《ᠵᠤᠨ᠎ᠤ ᠤᠯᠠᠷᠢᠯ᠎ᠤᠨ ᠠᠵᠢᠯᠯᠠᠭ᠎ᠠ》 ᠵᠢ ᠥᠷᠨᠢᠭᠦᠯᠦᠭᠰᠡᠨ᠎ᠠᠴᠠ ᠨᠠᠭ᠋ᠠᠰᠢ᠂ ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠠᠮᠢ ᠠᠬᠤᠢ ᠵᠢᠨ ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠭᠡ ᠠᠩᠭᠢ ᠳᠡᠭᠡᠳᠦ ᠱᠠᠲᠤᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ 《ᠺᠦᠨᠯᠦ᠋ᠨ 2024》 ᠲᠤᠰᠬᠠᠶ ᠠᠵᠢᠯᠯᠠᠭ᠎ᠠ᠎ᠲᠠᠢ ᠤᠶᠠᠯᠳᠤᠭᠤᠯᠤᠨ᠂ ᠨᠡᠶ᠋ᠢᠭᠡᠮ᠎ᠤᠨ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠨᠥᠯᠥᠭᠡᠯᠡᠬᠦ ᠠᠶᠤᠯ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠣᠰᠣᠨ᠎ᠳᠤ ᠬᠤᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶ᠋ᠢᠳᠠᠯ᠎ᠢ ᠪᠠᠲᠤᠯᠠᠨ᠂ ᠪᠦᠬᠦᠨ᠎ᠢ ᠬᠠᠮᠤᠷᠬᠤ᠂ ᠥᠴᠦᠬᠡᠨ ᠴᠦ᠍ ᠬᠦᠯᠢᠴᠡᠬᠦ ᠥᠬᠡᠶ᠂ ᠬᠠᠤᠯᠢ ᠵᠢ ᠴᠢᠩᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠣᠶ᠋ᠢᠷ᠎ᠠ᠎ᠳᠤ᠂ ᠨᠢᠭᠡᠨ ᠠᠶᠤᠯᠲᠠᠶ ᠠᠵᠢᠯ᠎ᠤᠨ ᠬᠡᠷᠡᠭ᠎ᠢ ᠠᠮᠵᠢᠯᠲᠠ᠎ᠲᠠᠶ ᠢᠯᠡᠷᠡᠭᠦᠯᠵᠦ᠂ 1 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠤᠯᠪᠣᠭᠳᠠᠭᠰᠠᠨ 1 ᠲᠡᠷᠭᠡ ᠵᠢ ᠪᠠᠶ᠋ᠢᠴᠠᠭ᠋ᠠᠨ ᠭᠠᠷᠭ᠋ᠠᠵᠤ᠂ 46 ᠺᠢᠯᠦᠭᠷᠠᠮ ᠰᠤᠯᠠ ᠰᠠᠪᠠᠯᠠᠭᠰᠠᠨ ᠴᠢᠶᠢᠦ ᠲᠣᠰᠣ ᠵᠢ ᠪᠠᠶ᠋ᠢᠴᠠᠭ᠋ᠠᠨ ᠬᠤᠷᠢᠶᠠᠮᠵᠢᠯᠠᠪᠠ᠃

ᠣᠶ᠋ᠢᠷ᠎ᠠ᠎ᠳᠤ᠂ ᠠᠮᠢ ᠠᠬᠤᠢ ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠭᠡ ᠠᠩᠭᠢ ᠵᠢᠨ ᠠᠷᠠᠳ᠎ᠤᠨ ᠴᠠᠭᠳᠠᠭ᠎ᠠ ᠬᠠᠷᠢᠶᠠᠲᠤ ᠣᠷᠣᠨ᠎ᠤ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢ᠍ᠯᠡᠳᠪᠦᠷᠢ ᠵᠢᠨ ᠡᠭᠦᠳᠡᠨ᠎ᠳᠤ ᠰᠡᠵᠢᠭᠲᠡᠶ ᠡᠮᠡᠭᠲᠡᠶ ᠵᠢ ᠣᠯᠵᠤ ᠬᠠᠷᠠᠪᠠ᠃ ᠠᠷᠠᠳ᠎ᠤᠨ ᠴᠠᠭᠳᠠᠭ᠎ᠠ ᠮᠥᠷᠳᠡᠨ ᠪᠠᠶ᠋ᠢᠴᠠᠭ᠋ᠠᠵᠤ ᠮᠡᠳᠡᠭᠰᠡᠨ ᠵᠶ᠋ᠠᠷ᠂ ᠲᠣᠰ ᠡᠮᠡᠭᠲᠡᠶ ᠨᠢᠭᠡᠨ ᠮᠥᠩᠭᠦᠨ ᠥᠩᠭᠡ᠎ᠲᠠᠢ ᠵᠢᠵᠢᠭ ᠮᠠᠰᠢᠨ ᠳᠣᠲᠣᠷ᠎ᠠ ᠵᠢᠪᠡᠷᠡᠬᠦ ᠥᠬᠡᠶ ᠪᠣᠯᠣᠳ ᠬᠠᠳᠠᠭ᠋ᠠᠯᠠᠬᠤ ᠬᠠᠶ᠋ᠢᠷᠴᠠᠭ ᠵᠢᠴᠢ ᠲᠣᠰᠣ ᠨᠡᠮᠡᠬᠦ ᠲᠥᠬᠦᠭᠡᠷᠦᠮᠵᠢ ᠨᠡᠮᠡᠵᠦ ᠤᠭᠰᠠᠷᠠᠭᠰᠠᠨ ᠪᠥᠭᠡᠳ ᠪᠤᠰᠤᠳ ᠬᠥᠮᠦᠨ᠎ᠳᠤ ᠬᠠᠤᠯᠢ ᠪᠤᠰᠤ᠎ᠪᠠᠷ ᠴᠢᠶᠢᠦ ᠬᠤᠳᠠᠯᠳᠤᠵᠤ ᠪᠠᠶ᠋ᠢᠨ᠎ᠠ᠃ ᠠᠷᠠᠳ᠎ᠤᠨ ᠴᠠᠭᠳᠠᠭ᠎ᠠ ᠴᠢᠩᠭ᠎ᠠ ᠨᠢᠮᠪᠠᠶ ᠪᠠᠶ᠋ᠢᠷᠢᠯᠠᠭᠤᠯᠤᠨ᠂ ᠪᠤᠰᠤᠳ᠎ᠤᠨ ᠲᠡᠷᠭᠡ᠎ᠪᠠᠷ ᠰᠤᠯᠠ ᠰᠠᠪᠠᠯᠠᠭᠰᠠᠨ ᠴᠢᠶ᠋ᠢᠤ ᠵᠢ ᠬᠤᠳᠠᠯᠳᠤᠵᠤ ᠪᠠᠶ᠋ᠢᠭ᠎ᠠ ᠵᠠᠩ ᠣᠪᠣᠭᠲᠤ ᠵᠢ ᠲᠡᠷᠡ ᠳᠣᠤᠷ᠎ᠠ᠎ᠨᠢ ᠪᠠᠷᠢᠪᠴᠢᠯᠠᠪᠠ᠃
ᠪᠠᠶ᠋ᠢᠴᠠᠭ᠋ᠠᠭᠰᠠᠨ ᠵᠶ᠋ᠠᠷ᠂ ᠶᠠᠯ᠎ᠠ ᠬᠢᠭᠰᠡᠨ ᠰᠡᠵᠢᠭᠳᠡᠨ ᠵᠠᠩ ᠣᠪᠣᠭᠲᠤ ᠬᠤᠯᠪᠣᠭᠳᠠᠯ ᠪᠥᠬᠦᠶ ᠵᠥᠪᠰᠢᠶᠡᠷᠡᠯ᠎ᠤᠨ ᠦᠨᠡᠮᠯᠡᠯ ᠭᠦᠢ᠍ᠴᠡᠳᠬᠡᠭᠰᠡᠨ ᠥᠬᠡᠶ ᠪᠠᠶ᠋ᠢᠳᠠᠯ᠎ᠤᠨ ᠳᠣᠤᠷ᠎ᠠ᠂ ᠠᠶᠤᠯᠲᠠᠶ ᠪᠣᠳᠠᠰ᠎ᠢ ᠳᠤᠷ᠎ᠠ᠎ᠪᠠᠷ ᠵᠶ᠋ᠠᠨ ᠲᠡᠭᠡᠭᠡᠪᠦᠷᠢᠯᠡᠬᠦ᠂ ᠬᠠᠳᠠᠭ᠋ᠠᠯᠠᠬᠤ ᠵᠢᠨ ᠬᠠᠮᠲᠤ ᠲᠡᠷᠭᠡᠨ ᠳᠡᠭᠡᠷ᠎ᠡ ᠥᠭᠡᠷᠡᠴᠢᠯᠡᠨ ᠤᠭᠰᠠᠷᠠᠭᠰᠠᠨ ᠲᠣᠰᠣ ᠨᠡᠮᠡᠬᠦ ᠲᠣᠨᠣᠭᠯᠠᠯ᠎ᠢ ᠠᠰᠢᠭᠯᠠᠨ ᠪᠤᠰᠤᠳ᠎ᠲᠤ ᠴᠢᠶᠢᠦ ᠲᠣᠰᠣ ᠬᠤᠳᠠᠯᠳᠤᠵᠤ ᠣᠯᠵᠠ ᠤᠯᠬᠤ ᠦᠢ᠍ᠯᠡ ᠠᠵᠢᠯᠯᠠᠭ᠎ᠠ᠎ᠪᠠᠨ ᠨᠢᠭᠤᠯᠲᠠ ᠦᠭᠡᠢ ᠦᠴᠢᠭᠯᠡᠪᠡ᠃ ᠣᠳᠣᠬᠠᠨ᠎ᠳᠤ᠂ ᠶᠠᠯ᠎ᠠ ᠬᠢᠭᠰᠡᠨ ᠰᠡᠵᠢᠭᠳᠡᠨ ᠵᠠᠩ ᠣᠪᠣᠭᠲᠤ᠎ᠳᠤ ᠠᠶᠤᠯᠲᠠᠶ ᠠᠵᠢᠯ ᠬᠢᠭᠰᠡᠨ ᠶᠠᠯ᠎ᠠ᠎ᠪᠠᠷ ᠨᠢᠭᠡᠨᠲᠡ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠠᠶ᠃ ᠲᠤᠰ ᠬᠡᠷᠡᠭ᠎ᠢ ᠤᠯᠠᠮ ᠨᠢᠭᠡ ᠠᠯᠬᠤᠮ ᠲᠠᠩᠨᠠᠨ ᠪᠠᠶ᠋ᠢᠴᠠᠭ᠋ᠠᠵᠤ ᠪᠠᠶ᠋ᠢᠨ᠎ᠠ᠃
ᠳᠠᠷᠠᠭ᠋ᠠᠴᠢ ᠵᠢᠨ ᠠᠯᠬᠤᠮ᠎ᠳᠤ᠂ ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠦᠷᠭᠦᠯᠵᠢᠯᠡᠨ ᠬᠦᠴᠦᠯᠡᠵᠦ᠂ ᠲᠣᠰᠣ ᠨᠡᠮᠡᠬᠦ ᠲᠥᠬᠦᠭᠡᠷᠦᠮᠵᠢ ᠵᠢ ᠬᠠᠤᠯᠢ ᠪᠤᠰᠤ᠎ᠪᠠᠷ ᠥᠪᠡᠰᠦᠪᠡᠨ ᠦᠢ᠍ᠯᠡᠳᠬᠦ᠂ ᠥᠭᠡᠷᠡᠴᠢᠯᠡᠨ ᠤᠭᠰᠠᠷᠠᠵᠤ ᠪᠣᠯᠪᠠᠰᠤᠷᠠᠭᠤᠯᠤᠭᠰᠠᠨ ᠲᠣᠰᠣ ᠵᠢ ᠬᠤᠳᠠᠯᠳᠤᠬᠤ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠨᠡᠶ᠋ᠢᠭᠡᠮ᠎ᠤᠨ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠨ᠂ ᠪᠣᠯᠪᠠᠰᠤᠷᠠᠭᠤᠯᠤᠭᠰᠠᠨ ᠲᠣᠰᠣᠨ᠎ᠤ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠪᠦᠲᠦᠮᠵᠢᠲᠡᠶ ᠴᠡᠪᠡᠷᠰᠢᠭᠦᠯᠵᠦ᠂ ᠬᠠᠷᠢᠶ᠎ᠠ ᠣᠷᠣᠨ᠎ᠤ ᠣᠯᠠᠨ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠨ᠎ᠠ᠃