ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ ᠵᠣᠭᠣᠰ ᠮᠦᠷᠦᠢ᠌ᠴᠡᠬᠦ᠎ᠳᠤ ᠬᠣᠯᠪᠣᠭᠳᠠᠭᠰᠠᠨ ᠪᠡᠯᠡ ᠮᠥᠩᠭᠥ᠎ᠨᠢ 300 ᠭᠠᠷᠤᠶ ᠲᠦᠮᠡᠨ ᠲᠥᠭᠥᠷᠢᠭ᠎ᠲᠤ ᠬᠦᠷᠦᠭᠰᠡᠨ ᠰᠦᠯᠵᠢᠶᠡᠨ ᠳᠡᠭᠡᠷ᠎ᠡ ᠵᠣᠭᠣᠰ ᠮᠦᠷᠦᠢ᠌ᠴᠡᠭᠰᠡᠨ ᠬᠡᠷᠡᠭ᠎ᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-09-27

      《ᠵᠤᠨ᠎ᠤ ᠤᠯᠠᠷᠢᠯ᠎ᠤᠨ ᠠᠵᠢᠯᠯᠠᠭ᠎ᠠ》 ᠵᠢ ᠥᠷᠨᠢᠭᠦᠯᠦᠭᠰᠡᠨ᠎ᠠᠴᠠ ᠨᠠᠭ᠋ᠠᠰᠢ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠢᠯᠢ ᠵᠢᠨ ᠬᠠᠮᠢᠶᠠᠷᠤᠯᠲᠠ ᠵᠢᠨ ᠶᠡᠬᠡ ᠠᠩᠬᠢ ᠵᠢᠨ᠎ᠬᠢᠨ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ ᠵᠢ ᠨᠥᠯᠥᠭᠡᠯᠡᠭᠰᠡᠨ ᠠᠷᠠᠳ᠎ᠤᠨ ᠠᠮᠢᠳᠤᠷᠠᠯ᠎ᠤᠨ ᠬᠡᠷᠡᠭ᠎ᠢ ᠴᠢᠩᠭ᠎ᠠ ᠠᠩᠬᠠᠷᠴᠤ᠂ ᠤᠯᠠᠨ ᠲᠠᠯ᠎ᠠ᠎ᠪᠠᠷ ᠬᠦᠴᠦᠯᠡᠵᠦ᠂ ᠬᠦᠴᠦᠲᠡᠢ ᠴᠣᠬᠢᠯᠲᠠ ᠥᠭᠬᠦ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠡᠢ᠃ ᠣᠶ᠋ᠢᠷ᠎ᠠ᠎ᠳᠤ᠂ ᠰᠦᠯᠵᠢᠶᠡᠨ ᠳᠡᠭᠡᠷ᠎ᠡ ᠵᠣᠭᠣᠰ ᠮᠦᠷᠦᠢ᠌ᠴᠡᠭᠰᠡᠨ ᠬᠡᠷᠡᠭ᠎ᠢ ᠠᠮᠵᠢᠯᠲᠠ᠎ᠲᠠᠢ ᠢᠯᠡᠷᠡᠭᠦᠯᠵᠦ᠂ 1 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠵᠣᠭᠣᠰ ᠮᠦᠷᠦᠢ᠌ᠴᠡᠬᠦ᠎ᠳᠤ ᠬᠣᠯᠪᠣᠭᠳᠠᠭᠰᠠᠨ ᠪᠠᠯᠠ ᠮᠥᠩᠭᠥ ᠨᠡᠶ᠋ᠢᠲᠡ 300 ᠭᠠᠷᠤᠶ ᠲᠦᠮᠡᠨ ᠲᠥᠭᠥᠷᠢᠭ᠎ᠲᠤ ᠬᠦᠷᠴᠡᠶ᠃

5492d0c623399b4a475581ea70b4653.jpg


      ᠬᠡᠷᠡᠭ᠎ᠢ ᠢᠯᠡᠷᠡᠭᠦᠯᠬᠦ ᠬᠤᠭᠤᠴᠠᠭ᠋ᠠᠨ᠎ᠳᠤ᠂ ᠶᠡᠬᠡ ᠠᠩᠭᠢ ᠵᠢᠨ ᠬᠡᠷᠡᠭ ᠰᠢᠢ᠍ᠳᠪᠦᠷᠢᠯᠡᠬᠦ ᠠᠩᠭᠢ ᠵᠢᠨ᠎ᠬᠢᠨ ᠬᠡᠷᠡᠭ᠎ᠤᠨ ᠰᠦᠪᠡᠭᠴᠢ ᠵᠢ ᠦᠨᠳᠦᠰᠦᠯᠡᠨ᠂ ᠵᠠᠳᠠᠯᠤᠨ ᠰᠢᠨᠵᠢᠯᠡᠵᠦ᠂ ᠵᠢᠭᠰᠠᠭ᠋ᠠᠨ ᠪᠠᠶ᠋ᠢᠴᠠᠭ᠋ᠠᠵᠤ ᠠᠳᠠᠯᠢᠳᠬᠠᠬᠤ᠎ᠪᠠᠷ ᠳᠠᠮᠵᠢᠭᠤᠯᠤᠨ ᠶᠠᠯ᠎ᠠ ᠬᠢᠭᠰᠡᠨ ᠰᠡᠵᠢᠭᠳᠡᠨ᠎ᠢ ᠪᠠᠶ᠋ᠢᠴᠠᠭ᠋ᠠᠨ ᠳᠣᠲᠣᠯᠠᠭᠰᠠᠨ ᠪᠥᠭᠡᠳ 2024 ᠣᠨ᠎ᠤ 8 ᠰᠠᠷ᠎ᠠ ᠵᠢᠨ 9᠎ᠤ ᠡᠳᠦᠷ ᠶᠠᠯ᠎ᠠ ᠬᠢᠭᠰᠡᠨ ᠰᠡᠵᠢᠭᠳᠡᠨ ᠪᠠ ᠣᠪᠣᠭᠲᠤ ᠵᠢ ᠠᠮᠵᠢᠯᠲᠠ᠎ᠲᠠᠢ᠎ᠪᠠᠷ ᠪᠠᠷᠢᠪᠴᠢᠯᠠᠵᠠᠶ᠃ ᠰᠢᠭᠦᠨ ᠠᠰᠠᠭᠤᠬᠤ᠎ᠪᠠᠷ ᠳᠠᠮᠵᠢᠭ᠋ᠠᠳ᠂ ᠶᠠᠯ᠎ᠠ ᠬᠢᠭᠰᠡᠨ ᠰᠡᠵᠢᠭᠳᠡᠨ ᠪᠠ ᠣᠪᠣᠭᠲᠤ 2023 ᠣᠨ᠎ᠠᠴᠠ  ᠡᠬᠢᠯᠡᠨ᠂ ᠭᠠᠷ ᠤᠲᠠᠰᠤ᠎ᠪᠠᠨ ᠠᠰᠢᠭᠯᠠᠨ ᠰᠦᠯᠵᠢᠶᠡᠨ ᠳᠡᠭᠡᠷ᠎ᠡ ᠵᠣᠭᠣᠰ ᠮᠦᠷᠦᠢ᠌ᠴᠡᠬᠦ᠎ᠳᠤ ᠣᠷᠣᠯᠴᠠᠭᠰᠠᠨ ᠪᠥᠭᠡᠳ ᠵᠣᠭᠣᠰ ᠮᠦᠷᠦᠢ᠌ᠴᠡᠬᠦ ᠰᠦᠯᠵᠢᠶᠡᠨ᠎ᠤ ᠥᠷᠲᠡᠭᠡᠨ᠎ᠤ ᠣᠷᠣᠯᠠᠭᠴᠢ ᠪᠣᠯᠵᠤ ᠵᠣᠭᠣᠰ ᠮᠦᠷᠦᠢ᠌ᠴᠡᠬᠦ᠎ᠳᠤ ᠣᠷᠣᠯᠴᠠᠭᠴᠢ ᠲᠠᠲᠠᠵᠤ ᠥᠭᠭᠦᠭᠰᠡᠨ ᠵᠡᠷᠭᠡ ᠶᠠᠯ᠎ᠠ ᠬᠢᠭᠰᠡᠨ ᠪᠣᠳᠠᠲᠤ ᠬᠡᠷᠡᠭ ᠵᠶ᠋ᠡᠨ ᠥᠴᠢᠭᠯᠡᠨ ᠮᠡᠳᠡᠷᠡᠵᠡᠶ᠃
      ᠣᠳᠣ ᠨᠢᠭᠡᠨᠲᠡ ᠶᠠᠯ᠎ᠠ ᠬᠢᠭᠰᠡᠨ ᠰᠡᠵᠢᠭᠳᠡᠨ ᠪᠠ ᠣᠪᠣᠭᠲᠤ᠎ᠳᠤ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠬᠡᠷᠡᠭ᠎ᠢ ᠤᠯᠠᠮ ᠨᠢᠭᠡ ᠠᠯᠬᠤᠮ ᠳᠡᠩᠨᠡᠨ ᠰᠢᠢ᠍ᠳᠪᠦᠷᠢᠯᠡᠵᠦ ᠪᠠᠶ᠋ᠢᠨ᠎ᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ