ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
《ᠥᠳᠲᠡᠷ》 ᠴᠠᠭᠳᠠᠭ᠋ᠠᠨ ᠶᠠᠪᠣᠲᠠᠯ᠎ᠤᠨ ᠠᠵᠢᠯ᠎ᠤᠨ ᠥᠷᠲᠡᠭᠡ ᠵᠢ ᠡᠬᠦᠲᠥᠨ ᠪᠠᠢ᠌ᠭᠤᠯᠪᠠ
ᠨᠡᠶ᠋ᠢᠲᠡᠯᠡᠭᠰᠡᠨ ᠴᠠᠭ᠄ 2024-02-27

      ᠴᠠᠭᠳᠠᠭ᠋ᠠᠨ ᠶᠠᠪᠣᠲᠠᠯ᠎ᠤᠨ ᠠᠵᠢᠯ ᠪᠤᠯᠤᠨ ᠨᠡᠢ᠌ᠭᠡᠮ ᠲᠤᠭᠤᠷᠢᠭ᠎ᠤᠨ ᠵᠠᠰᠠᠨ ᠴᠠᠭ᠌ᠴᠠᠯᠡᠯᠲᠡ ᠵᠢᠨ ᠠᠵᠢᠯ᠎ᠢ ᠬᠠᠷᠢᠯᠴᠠᠨ ᠤᠶᠠᠯᠲᠤᠭᠤᠯᠤᠨ ᠬᠦᠨᠵᠡᠬᠡᠢ᠌ᠷᠡᠬᠦᠯᠬᠦ ᠵᠢᠨ ᠲᠤᠯᠠᠳᠠ᠂ ᠰᠦᠨᠢᠳ ᠵᠡᠬᠦᠨ ᠬᠤᠰᠢᠭᠤᠨ᠎ᠤ ᠲᠤᠲᠤᠭ᠋ᠠᠲᠤ ᠵᠢ ᠬᠠᠮᠠᠭ᠋ᠠᠯᠠᠬᠤ ᠲᠤᠪᠴᠢᠶ᠎ᠠ᠎ᠨᠢ ᠬᠠᠷᠢᠶᠠᠲᠤ ᠤᠷᠤᠨ᠎ᠤ ᠪᠠᠢ᠌ᠭ᠋ᠠᠯᠢ ᠵᠢᠨ ᠳᠠᠪᠠᠭᠤᠯᠢᠭ᠎ᠤᠨ ᠰᠠᠭᠤᠷᠢᠨ ᠳᠡᠭᠡᠷ᠎ᠡ᠂ 《ᠥᠳᠲᠡᠷ》 ᠴᠠᠭᠳᠠᠭ᠋ᠠᠨ ᠶᠠᠪᠣᠲᠠᠯ᠎ᠤᠨ ᠠᠵᠢᠯ᠎ᠤᠨ ᠥᠷᠲᠡᠭᠡ ᠵᠢ ᠡᠬᠦᠲᠥᠨ ᠪᠠᠢ᠌ᠭᠤᠯᠵᠤ᠂ 《ᠥᠳᠲᠡᠷ ᠴᠠᠭᠳᠠᠭ᠋ᠠᠨ ᠶᠠᠪᠤᠲᠠᠯ》᠎ᠤᠨ ᠠᠵᠢᠯ᠎ᠤᠨ ᠲᠤᠭᠳᠠᠴᠠ ᠵᠢ ᠴᠤᠭᠴᠠᠯᠠᠨ ᠪᠠᠢ᠌ᠭᠤᠯᠵᠤ᠂ ᠴᠠᠭᠳᠠᠭ᠋ᠠᠨ᠎ᠤ ᠲᠥᠷᠥᠯ ᠬᠠᠮᠲᠤᠷᠠᠭᠰᠠᠨ᠂ ᠴᠠᠭᠳᠠᠭ᠎ᠠ ᠠᠷᠠᠳ ᠬᠠᠮᠲᠤᠷᠠᠭᠰᠠᠨ ᠦᠢ᠍ᠯᠡᠴᠢᠯᠡᠭᠡ ᠵᠢ ᠠᠬᠢᠭᠤᠯᠤᠨ᠂ ᠠᠷᠠᠳ ᠲᠥᠮᠡᠨ᠎ᠳᠤ ᠦᠢ᠍ᠯᠡᠴᠢᠯᠡᠬᠦ ᠠᠵᠢᠯ᠎ᠤᠨ ᠬᠦᠴᠤᠯᠡᠴᠡ᠎ᠪᠠᠨ ᠤᠯᠠᠮ ᠴᠢᠩᠭ᠋ᠠᠷᠠᠭᠤᠯᠪᠠ᠃

20240123155998959895.jpg    


    ᠰᠦᠨᠢᠳ ᠵᠡᠬᠦᠨ ᠬᠤᠰᠢᠭᠤᠨ᠎ᠤ ᠲᠤᠲᠤᠭ᠋ᠠᠲᠤ ᠵᠢ ᠬᠠᠮᠠᠭ᠋ᠠᠯᠠᠬᠤ ᠲᠤᠪᠴᠢᠶᠠᠨ᠎ᠤ 《ᠥᠳᠲᠡᠷ》 ᠴᠠᠭᠳᠠᠭ᠋ᠠᠨ ᠶᠠᠪᠣᠲᠠᠯ᠎ᠤᠨ ᠠᠵᠢᠯ᠎ᠤᠨ ᠥᠷᠲᠡᠭᠡ᠎ᠨᠢ ᠬᠠᠷᠢᠶᠠᠲᠤ ᠤᠷᠤᠨ᠎ᠤ ᠳᠤᠮᠢᠯᠠᠭᠰᠠᠨ ᠰᠠᠯᠪᠤᠷᠢ᠎ᠪᠠᠷ ᠭᠤᠤᠯᠯᠠᠭᠴᠢ ᠬᠦᠴᠦᠨ ᠪᠤᠯᠠᠭ᠋ᠠᠨ᠂ ᠣᠨᠴᠠ ᠲᠥᠷᠥᠯ᠎ᠤᠨ ᠴᠠᠭᠳᠠᠭ᠋ᠠᠨ ᠠᠩᠭᠢ᠎ᠪᠠᠷ ᠬᠠᠪᠰᠤᠷᠭ᠋ᠠᠨ᠂ ᠰᠠᠢ᠌ᠨ ᠳᠤᠷ᠎ᠠ ᠵᠢᠨ ᠴᠠᠭᠳᠠᠭ᠎ᠠ᠎ᠪᠠᠷ ᠳᠣᠰᠠᠯᠠᠮᠵᠢ ᠪᠤᠯᠭ᠋ᠠᠭᠰᠠᠨ᠂ 100 ᠭᠠᠷᠤᠢ ᠬᠣᠷᠰᠢᠶ᠎ᠠ ᠳᠠᠯᠬᠡᠬᠦᠷ᠂ 1 ᠮᠠᠰᠢᠨ ᠲᠡᠷᠭᠡᠨ᠎ᠤ ᠥᠷᠳᠡᠭᠡ ᠪᠠ 2 ᠰᠠᠭᠤᠭ᠋ᠠᠯᠢ ᠠᠷᠠᠳ᠎ᠤᠨ ᠲᠤᠭᠤᠷᠢᠭ 3000 ᠢᠯᠡᠬᠦᠦ ᠡᠷᠥᠬᠡ᠂ ᠡᠲᠤᠢ ᠲᠡᠲᠤᠢ ᠵᠤᠴᠢᠳ᠎ᠤᠨ ᠪᠠᠭᠤᠲᠠᠯ᠂ ᠬᠤᠭᠤᠯᠠᠨ ᠭᠡᠷ ᠵᠡᠷᠭᠡ ᠳᠠᠯᠠᠪᠤᠷ᠎ᠢ ᠪᠥᠷᠬᠦᠭᠦᠯᠵᠦ᠂ ᠪᠦᠬᠦ ᠤᠷᠤᠨ ᠵᠠᠢ ᠪᠦᠬᠦ ᠶᠠᠪᠤᠴᠠ᠎ᠳᠤ ᠠᠮᠤᠷ᠎ᠢ ᠬᠠᠮᠠᠭ᠋ᠠᠯᠠᠬᠤ ᠴᠠᠭᠳᠠᠨ ᠰᠡᠷᠭᠡᠢ᠌ᠯᠡᠬᠦ ᠳᠠᠪᠠᠭᠤᠯᠢᠭ ᠵᠶ᠋ᠠᠨ ᠪᠠᠲᠠᠷᠠᠭᠤᠯᠵᠤ᠂ ᠴᠠᠭᠳᠠᠭ᠎ᠠ᠎ᠲᠠᠢ ᠠᠭᠤᠯᠵᠠᠬᠤ ᠨᠤᠷᠮ᠎ᠠ ᠵᠢ ᠳᠡᠭᠡᠭᠰᠢᠯᠡᠬᠦᠯᠦᠨ᠂ ᠬᠠᠷᠢᠶᠠᠲᠤ ᠤᠷᠤᠨ᠎ᠤ ᠠᠮᠤᠷ ᠳᠥᠪᠰᠢᠨ᠎ᠤ ᠪᠠᠢ᠌ᠲᠠᠯ᠎ᠢ ᠬᠠᠮᠤᠭ ᠳᠠᠷᠢᠬᠦᠨ᠎ᠳᠤ ᠡᠵᠡᠮᠲᠡᠪᠡ᠃

     ᠴᠠᠭᠳᠠᠭ᠋ᠠᠨ ᠶᠠᠪᠣᠲᠠᠯ᠎ᠤᠨ ᠠᠵᠢᠯ᠎ᠤᠨ ᠥᠷᠲᠡᠭᠡ ᠪᠠᠢ᠌ᠭᠤᠯᠤᠭᠳᠠᠭᠰᠠᠨ ᠨᠠᠭ᠋ᠠᠰᠢ᠂ ᠤᠯᠠᠨ ᠳᠥᠮᠡᠨ᠎ᠤ ᠠᠰᠠᠭᠤᠨ ᠯᠠᠪᠯᠠᠯᠲᠠ᠂ ᠳᠣᠰᠠᠯᠠᠮᠵᠢ ᠵᠢ 100 ᠭᠠᠷᠤᠢ ᠵᠢ ᠬᠦᠯᠢᠶᠠᠨ ᠠᠪᠴᠤ ᠰᠢᠢ᠍ᠳᠪᠦᠷᠢᠯᠡᠵᠦ᠂ ᠬᠦᠮᠤᠨ ᠬᠠᠷ᠎ᠠ ᠲᠥᠪᠯᠡᠷᠡᠭᠰᠡᠨ ᠭᠠᠵᠠᠷ᠎ᠲᠤ ᠴᠢᠭᠯᠡᠬᠦᠯᠦᠨ ᠪᠠᠢ᠌ᠩᠭᠤᠵᠢᠭᠤᠯᠤᠭᠰᠠᠨ ᠴᠠᠭᠳᠠᠨ ᠲᠤᠭᠤᠷᠢᠬᠤ ᠠᠵᠢᠯ ᠥᠷᠨᠢᠬᠦᠯᠥᠨ᠂ ᠭᠤᠤᠯᠳᠠᠯᠭ᠎ᠠ᠎ᠲᠠᠢ ᠲᠠᠯᠠᠪᠤᠷ᠎ᠢ 10 ᠭᠠᠷᠤᠢ ᠵᠢ ᠪᠠᠢ᠌ᠴᠠᠭ᠋ᠠᠵᠤ᠂ ᠦᠨᠡᠨ ᠬᠦ᠌ ᠤᠯᠠᠨ ᠳᠥᠮᠡᠨ᠂ ᠵᠢᠵᠢᠭ ᠪᠠᠭ᠎ᠠ ᠠᠵᠤ ᠠᠬᠤᠢ᠌ᠯᠠᠯ᠎ᠳᠤ ᠦᠢ᠍ᠯᠡᠴᠢᠯᠡᠬᠦ ᠡᠬᠦᠷᠭᠡ᠎ᠪᠠᠨ ᠪᠡᠶᠡᠯᠡᠬᠦᠯᠵᠦ᠂ ᠤᠢ᠌ᠷ᠎ᠠ ᠬᠠᠪᠢ ᠵᠢᠨ ᠠᠷᠠᠯᠵᠢᠶᠠᠨ᠎ᠤ ᠲᠠᠯᠠᠪᠤᠷ ᠵᠢᠴᠢ ᠨᠡᠢ᠌ᠭᠡᠮ᠎ᠤᠨ ᠠᠮᠤᠷ ᠳᠥᠪᠰᠢᠨ᠎ᠤ ᠡᠮᠬᠢ ᠳᠢᠭᠯᠢᠮ᠎ᠢ ᠬᠠᠮᠠᠭ᠋ᠠᠯᠠᠬᠤ᠂ ᠵᠦᠷᠢᠴᠡᠯ ᠮᠥᠷᠬᠦᠯᠲᠥᠬᠡᠨ᠎ᠢ ᠰᠠᠷᠭᠡᠢ᠌ᠯᠡᠨ ᠠᠷᠢᠯᠭ᠋ᠠᠬᠤ ᠲᠠᠯ᠎ᠠ᠎ᠪᠠᠷ ᠢᠳᠡᠪᠬᠢ ᠦᠢ᠍ᠯᠡᠲᠥᠯ ᠦᠵᠡᠭᠦᠯᠪᠡ᠃ (ᠰᠦᠨᠢᠳ ᠵᠡᠬᠦᠨ ᠬᠤᠰᠢᠭᠤᠨ᠎ᠤ ᠲᠤᠲᠤᠭ᠋ᠠᠲᠤ ᠵᠢ ᠬᠠᠮᠠᠭ᠋ᠠᠯᠠᠬᠤ ᠲᠤᠪᠴᠢᠶ᠎ᠠ ᠮᠡᠲᠡᠭᠡᠯᠡᠪᠡ)

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ