1 ᠳ᠋ᠦ᠍ᠭᠡᠷ ᠰᠠᠷ᠎ᠠ ᠵᠢᠨ 11᠎ᠤ ᠦᠳᠡ ᠵᠢᠨ ᠡᠮᠦᠨ᠎ᠡ᠂ ᠤᠯᠠᠭ᠋ᠠᠨᠴᠠᠪ ᠬᠤᠲᠠ ᠵᠢᠨᠢᠩ ᠲᠣᠭᠤᠷᠢᠭ᠎ᠤᠨ ᠲᠣᠳᠤᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠰᠢᠩ ᠹᠦ᠋ ᠵᠠᠮ᠎ᠤᠨ ᠲᠣᠮᠢᠯᠠᠭᠰᠠᠨ ᠰᠠᠯᠪᠤᠷᠢ ᠵᠢᠨ ᠨᠡᠶ᠋ᠢᠭᠡᠮ ᠲᠣᠭᠤᠷᠢᠭ᠎ᠤᠨ ᠴᠠᠭᠳᠠᠭ᠎ᠠ ᠱᠠᠨ ᠰᠢ ᠮᠤᠵᠢ᠎ᠠᠴᠠ ᠢᠷᠡᠭᠦᠯᠦᠭᠰᠡᠨ ᠪᠣᠭᠤᠳᠠᠯ᠎ᠢ ᠨᠡᠭᠡᠭᠡᠬᠦ᠎ᠳᠤ 《ᠠᠷᠠᠳ ᠣᠯᠠᠨ᠎ᠤ ᠶᠠᠷᠰᠢᠭ ᠲᠥᠪᠡᠭ᠎ᠠᠴᠠ ᠬᠠᠯᠠᠰᠢᠷᠠᠬᠤ ᠥᠬᠡᠶ ᠰᠠᠶ᠋ᠢᠨ ᠴᠠᠭᠳᠠᠭ᠎ᠠ ᠠᠷᠠᠳ ᠲᠦᠮᠡᠨ᠎ᠤ ᠬᠦᠷᠢᠶᠡᠯᠡᠯ᠎ᠢ ᠣᠯᠤᠮᠤᠢ》 ᠭᠡᠰᠡᠨ ᠦᠰᠦᠭ᠎ᠲᠠᠢ ᠬᠡᠮᠡᠷᠯᠢᠭ ᠲᠤᠭ ᠪᠠᠶ᠋ᠢᠪᠠ᠃
ᠤᠤᠯ᠎ᠨᠢ ᠬᠠᠷᠢᠶᠠᠲᠤ ᠣᠷᠣᠨ᠎ᠤ ᠯᠢ ᠠᠪᠠᠭ᠍ᠠᠶ ᠥᠪᠡᠷ᠎ᠤᠨ ᠴᠢᠷᠮᠠᠶ᠋ᠢᠯᠭ᠎ᠠ᠎ᠪᠠᠷ ᠵᠶ᠋ᠠᠨ ᠰᠠᠨᠠᠭ᠋ᠠᠨ᠎ᠳᠤ ᠳᠠᠭ᠋ᠠᠷᠠᠭᠰᠠᠨ ᠠᠵᠢᠯ᠎ᠤᠨ ᠨᠢᠭᠡᠴᠢ᠎ᠳᠤ ᠰᠢᠯᠭ᠋ᠠᠭᠤᠯᠤᠨ ᠤᠷᠤᠭᠰᠠᠨ᠎ᠨᠢ ᠨᠢᠭᠡᠨ ᠶᠡᠭᠡ ᠪᠠᠶᠠᠷᠲᠤ ᠶᠠᠪᠤᠳᠠᠯ ᠪᠣᠯᠤᠭᠰᠠᠨ᠃ ᠭᠡᠪᠡᠴᠦ ᠠᠯᠤᠰ ᠬᠤᠯᠠ ᠱᠠᠨ ᠰᠢ ᠮᠤᠵᠢ ᠵᠢᠨ ᠱᠥᠸᠸ ᠵᠧᠤ ᠬᠤᠲᠠ᠎ᠳᠤ ᠪᠠᠶ᠋ᠢᠭᠰᠠᠨ ᠲᠡᠷᠡ ᠮᠡᠳᠡᠭᠳᠡᠯ᠎ᠢ ᠣᠯᠤᠭᠰᠠᠨ᠎ᠤ ᠳᠠᠷᠠᠭ᠎ᠠ᠂ ᠰᠤᠷᠤᠭᠴᠢ ᠵᠢᠨ ᠢᠷᠡᠯᠲᠡ ᠵᠢᠨ ᠭᠠᠵᠠᠷ (ᠵᠢᠨᠢᠩ ᠲᠣᠭᠤᠷᠢᠭ)᠎ᠤᠨ ᠲᠣᠮᠢᠯᠠᠭᠰᠠᠨ ᠰᠠᠯᠪᠤᠷᠢ᠎ᠳᠤ ᠣᠴᠢᠵᠤ ᠬᠤᠯᠪᠣᠭᠳᠠᠯ ᠪᠦᠬᠦᠢ ᠭᠡᠷᠡᠴᠢ ᠵᠢ ᠭᠠᠷᠭ᠋ᠠᠯᠭ᠋ᠠᠬᠤ ᠬᠡᠷᠡᠭᠲᠡᠶ ᠪᠥᠭᠡᠳ ᠲᠣᠭᠲᠠᠭᠰᠠᠨ ᠬᠤᠭᠤᠴᠠᠭ᠋ᠠᠨ ᠳᠣᠲᠣᠷ᠎ᠠ ᠲᠤᠰᠢᠶᠠᠬᠤ ᠬᠡᠷᠡᠭᠲᠡᠶ ᠪᠣᠯᠪᠠ᠃ ᠡᠨᠡ᠎ᠨᠢ ᠯᠢ ᠠᠪᠠᠭ᠍ᠠᠶ ᠵᠢ ᠶᠡᠬᠡᠳᠡ ᠵᠣᠪᠠᠭ᠋ᠠᠵᠤ᠂ ᠭᠡᠷᠡᠴᠢ᠎ᠪᠠᠨ ᠲᠤᠰᠢᠶᠠᠬᠤ ᠴᠠᠭ ᠪᠠᠴᠢᠮ ᠲᠤᠯᠭ᠋ᠠᠮ᠎ᠠ ᠪᠣᠯᠬᠤᠷ ᠵᠢᠨᠢᠩ ᠲᠣᠭᠤᠷᠢᠭ᠎ᠲᠤ ᠳᠠᠷᠦ᠋ᠢ᠍ᠬᠠᠨ ᠪᠤᠴᠠᠵᠤ ᠢᠷᠡᠭᠰᠡᠨ ᠴᠦ᠍ ᠭᠠᠷᠠᠭ᠎ᠤᠨ ᠰᠡᠭᠦᠯᠴᠢ᠎ᠳᠤ ᠲᠣᠬᠢᠶᠠᠯᠳᠤᠵᠤ᠂ ᠠᠵᠢᠯ᠎ᠤᠨ ᠡᠳᠦᠷ ᠪᠢᠰᠢ ᠪᠣᠯ ᠭᠡᠷᠡᠴᠢ ᠭᠠᠷᠭ᠋ᠠᠵᠤ ᠥᠭᠬᠦ ᠵᠢᠨ ᠠᠷᠭ᠎ᠠ ᠦᠭᠡᠶ ᠪᠣᠯᠬᠤ᠎ᠠᠴᠠ ᠠᠶᠤᠵᠤ ᠪᠠᠶ᠋ᠢᠪᠠ᠃ ᠯᠢ ᠠᠪᠠᠭ᠍ᠠᠶ ᠠᠷᠭ᠎ᠠ ᠪᠤᠰᠤ ᠪᠠᠶ᠋ᠢᠳᠠᠯ᠎ᠤᠨ ᠳᠣᠤᠷ᠎ᠠ᠂ ᠰᠣᠷᠣᠭᠴᠢ ᠵᠢᠨ ᠢᠷᠡᠯᠲᠡ ᠵᠢᠨ ᠭᠠᠵᠠᠷ᠎ᠤᠨ ᠨᠡᠶ᠋ᠢᠭᠡᠮ ᠲᠣᠭᠤᠷᠢᠭ᠎ᠤᠨ ᠸᠢᠴᠠᠲ᠎ᠢ ᠠᠰᠢᠭᠯᠠᠨ ᠰᠢᠩ ᠹᠦ᠋ ᠵᠠᠮ᠎ᠤᠨ ᠲᠣᠮᠢᠯᠠᠭᠰᠠᠨ ᠰᠠᠯᠪᠤᠷᠢ ᠵᠢᠨ ᠨᠡᠶ᠋ᠢᠭᠡᠮ ᠲᠣᠭᠤᠷᠢᠭ᠎ᠤᠨ ᠴᠠᠭᠳᠠᠭ᠎ᠠ᠎ᠲᠠᠢ ᠬᠠᠷᠢᠯᠴᠠᠵᠤ᠂ ᠤᠴᠢᠷ ᠰᠢᠯᠲᠠᠭ᠋ᠠᠨ᠎ᠢ᠎ᠨᠢ ᠳᠣᠲᠤᠷᠬᠠᠢ᠌ᠯᠠᠨ ᠶᠠᠷᠢᠪᠠ᠃
ᠪᠠᠶ᠋ᠢᠳᠠᠯ᠎ᠢ ᠮᠡᠳᠡᠭᠰᠡᠨ᠎ᠤ ᠳᠠᠷᠠᠭ᠎ᠠ᠂ ᠨᠡᠶ᠋ᠢᠭᠡᠮ ᠲᠣᠭᠤᠷᠢᠭ᠎ᠤᠨ ᠠᠷᠠᠳ᠎ᠤᠨ ᠴᠠᠭᠳᠠᠭ᠎ᠠ ᠭᠠᠷᠠᠭ᠎ᠤᠨ ᠠᠮᠠᠷᠠᠯᠲᠠ᠎ᠪᠠᠨ ᠬᠠᠶᠠᠵᠤ᠂ ᠲᠡᠷᠡ ᠳᠠᠷᠤᠶᠳᠤᠨᠢ ᠲᠣᠮᠢᠯᠠᠭᠰᠠᠨ ᠰᠠᠯᠪᠤᠷᠢ᠎ᠳᠤ᠎ᠪᠠᠨ ᠢᠷᠡᠵᠦ᠂ ᠯᠢ ᠠᠪᠠᠭ᠍ᠠᠶ ᠵᠢ ᠬᠠᠪᠰᠤᠷᠤᠨ ᠬᠤᠯᠪᠣᠭᠳᠠᠯ ᠪᠦᠬᠦᠢ ᠭᠡᠷᠡᠴᠢ ᠵᠢ ᠭᠠᠷᠭ᠋ᠠᠵᠤ ᠥᠭᠭᠦᠭᠰᠡᠨ ᠪᠥᠭᠡᠳ ᠱᠠᠨ ᠰᠢ ᠵᠢᠨ ᠱᠦᠸᠸ ᠵᠧᠤ ᠬᠤᠲᠠ᠎ᠳᠤ ᠪᠠᠶ᠋ᠢᠭ᠎ᠠ ᠯᠢ ᠠᠪᠠᠭ᠍ᠠᠶ᠎ᠳᠤ ᠰᠢᠦᠳᠠᠨ ᠵᠶ᠋ᠠᠷ ᠢᠯᠡᠭᠡᠪᠡ᠃ ᠯᠢ ᠠᠪᠠᠭ᠍ᠠᠶ ᠭᠡᠷᠡᠴᠢᠯᠡᠯ᠎ᠢ ᠣᠯᠤᠭᠰᠠᠨ᠎ᠤ ᠳᠠᠷᠠᠭ᠎ᠠ ᠶᠡᠬᠡᠳᠡ ᠰᠡᠳᠬᠢᠯ ᠬᠥᠳᠡᠯᠵᠦ᠂ ᠰᠢᠩ ᠹᠦ᠋ ᠵᠠᠮ᠎ᠤᠨ ᠲᠣᠮᠢᠯᠠᠭᠰᠠᠨ ᠰᠠᠯᠪᠤᠷᠢ ᠵᠢᠨ ᠠᠷᠠᠳ᠎ᠤᠨ ᠲᠥᠯᠥᠭᠡ ᠪᠣᠳᠠᠲᠤ ᠠᠵᠢᠯ ᠬᠢᠵᠦ ᠪᠠᠶ᠋ᠢᠭ᠎ᠠ ᠠᠵᠢᠯ᠎ᠤᠨ ᠰᠤᠷᠲᠠᠯ᠎ᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠭᠰᠠᠨ ᠪᠥᠭᠡᠳ ᠬᠡᠮᠡᠷᠯᠢᠭ ᠲᠤᠭ ᠢᠯᠡᠭᠡᠭᠡᠳ ᠲᠠᠯᠠᠷᠬᠠᠵᠤ ᠪᠠᠶ᠋ᠢᠬᠤ᠎ᠪᠠᠨ ᠢᠯᠡᠳᠭᠡᠪᠡ᠃