ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠴᠢᠩ ᠱᠦᠶ ᠾᠧ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠡᠷᠦᠬᠡ ᠠᠮᠠ ᠵᠢᠨ ᠶᠠᠪᠤᠳᠠᠯ᠎ᠤᠨ 《ᠦᠢ᠍ᠯᠡᠴᠢᠯᠡᠭᠡᠨ᠎ᠤ ᠴᠤᠩᠬᠤᠪᠴᠢ》᠎ᠳᠤ ᠰᠠᠭᠤᠷᠢᠯᠠᠨ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠢ ᠥᠷᠭᠡᠳᠭᠡᠪᠡ
ᠨᠡᠶ᠋ᠢᠲᠡᠯᠡᠭᠰᠡᠨ ᠴᠠᠭ᠄ 2024-02-27

      ᠨᠡᠶ᠋ᠢᠭᠡᠮ᠎ᠤᠨ ᠬᠥᠭᠵᠢᠯᠲᠡ ᠳᠠᠪᠰᠢᠯᠲᠠ ᠪᠠ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠲᠠᠰᠤᠷᠠᠯᠲᠠ ᠥᠬᠡᠶ ᠭᠦᠨᠵᠡᠭᠡᠶ᠋ᠢᠷᠡᠬᠦ ᠵᠢ ᠳᠠᠭ᠋ᠠᠯᠳᠤᠨ᠂ ᠥᠷᠭᠡᠨ ᠣᠯᠠᠨ ᠠᠷᠠᠳ ᠲᠦᠮᠡᠨ ᠳᠣᠲᠣᠭ᠋ᠠᠳᠤ ᠵᠢ ᠬᠠᠮᠠᠭ᠋ᠠᠯᠠᠬᠤ ᠡᠷᠦᠬᠡ ᠠᠮᠠ ᠵᠢᠨ ᠶᠠᠪᠤᠳᠠᠯ᠎ᠤᠨ ᠠᠵᠢᠯ᠎ᠳᠤ ᠰᠢᠨ᠎ᠡ ᠬᠦᠰᠡᠯ ᠱᠠᠭ᠋ᠠᠷᠳᠠᠯᠭ᠎ᠠ᠎ᠲᠠᠢ ᠪᠣᠯᠪᠠ᠃

  

图片5.jpg


    ᠳᠣᠲᠣᠭ᠋ᠠᠳᠤ ᠵᠢ ᠬᠠᠮᠠᠭ᠋ᠠᠯᠠᠬᠤ ᠡᠷᠦᠬᠡ ᠠᠮᠠ ᠵᠢᠨ ᠦᠢ᠍ᠯᠡᠴᠢᠯᠡᠭᠡᠨ᠎ᠤ ᠴᠤᠩᠬᠤᠪᠴᠢ ᠵᠢᠨ ᠠᠷᠠᠳ᠎ᠲᠤ ᠦᠢ᠍ᠯᠡᠴᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ᠂ ᠡᠷᠦᠬᠡ ᠠᠮᠠ ᠵᠢᠨ ᠴᠠᠭᠳᠠᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠨᠡᠮᠡᠭᠳᠡᠭᠦᠯᠬᠦ ᠵᠢᠨ ᠲᠥᠯᠥᠭᠡ᠂ ᠣᠯᠠᠨ ᠲᠦᠮᠡᠨ᠎ᠳᠤ ᠦᠢ᠍ᠯᠡᠴᠢᠯᠡᠬᠦ ᠠᠷᠠᠳ᠎ᠲᠤ ᠳᠥᠭᠦᠮ ᠦᠵᠡᠭᠦᠯᠬᠦ ᠴᠤᠩᠬᠤᠪᠴᠢ᠂ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠣᠯᠪᠠᠰᠤᠨ ᠴᠤᠩᠬᠤᠪᠴᠢ᠂ ᠣᠯᠠᠨ ᠲᠦᠮᠡᠨ᠎ᠤ ᠰᠠᠨᠠᠭ᠋ᠠᠨ᠎ᠳᠤ ᠨᠡᠶ᠋ᠢᠴᠡᠭᠰᠡᠨ ᠵᠢᠱ᠌ᠢᠶ᠎ᠡ ᠦᠵᠡᠭᠦᠯᠬᠦ ᠴᠤᠩᠬᠤᠪᠴᠢ ᠪᠣᠯᠬᠤ᠎ᠪᠠᠷ ᠬᠦᠴᠦᠯᠡᠨ ᠴᠢᠷᠮᠠᠶ᠋ᠢᠵᠤ᠂ ᠴᠢᠩ ᠱᠦᠶ ᠾᠧ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠶᠡᠭᠡ ᠲᠠᠯ᠎ᠠ᠎ᠳᠤ ᠦᠢ᠍ᠯᠡᠴᠢᠯᠡᠬᠦ᠂ ᠬᠥᠭᠵᠢᠯᠲᠡ᠎ᠳᠤ ᠦᠢ᠍ᠯᠡᠴᠢᠯᠡᠬᠦ᠂ ᠣᠯᠠᠨ ᠲᠦᠮᠡᠨ᠎ᠳᠤ ᠦᠢ᠍ᠯᠡᠴᠢᠯᠡᠬᠦ ᠴᠢᠬᠤᠯᠠ ᠭᠠᠷᠳᠠᠴᠠ ᠪᠣᠯᠭ᠋ᠠᠵᠤ᠂ ᠥᠭᠡᠷᠡᠴᠢᠯᠡᠯᠲᠡ ᠵᠢᠨ ᠲᠠᠯ᠎ᠠ᠎ᠪᠠᠷ ᠲᠠᠰᠤᠷᠠᠯᠲᠠ ᠥᠬᠡᠶ ᠬᠦᠴᠦ ᠲᠠᠯᠪᠢᠵᠤ᠂ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ᠂ ᠴᠣᠩᠬᠤᠪᠴᠢ ᠵᠢᠨ ᠲᠤᠬᠠᠶ᠋ᠢᠯᠠᠭᠰᠠᠨ ᠠᠵᠢᠯ᠎ᠤᠨ ᠴᠢᠳᠠᠮᠵᠢ ᠵᠢ ᠥᠷᠭᠡᠳᠬᠡᠵᠦ᠂ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢ ᠥᠷᠭᠡᠳᠬᠡᠵᠦ᠂ ᠵᠢᠵᠢᠭ ᠴᠣᠩᠬᠤᠪᠴᠢ᠎ᠳᠤ ᠲᠦᠰᠢᠭᠯᠡᠨ᠂ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠭᠡᠵᠦ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠦᠨᠡᠨ ᠬᠦ᠌ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠨᠡᠶ᠋ᠢᠭᠡᠮ᠂ ᠣᠯᠠᠨ ᠲᠦᠮᠡᠨ᠎ᠳᠤ ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ᠂ ᠪᠣᠳᠠᠲᠤ ᠠᠰᠢᠭ ᠬᠦᠷᠳᠡᠭᠡᠪᠡ᠃

  

 

ᠢᠷᠡᠯᠲᠡ᠄ ᠬᠦᠬᠡᠬᠤᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ