ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠲᠤᠮᠢᠯᠠᠭᠰᠠᠨ ᠰᠠᠯᠪᠤᠷᠢ ᠪᠠ ᠰᠤᠷᠭ᠋ᠠᠭᠤᠯᠢ ᠬᠠᠮᠲᠤᠷᠠᠨ ᠰᠦᠷᠳᠡᠭᠦᠯᠦᠯ᠎ᠢ ᠡᠰᠡᠷᠭᠦᠴᠡᠬᠦ ᠰᠣᠷᠢᠯᠲᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-11-12

      ᠣᠶ᠋ᠢᠷ᠎ᠠ᠎ᠳᠤ᠂ ᠲᠦᠩᠯᠢᠶᠣᠤ ᠬᠣᠲᠠ ᠵᠢᠨ ᠺᠠᠶ᠋ᠢᠯᠦ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠢᠶᠠᠨ ᠬᠤᠸᠠ ᠲᠣᠮᠢᠯᠠᠭᠰᠠᠨ ᠰᠠᠯᠪᠤᠷᠢ ᠬᠢᠭᠡᠳ ᠬᠠᠷᠢᠶᠠᠲᠤ ᠣᠷᠣᠨ᠎ᠤ ᠳᠤᠮᠳᠠᠳᠤ ᠰᠤᠷᠭ᠋ᠠᠭᠤᠯᠢ ᠰᠦᠷᠳᠡᠭᠦᠯᠦᠯ᠎ᠢ ᠡᠰᠡᠷᠭᠦᠴᠡᠬᠦ ᠬᠦᠴᠦᠷᠬᠡᠭᠯᠡᠯ᠎ᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠬᠢᠵᠡᠶ᠃ ᠰᠣᠷᠢᠯᠲᠠ ᠵᠢᠨ ᠠᠵᠢᠯᠯᠠᠭ᠎ᠠ᠎ᠳᠤ ᠬᠢᠲᠤᠭ᠎ᠠ ᠰᠢᠳᠠᠮ ᠪᠠᠷᠢᠭᠰᠠᠨ 2 《ᠮᠠᠭᠤ ᠡᠲᠡᠭᠡᠳ》 ᠠᠯᠪᠠ᠎ᠪᠠᠷ ᠰᠤᠷᠭ᠋ᠠᠭᠤᠯᠢ᠎ᠳᠤ ᠳᠠᠭ᠋ᠠᠷᠢᠨ ᠣᠷᠣᠬᠤ᠎ᠪᠠᠷ ᠳᠠᠭᠤᠷᠢᠶᠠᠮᠠᠯ ᠦᠵᠡᠭᠳᠡᠯ ᠪᠣᠯᠭ᠋ᠠᠪᠠ᠃ ᠴᠠᠭᠳᠠᠭ᠋ᠠᠨ᠎ᠤ ᠬᠦᠴᠦᠨ᠎ᠢ ᠲᠣᠮᠢᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠨ ᠵᠠᠶ᠋ᠢᠯᠠᠭᠤᠯᠬᠤ᠂ ᠭᠠᠳᠠᠷ ᠲᠠᠯ᠎ᠠ ᠵᠢ ᠪᠢᠲᠡᠭᠦᠮᠵᠢᠯᠡᠨ ᠡᠵᠡᠮᠳᠡᠬᠦ᠂ ᠪᠠᠭᠰᠢ ᠪᠣᠯᠤᠨ ᠠᠷᠠᠳ᠎ᠤᠨ ᠴᠠᠭᠳᠠᠭ᠎ᠠ ᠬᠠᠮᠵᠢᠯᠴᠠᠨ ᠠᠵᠢᠯᠯᠠᠬᠤ ᠵᠡᠷᠭᠡ ᠬᠢᠴᠢᠶᠡᠯ ᠲᠥᠷᠥᠯ᠎ᠢ ᠭᠣᠤᠯᠳᠠᠯᠭ᠎ᠠ᠎ᠲᠠᠢ ᠥᠷᠨᠢᠭᠦᠯᠪᠡ᠃ ᠰᠣᠷᠢᠯᠲᠠ᠎ᠳᠤ ᠲᠦᠭᠰᠢᠭᠦᠷᠢ ᠵᠢ ᠰᠢᠢ᠍ᠳᠪᠦᠷᠢᠯᠡᠬᠦ ᠶᠠᠪᠤᠴᠠ᠎ᠨᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠶ᠋ᠢᠵᠤ᠂ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠥᠪᠡᠷ᠎ᠢ᠎ᠪᠠᠨ ᠠᠪᠤᠷᠠᠬᠤ ᠴᠢᠳᠠᠪᠤᠷᠢ ᠪᠠ ᠰᠦᠷᠳᠡᠭᠦᠯᠦᠯ᠎ᠢ ᠰᠡᠷᠭᠡᠶ᠋ᠢᠯᠡᠵᠦ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠢᠱ᠌ᠢᠭᠰᠡᠨ ᠬᠠᠷᠠᠯᠲᠠ᠎ᠳᠤ᠎ᠪᠠᠨ ᠬᠦᠷᠴᠡᠶ᠃

ᠢᠷᠡᠯᠲᠡ᠄ ᠲᠦᠩᠯᠢᠶᠣᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ