᠂ ᠬᠣᠶᠠᠷ ᠡᠷᠡᠭᠲᠡᠶ ᠭᠠᠷ ᠤᠲᠠᠰᠤ ᠵᠢ ᠣᠯᠵᠠᠯᠠᠵᠤ ᠠᠪᠤᠭᠰᠠᠨ᠎ᠤ ᠳᠠᠷᠠᠭ᠎ᠠ ᠲᠣᠰ ᠭᠠᠷ ᠤᠲᠠᠰᠤ ᠵᠢ ᠠᠰᠢᠭᠯᠠᠨ ᠶᠠᠭᠤᠮ᠎ᠠ ᠬᠤᠳᠠᠯᠳᠤᠨ ᠠᠪᠤᠭᠰᠠᠨ ᠵᠠᠷᠤᠳᠠᠯ ᠵᠶ᠋ᠠᠨ ᠥᠭᠪᠡ᠃
      ᠣᠳᠣᠬᠠᠨ᠎ᠳᠤ᠂ ᠭᠠᠷ ᠤᠲᠠᠰᠤ ᠣᠯᠵᠠᠯᠠᠭᠰᠠᠨ ᠬᠣᠶᠠᠷ ᠡᠷᠡᠭᠳᠡᠢ ᠵᠢ ᠨᠢᠭᠡᠨᠲᠡ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠲᠦᠷ ᠬᠣᠷᠢᠬᠤ ᠰᠢᠢᠳᠬᠡᠯ ᠵᠶ᠋ᠠᠷ ᠰᠢᠢᠳᠬᠡᠵᠡᠶ᠃ 

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ