ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠪᠠᠷᠠᠭᠤᠨ ᠦᠵᠦᠮᠦᠴᠢᠨ᠎ᠤ ᠳᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠰᠦᠯᠵᠢᠶᠡᠨ ᠲᠡᠭᠡᠷ᠎ᠡ ᠪᠠᠷᠢᠪᠴᠢᠯᠠᠬᠤ᠎ᠪᠠᠷ ᠵᠠᠷᠯᠠᠭᠰᠠᠨ ᠬᠦᠮᠦᠨ᠎ᠢ ᠲᠦᠷᠭᠡᠨ ᠪᠠᠷᠢᠪᠴᠢᠯᠠᠪᠠ
ᠨᠡᠶ᠋ᠢᠲᠡᠯᠡᠭᠰᠡᠨ ᠴᠠᠭ᠄ 2025-04-09

      ᠵᠢᠯ᠎ᠤᠨ ᠡᠬᠢᠨ᠎ᠳᠤ᠂ ᠰᠢᠯᠢ ᠵᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠠᠷᠢᠨ ᠲᠥᠯᠥᠪᠯᠡᠨ᠂ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠷᠢᠯᠲᠠ ᠬᠢᠵᠦ᠂ ᠴᠠᠭ᠋ᠠᠨ ᠰᠠᠷ᠎ᠠ ᠵᠢᠨ ᠪᠠᠶᠠᠷ᠎ᠤᠨ ᠡᠳᠦᠷ᠎ᠤᠨ ᠣᠨᠴᠠᠯᠢᠭ᠎ᠢ ᠴᠢᠩᠭ᠎ᠠ ᠠᠩᠬᠠᠷᠴᠤ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠣᠷᠣᠨ ᠵᠠᠶ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠵᠤ᠂ ᠨᠡᠶ᠋ᠢᠭᠡᠮ᠎ᠤᠨ ᠠᠮᠤᠷ ᠲᠦᠪᠰᠢᠨ᠎ᠤ ᠰᠠᠶ᠋ᠢᠨ ᠰᠠᠶ᠋ᠢᠬᠠᠨ ᠡᠮᠬᠢ ᠳᠢᠭᠯᠢᠮ᠎ᠢ ᠦᠨᠡᠨ ᠬᠦ᠌ ᠪᠣᠶ ᠪᠠᠲᠤᠯᠠᠪᠠ᠃

lanxin_20250206150811 拷贝.jpg


       ᠣᠢ᠌ᠷ᠎ᠠ ᠵᠢᠨ ᠡᠳᠦᠷ᠎ᠲᠤ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠦᠯᠵᠢᠶᠡᠨ᠎ᠤ ᠠᠮᠤᠷ ᠲᠦᠪᠰᠢᠨ᠎ᠤ ᠠᠷᠠᠳ᠎ᠤᠨ ᠴᠠᠭᠳᠠᠭ᠎ᠠ ᠠᠵᠢᠯ᠎ᠤᠨ ᠳᠤᠮᠳᠠ᠎ᠪᠠᠨ ᠤᠯᠠᠭ᠋ᠠᠨᠬᠠᠳᠠ ᠬᠤᠲᠠ ᠵᠢᠨ ᠪᠠᠭ᠋ᠠᠷᠢᠨ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠲᠡᠮᠳᠡᠭᠯᠡᠭᠰᠡᠨ ᠰᠦᠯᠵᠢᠶᠡᠨ ᠳᠡᠭᠡᠷ᠎ᠡ ᠪᠠᠷᠢᠪᠴᠢᠯᠠᠬᠤ᠎ᠪᠠᠷ ᠵᠠᠷᠯᠠᠭᠰᠠᠨ ᠤᠷᠭᠤᠳᠠᠭᠤᠯ ᠬᠡᠷᠡᠭᠲᠡᠨ᠎ᠨᠢ ᠪᠠᠷᠠᠭᠤᠨ ᠦᠵᠦᠮᠦᠴᠢᠨ ᠬᠤᠰᠢᠭᠤᠨ᠎ᠤ ᠬᠠᠷᠢᠶ᠎ᠠ ᠣᠷᠣᠨ᠎ᠳᠤ ᠨᠢᠭᠤᠨ ᠳᠠᠯᠳᠠᠯᠠᠵᠤ ᠪᠠᠢ᠌ᠬᠤ ᠵᠢ ᠣᠯᠵᠤ ᠮᠡᠳᠡᠵᠡᠢ᠃ ᠰᠦᠪᠡᠭᠴᠢ ᠵᠢ ᠦᠨᠳᠦᠰᠦᠯᠡᠨ᠂ ᠠᠷᠠᠳ᠎ᠤᠨ ᠴᠠᠭᠳᠠᠭ᠎ᠠ ᠲᠡᠭᠦᠨ᠎ᠤ ᠬᠥᠳᠡᠯᠭᠡᠭᠡᠨ᠎ᠤ ᠵᠢᠮ᠎ᠡ ᠶᠣᠰᠣ᠂ ᠨᠢᠭᠤᠵᠤ ᠳᠠᠯᠳᠠᠯᠠᠵᠤ ᠮᠡᠳᠡᠬᠦ ᠭᠠᠵᠠᠷ᠎ᠲᠤ ᠭᠦᠨᠵᠡᠭᠡᠶ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠬᠤ ᠵᠢᠨ ᠬᠠᠮᠲᠤ᠂ ᠬᠠᠬᠢᠷ ᠬᠦᠢ᠍ᠲᠡᠨ᠎ᠢ ᠬᠠᠶ᠋ᠢᠬᠤᠷᠤᠯ ᠥᠬᠡᠶ ᠬᠤᠯᠪᠣᠭᠳᠠᠯ ᠪᠥᠬᠦᠶ ᠭᠠᠵᠠᠷ᠎ᠲᠤ ᠭᠦᠨᠵᠡᠭᠡᠶ ᠰᠤᠷᠪᠤᠯᠵᠢᠯᠠᠨ ᠵᠢᠭᠰᠠᠭ᠋ᠠᠨ ᠪᠠᠶ᠋ᠢᠴᠠᠭ᠋ᠠᠯᠲᠠ ᠬᠢᠪᠠ᠃ ᠣᠬᠣᠷᠬᠠᠨ ᠬᠡᠳᠦᠨ ᠴᠠᠭ᠎ᠤᠨ ᠳᠣᠲᠣᠷ᠎ᠠ ᠰᠤᠳᠤᠯᠤᠨ ᠮᠠᠭ᠋ᠠᠳᠯᠠᠬᠤ᠂ ᠪᠠᠶ᠋ᠢᠴᠠᠭ᠋ᠠᠬᠤ᠂ ᠮᠥᠷᠳᠡᠬᠦ᠂ ᠰᠠᠬᠢᠨ ᠭᠡᠲᠡᠬᠦ᠎ᠪᠠᠷ ᠳᠠᠮᠵᠢᠭᠤᠯᠤᠨ᠂ ᠡᠴᠦᠰ᠎ᠲᠤ᠎ᠪᠠᠨ ᠨᠢᠭᠡᠨ ᠬᠣᠷᠢᠶᠠᠯᠠᠯ᠎ᠳᠤ ᠵᠣᠷᠢᠭᠤᠳᠠ ᠭᠡᠮᠲᠦᠭᠡᠭᠰᠡᠨ ᠬᠡᠷᠡᠭ᠎ᠲᠤ ᠬᠤᠯᠪᠣᠭᠳᠠᠭᠰᠠᠨ ᠰᠦᠯᠵᠢᠶᠡᠨ ᠳᠡᠭᠡᠷ᠎ᠡ ᠪᠠᠷᠢᠪᠴᠢᠯᠠᠬᠤ᠎ᠪᠠᠷ ᠵᠠᠷᠯᠠᠭᠰᠠᠨ ᠤᠷᠭᠤᠳᠠᠭᠤᠯ ᠬᠡᠷᠡᠭᠲᠡᠨ᠎ᠢ ᠠᠮᠵᠢᠯᠲᠠ᠎ᠲᠠᠢ ᠪᠠᠷᠢᠪᠴᠢᠯᠠᠪᠠ᠃ ᠣᠳᠣᠬᠠᠨ᠎ᠳᠤ᠂ ᠲᠣᠰ ᠬᠡᠷᠡᠭᠲᠡᠨ᠎ᠢ ᠬᠠᠤᠯᠢ ᠶᠣᠰᠣᠭ᠋ᠠᠷ ᠬᠤᠯᠪᠣᠭᠳᠠᠯ ᠪᠥᠬᠦᠶ ᠬᠡᠷᠡᠭ ᠰᠢᠢ᠍ᠳᠪᠦᠷᠢᠯᠡᠬᠦ ᠨᠢᠭᠡᠴᠢ᠎ᠳᠤ ᠰᠢᠯᠵᠢᠭᠦᠯᠦᠨ ᠲᠤᠰᠢᠶᠠᠭᠰᠠᠨ ᠪᠠᠶ᠋ᠢᠨ᠎ᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ