ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠠᠪᠠᠭ᠎ᠠ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠳᠥᠷᠪᠡᠨ ᠲᠠᠯ᠎ᠠ》᠎ᠠᠴᠠ ᠭᠠᠷᠳᠠᠵᠤ ᠦᠢ᠍ᠯᠡᠴᠢᠯᠡᠭᠡᠨ᠎ᠤ ᠶᠠᠰᠤ ᠴᠢᠨᠠᠷ᠎ᠢ ᠪᠥᠬᠦ ᠲᠠᠯ᠎ᠠ᠎ᠪᠠᠷ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2024-06-25

     ᠠᠪᠠᠭ᠎ᠠ ᠬᠤᠰᠢᠭᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠳᠣᠲᠣᠭ᠋ᠠᠳᠤ ᠵᠢ ᠬᠠᠮᠠᠭ᠋ᠠᠯᠠᠬᠤ ᠴᠣᠩᠬᠤᠪᠴᠢ᠎ᠨᠢ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠷᠭᠦᠯᠵᠢᠯᠡᠨ ᠪᠠᠷᠢᠮᠲᠠᠯᠠᠵᠤ᠂ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠬᠦᠴᠦᠲᠡᠶ ᠠᠬᠢᠭᠤᠯᠵᠤ᠂ ᠦᠢ᠍ᠯᠡᠴᠢᠯᠡᠭᠡᠨ᠎ᠤ ᠴᠣᠩᠬᠤᠪᠴᠢ ᠵᠢᠨ ᠬᠠᠮᠢᠶᠠᠷᠤᠯᠲᠠ ᠵᠢᠨ ᠵᠠᠭᠪᠤᠷ᠂ ᠦᠢ᠍ᠯᠡᠴᠢᠯᠡᠭᠡᠨ᠎ᠤ ᠣᠶ᠋ᠢᠯᠠᠭ᠋ᠠᠭᠳᠠᠬᠤᠨ᠎ᠢ ᠲᠠᠰᠤᠷᠠᠯᠲᠠ ᠥᠬᠡᠶ ᠰᠢᠨᠡᠴᠢᠯᠡᠨ ᠰᠠᠶ᠋ᠢᠵᠢᠷᠠᠭᠤᠯᠵᠤ᠂ 《ᠲᠦᠷᠢᠮ᠎ᠢ ᠲᠡᠭᠦᠯᠳᠡᠷᠵᠢᠭᠦᠯᠬᠦ᠂ ᠬᠤᠷᠳᠤᠴᠠ ᠵᠢ ᠳᠡᠭᠡᠭᠰᠢᠯᠡᠭᠦᠯᠬᠦ᠂ ᠣᠨᠴᠠᠯᠢᠭ᠎ᠢ ᠲᠣᠪᠤᠢ᠌ᠯᠭ᠋ᠠᠬᠤ᠂ ᠲᠣᠳᠤᠨᠤᠰᠤᠭ ᠦᠢ᠍ᠯᠡᠴᠢᠯᠡᠬᠦ》 ᠵᠡᠷᠭᠡ ᠳᠥᠷᠪᠡᠨ ᠲᠠᠯ᠎ᠠ᠎ᠠᠴᠠ ᠭᠠᠷᠳᠠᠵᠤ᠂ ᠴᠣᠩᠬᠤᠪᠴᠢ ᠦᠢ᠍ᠯᠡᠴᠢᠯᠡᠭᠡᠨ᠎ᠤ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠴᠣᠩᠬᠤᠪᠴᠢ ᠦᠢ᠍ᠯᠡᠴᠢᠯᠡᠭᠡᠨ᠎ᠤ

《ᠳᠠᠭ᠋ᠠᠭᠤᠯᠤᠭᠴᠢ》 ᠪᠣᠯᠬᠤ᠎ᠪᠠᠷ ᠴᠢᠷᠮᠠᠢ᠌ᠪᠠ᠃

2b60b306aeff1fe03db093a7265775f.jpg 


    《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ᠎ᠳᠤ ᠠᠷᠠᠳ᠎ᠲᠤ ᠲᠥᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠬᠠᠤᠯᠢ ᠲᠣᠭᠲᠠᠭ᠋ᠠᠯ ᠶᠣᠰᠣᠭ᠋ᠠᠷ᠂ ᠪᠠᠴᠢᠮ ᠶᠠᠪᠤᠳᠠᠯ᠎ᠢ ᠪᠠᠴᠢᠮ ᠰᠢᠢ᠍ᠳᠪᠦᠷᠢᠯᠡᠬᠦ᠂ ᠣᠨᠴᠠᠭ᠋ᠠᠶ ᠶᠠᠪᠤᠳᠠᠯ᠎ᠢ ᠣᠨᠴᠠᠭ᠋ᠠᠶ ᠰᠢᠢ᠍ᠳᠪᠦᠷᠢᠯᠡᠬᠦ᠂ ᠥᠨᠳᠥᠷ ᠦᠷ᠎ᠡ ᠪᠦᠲᠦᠮᠵᠢᠲᠡᠶ᠎ᠪᠠᠷ ᠭᠦᠢ᠍ᠴᠡᠳᠬᠡᠬᠦ》 ᠵᠠᠷᠴᠢᠮ᠎ᠢ ᠪᠠᠷᠢᠮᠲᠠᠯᠠᠨ᠂ 《ᠴᠢᠩᠭ᠎ᠠ᠂ ᠲᠦᠷᠭᠡᠨ᠂ ᠰᠢᠯᠢᠳᠡᠭ》 ᠭᠤᠷᠪᠠᠨ ᠦᠰᠦᠭ᠎ᠤᠨ ᠴᠢᠭᠯᠡᠯᠲᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠠᠵᠢᠯ ᠶᠠᠪᠤᠳᠠᠯ ᠭᠦᠢ᠍ᠴᠡᠳᠬᠡᠬᠦ ᠶᠠᠪᠤᠴᠠ ᠵᠢ ᠳᠥᠭᠦᠮᠴᠢᠯᠡᠬᠦ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ᠎ᠪᠠᠷ ᠡᠭᠦᠰᠭᠡᠯ ᠪᠠ ᠲᠡᠭᠦᠰᠬᠡᠯ ᠪᠣᠯᠭ᠋ᠠᠵᠤ᠂ ᠴᠣᠩᠬᠤᠪᠴᠢ ᠵᠢᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠨ᠂ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ ᠪᠠ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠴᠢᠯᠡᠭᠡᠨ᠎ᠤ ᠴᠣᠩᠬᠤᠪᠴᠢ ᠵᠢᠨ ᠰᠢᠨ᠎ᠡ ᠬᠢᠯᠠᠰ ᠴᠡᠭ᠎ᠢ ᠬᠦᠴᠦᠯᠡᠨ ᠪᠣᠶ ᠪᠣᠯᠭ᠋ᠠᠪᠠ᠃

  

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ